ᠴᠠᠭ ᠲᠥᠷᠥ ᠶᠢᠨ ᠦᠢᠮᠡᠭᠡᠨ – ᠳ᠋᠂ ᠨᠠᠮᠲᠠᠭ- ᠴᠠᠭ ᠲᠥᠷᠥ ᠶᠢᠨ ᠦᠢᠮᠡᠭᠡᠨ᠂ᠭᠤᠷᠪᠠᠳᠤᠭᠠᠷ ᠪᠦᠯᠦᠭ 〔ᠬᠣᠷᠢᠨ ᠭᠤᠷᠪᠠ〕 Цаг төрийн үймээн – Д ᠂ Намдаг - Цаг төрийн үймээн ᠂ гуравдугаар бүлэг - 23 ᠲᠤᠭᠤᠵᠢ ᠷᠣᠮᠠᠨ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠠᠭ ᠲᠥᠷᠥ ᠶᠢᠨ ᠦᠢᠮᠡᠭᠡᠨ – ᠳ᠋᠂ ᠨᠠᠮᠲᠠᠭ- ᠴᠠᠭ ᠲᠥᠷᠥ ᠶᠢᠨ ᠦᠢᠮᠡᠭᠡᠨ᠂ᠭᠤᠷᠪᠠᠳᠤᠭᠠᠷ ᠪᠦᠯᠦᠭ 〔ᠬᠣᠷᠢᠨ ᠭᠤᠷᠪᠠ〕 Цаг төрийн үймээн – Д ᠂ Намдаг - Цаг төрийн үймээн ᠂ гуравдугаар бүлэг - 23

ᠴᠠᠭ ᠲᠥᠷᠥ ᠶᠢᠨ ᠦᠢᠮᠡᠭᠡᠨ – ᠳ᠋᠂ ᠨᠠᠮᠲᠠᠭ- ᠴᠠᠭ ᠲᠥᠷᠥ ᠶᠢᠨ ᠦᠢᠮᠡᠭᠡᠨ᠂ᠭᠤᠷᠪᠠᠳᠤᠭᠠᠷ ᠪᠦᠯᠦᠭ 〔ᠬᠣᠷᠢᠨ ᠭᠤᠷᠪᠠ〕 Цаг төрийн үймээн – Д ᠂ Намдаг - Цаг төрийн үймээн ᠂ гуравдугаар бүлэг - 23

ᠠᠩᠭᠢᠯᠠᠯ:ᠲᠤᠭᠤᠵᠢ ᠷᠣᠮᠠᠨ
2026-03-20

70

ᠡᠴᠦᠰ ᠦ᠋ᠨ ᠬᠥᠮᠦᠨ


       ᠥᠨᠳᠥᠷ ᠳᠠᠮᠫᠢᠯ ᠠ᠋ᠴᠠ ᠬᠣᠢᠰᠢ ᠲᠠᠪᠤᠨ ᠬᠣᠨᠣᠭ ᠤ᠋ᠨ ᠳᠠᠷᠠᠭ᠎ᠠ ᠳᠣᠷᠵᠢ ᠳᠠᠷᠤᠭ᠎ᠠ ᠲᠠᠢ ᠪᠢᠴᠢᠬᠠᠨ ᠠᠩᠭᠢ ᠳᠠᠢᠰᠤᠨ ᠤ᠋ ᠲᠠᠯ᠎ᠠ ᠶ᠋ᠢᠨ ᠨᠢᠭᠡ ᠬᠥᠮᠦᠨ ᠢ᠋ ᠪᠠᠷᠢᠵᠤ ᠠᠪᠤᠯ᠎ᠠ᠃ ᠲᠡᠷᠡ ᠡᠷ᠎ᠡ ᠶ᠋ᠢᠨ ᠭᠠᠳᠠᠭᠠᠳᠤ ᠪᠠᠢᠳᠠᠯ ᠪᠦᠳᠦᠭᠦᠨ ᠪᠣᠯᠬᠢ᠂ ᠪᠢᠷ᠎ᠠ ᠴᠢᠳᠠᠯ ᠢ᠋ᠶ᠋ᠠᠷ ᠪᠠᠭᠠᠪᠠᠭᠠᠢ ᠰᠢᠭ᠋ ᠪᠠᠢᠪᠠᠴᠤ ᠵᠠᠩ ᠴᠢᠨᠠᠷ ᠨᠢ ᠬᠣᠨᠢ ᠰᠢᠭ᠋ ᠨᠣᠮᠣᠬᠠᠨ ᠪᠥᠭᠡᠳ ᠬᠣᠨᠢᠨ ᠬᠡᠯᠪᠡᠷᠢ ᠶ᠋ᠢᠨ ᠬᠦᠷᠡᠩ ᠰᠢᠷᠭᠠᠯ ᠨᠢᠳᠦ ᠪᠡᠷ ᠢ᠋ᠶ᠋ᠡᠨ ᠡᠨᠡ ᠲᠡᠷᠡ ᠶ᠋ᠢ ᠭᠥᠯᠢᠷᠡᠨ ᠰᠢᠷᠲᠡᠨ᠎ᠡ᠃ ᠬᠡᠯᠡᠬᠦ ᠬᠥᠳᠡᠯᠬᠦ ᠴᠥᠮ ᠤᠳᠠᠭᠠᠨ᠂ ᠦᠢᠯᠡ ᠬᠡᠷᠡᠭ ᠢ᠋ᠶ᠋ᠡᠨ ᠬᠥᠰᠢᠭᠦᠨ ᠬᠡᠯᠡ ᠪᠡᠷ ᠦᠭᠡ ᠪᠦᠷᠢ ᠶ᠋ᠢ ᠵᠥᠭᠡᠭᠡᠵᠦ ᠲᠠᠯᠪᠢᠨ ᠲᠣᠳᠣᠷᠬᠠᠢᠯᠠᠭᠰᠠᠨ ᠠ᠋ᠴᠠ ᠨᠢ ᠦᠵᠡᠬᠦ ᠳ᠋ᠦ᠍ ᠪᠢᠳᠡᠨ ᠦ᠌ ᠴᠡᠷᠢᠭ ᠲᠦ᠍ ᠪᠠᠷᠢᠭᠳᠠᠨ ᠣᠷᠣᠭᠰᠠᠭᠠᠷ ᠵᠢᠯ ᠰᠢᠬᠠᠵᠤ ᠪᠠᠢᠭ᠎ᠠ ᠠᠵᠢ᠃ ᠬᠥᠮᠦᠨ ᠪᠣᠯᠤᠭᠰᠠᠭᠠᠷ ᠡᠴᠦᠰ ᠦ᠋ᠨ ᠡᠳᠦᠷ ᠦ᠋ᠳ ᠢ᠋ ᠬᠦᠷᠲᠡᠯ᠎ᠡ ᠬᠤᠪᠢ ᠵᠠᠶᠠᠭ᠎ᠠ ᠪᠠᠨ ᠪᠤᠰᠤᠳ ᠲᠤ ᠮᠡᠳᠡᠭᠦᠯᠦᠨ ᠶᠠᠪᠤᠭᠰᠠᠨ ᠠ᠋ᠴᠠ ᠥᠭᠡᠷ᠎ᠡ ᠶᠠᠭᠤ ᠴᠦ᠍ ᠦᠭᠡᠢ ᠠᠲᠠᠯ᠎ᠠ《ᠨᠠᠳᠠ ᠳᠠᠷᠤᠯᠠᠭᠳᠠᠵᠤ ᠶᠠᠪᠤᠭᠰᠠᠨ ᠤᠳᠠᠭ᠎ᠠ ᠦᠭᠡᠢ》 ᠭᠡᠵᠦ ᠥᠴᠢᠭ ᠮᠡᠳᠡᠭᠦᠯᠦᠨ᠎ᠡ᠃ ᠡᠭᠦᠨᠴᠢᠯᠡᠨ ᠬᠠᠷ᠎ᠠ ᠪᠠᠭ᠎ᠠ ᠠ᠋ᠴᠠ ᠪᠠᠨ ᠪᠤᠰᠤᠳ ᠲᠤ ᠵᠠᠷᠤᠴᠠᠯᠠᠭᠳᠠᠭᠠᠳ ᠦᠰᠦ ᠲᠡᠢ ᠳᠡᠪᠡᠯ ᠳᠡᠭᠡᠷ᠎ᠡ ᠲᠠᠲᠠᠬᠤ᠂ ᠭᠠᠭᠴᠠ ᠳᠡᠪᠡᠯ ᠦ᠋ᠨ ᠥᠩᠭᠡ ᠣᠯᠵᠤ ᠪᠠᠢᠭᠰᠠᠨ ᠤᠳᠠᠭ᠎ᠠ ᠦᠭᠡᠢ ᠪᠠᠢᠬᠤ ᠠᠲᠠᠯ᠎ᠠ《ᠪᠢ ᠪᠤᠰᠤᠳ ᠲᠤ ᠮᠥᠯᠵᠢᠭᠳᠡᠵᠦ ᠶᠠᠪᠤᠭᠰᠠᠨ ᠤᠳᠠᠭ᠎ᠠ ᠦᠭᠡᠢ》 ᠭᠡᠵᠦ ᠮᠡᠳᠡᠭᠦᠯᠦᠨ᠎ᠡ᠃ 
       — ᠢᠩᠭᠢᠬᠦ ᠳ᠋ᠦ᠍ ᠴᠢ ᠴᠣᠬᠣᠮ ᠬᠡᠨ ᠦ᠌ ᠲᠥᠯᠥᠭᠡ ᠭᠡᠵᠦ᠂ ᠪᠢᠳᠡᠨ ᠦ᠌ ᠡᠰᠡᠷᠭᠦ ᠶᠠᠪᠤᠵᠤ ᠪᠠᠢᠪᠠ? ᠭᠡᠬᠦ ᠳ᠋ᠦ᠍᠂ 
       — ᠶᠠᠭᠠᠬᠢᠬᠤᠪ᠂ ᠳᠡᠭᠡᠳᠦ ᠳᠠᠷᠤᠭ᠎ᠠ ᠨᠣᠶᠠᠳ ᠤ᠋ᠨ ᠢ᠋ᠶ᠋ᠠᠨ ᠲᠥᠯᠥᠭᠡ ᠭᠡᠵᠦ ᠬᠡᠨᠡᠭ ᠦᠭᠡᠢ ᠬᠠᠷᠢᠭᠤᠯᠤᠨ᠎ᠠ᠃ 
       — ᠲᠡᠭᠡᠭᠡᠳ ᠴᠢ ᠬᠡᠴᠢᠨᠡᠭᠡᠨ ᠬᠥᠮᠦᠨ ᠠᠯᠠᠪᠠ? ᠭᠡᠬᠦ ᠳ᠋ᠦ᠍᠄ 
       — ᠮᠡᠳᠡᠬᠦ ᠦᠭᠡᠢ᠃ 
       — ᠶᠠᠭᠠᠬᠢᠭᠠᠳ ᠮᠡᠳᠡᠳᠡᠭ ᠦᠭᠡᠢ ᠶᠦᠮ ᠪᠣᠢ? ᠭᠡᠬᠦ ᠳ᠋ᠦ᠍ ᠳᠣᠷᠣᠭᠰᠢ ᠰᠢᠷᠳᠡᠨ ᠬᠠᠮᠠᠷ ᠱᠤᠤᠬᠢᠲᠤᠨᠠᠭᠤᠯᠤᠨ ᠪᠣᠳᠣᠭᠠᠳ᠂ 
       — ᠪᠢ ᠪᠤᠰᠤᠳ ᠤ᠋ᠨ ᠠᠳᠠᠯᠢ ᠫᠤᠤᠳᠠᠵᠤ ᠶᠠᠪᠤᠭᠰᠠᠨ ᠪᠣᠯᠪᠠᠴᠤ ᠬᠠᠷᠠᠭ᠎ᠠ ᠲᠣᠬᠢᠷᠠᠭᠤᠯᠤᠨ ᠱᠠᠬᠠᠢᠵᠤ ᠦᠵᠡᠭᠡ ᠦᠭᠡᠢ ᠪᠣᠯᠤᠭᠠᠳ ᠮᠡᠳᠡᠬᠦ ᠦᠭᠡᠢ ᠪᠠᠢᠨ᠎ᠠ ᠭᠡᠵᠦ ᠬᠠᠷᠢᠭᠤᠯᠪᠠ᠃ 
       — ᠵᠠ ᠴᠢᠮ᠎ᠠ ᠳ᠋ᠤ᠌ ᠲᠤᠯᠭᠠᠨ ᠬᠡᠯᠡᠯᠴᠡᠬᠦ ᠶᠠᠯ᠎ᠠ ᠠᠯᠠᠭ᠎ᠠ᠂ ᠴᠢ ᠵᠦᠭᠡᠷ ᠡᠨᠳᠡ ᠡᠴᠡ ᠪᠡᠨ ᠣᠷᠣᠨ ᠨᠤᠲᠤᠭ ᠤᠷᠤᠭᠤ ᠪᠠᠨ ᠲᠣᠨᠢᠯ! ᠭᠡᠬᠦ ᠳ᠋ᠦ᠍᠄
       — ᠡᠵᠡᠳ ᠮᠢᠨᠢ ᠥᠷᠥᠰᠢᠶᠡ! ᠲᠥᠷᠥ ᠶ᠋ᠢᠨ ᠡᠮᠦᠨ᠎ᠡ ᠬᠢᠭᠰᠡᠨ ᠬᠡᠷᠡᠭ ᠢ᠋ᠶ᠋ᠡᠨ ᠡᠰᠡ ᠬᠡᠯᠡᠪᠡᠯ ᠬᠥᠮᠦᠨ ᠦ᠌ ᠦᠢᠯᠡᠰ ᠬᠡᠵᠢᠶᠡᠳᠡ ᠨᠠᠰᠤᠨ ᠳ᠋ᠤ᠌ ᠮᠠᠭᠤ ᠶᠠᠪᠤᠳᠠᠭ ᠶᠤᠮ ᠭᠡᠨ᠎ᠡ ᠪᠢᠯᠡ᠃ ᠪᠢ ᠴᠦ᠍ ᠪᠠᠰᠠ ᠬᠥᠮᠦᠨ ᠠᠯᠠᠭᠰᠠᠨ ᠶᠡᠬᠡ ᠨᠢᠭᠦᠯ ᠲᠡᠢ ᠬᠥᠮᠦᠨ ᠰᠢᠦ ᠭᠡᠳ ᠬᠡᠳᠦᠨ ᠬᠣᠨᠣᠭ ᠤ᠋ᠨ ᠡᠮᠦᠨ᠎ᠡ ᠠᠭᠤᠯᠠᠨ ᠳ᠋ᠤ᠌ ᠬᠠᠷ᠎ᠠ ᠪᠠᠭ᠎ᠠ ᠶ᠋ᠢᠨ ᠲᠠᠨᠢᠯ ᠬᠥᠮᠦᠨ ᠢ᠋ᠶ᠋ᠡᠨ ᠴᠣᠬᠢᠨ ᠠᠯᠠᠭᠰᠠᠨ ᠢ᠋ᠶ᠋ᠠᠨ ᠥᠭᠦᠯᠡᠨ ᠭᠡᠮᠰᠢᠵᠦ᠂ ᠪᠣᠯᠬᠢ ᠪᠣᠷᠭᠢᠯ ᠬᠣᠭᠣᠯᠠᠢ ᠪᠠᠷ ᠮᠡᠭᠰᠢᠨ ᠤᠬᠢᠯᠠᠪᠠ᠃ 

                  ᠲᠡᠭᠦᠰᠪᠡ᠃   

           ᠦᠰᠦᠭ ᠠᠮᠢᠯᠠᠭᠤᠯᠤᠭᠴᠢ᠄ ᠲᠩᠷᠢ ᠡᠵᠢ  
                   2026᠂3᠂3