ᠵᠠᠮ ᠤ᠋ᠨ ᠵᠠᠬ᠎ᠠZamyn zakhЗамын зах
ᠵᠠᠮ ᠤ᠋ᠨ ᠵᠠᠬ᠎ᠠ
ᠠᠷᠠᠳ ᠤ᠋ᠨ ᠳᠠᠭᠤᠤ
ᠣᠷᠳᠣᠰ ᠬᠣᠲᠠ ᠶ᠋ᠢᠨ ᠲᠤᠷᠰᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠰᠤᠷᠤᠭᠴᠢᠳ
ᠵᠠᠮ ᠤ᠋ᠨ ᠵᠠᠬ᠎ᠠ ᠶ᠋ᠢᠨ ᠵᠠᠭᠵᠠᠭᠠᠷ ᠬᠠᠯᠢᠰᠤ ᠶ᠋ᠢ
ᠴᠠᠪᠴᠢᠪᠠᠴᠤ ᠵᠠᠩ ᠢ᠋ᠶ᠋ᠠᠷ ᠢ᠋ᠶ᠋ᠠᠨ
ᠵᠢᠭᠠᠬᠠᠨ ᠪᠠᠭ᠎ᠠ ᠶ᠋ᠢᠨ ᠴᠢ ᠪᠢᠳᠡ ᠬᠣᠶᠠᠭᠤᠯᠠ ᠶ᠋ᠢ
ᠵᠠᠩᠨᠠᠪᠠᠴᠤ ᠵᠠᠩ ᠢ᠋ᠶ᠋ᠠᠷ ᠢ᠋ᠶ᠋ᠠᠨ
ᠶᠠᠷᠵᠠᠩ ᠬᠤᠯᠠᠨ ᠢ᠋ ᠣᠨᠣᠬᠤᠢ ᠣᠷᠣᠨ ᠳ᠋ᠤ᠌
ᠶᠠᠪᠠᠭᠠᠨ ᠶᠠᠪᠤᠭᠰᠠᠨ ᠳ᠋ᠤ᠌ ᠪᠠᠨ ᠳᠡᠭᠡᠷ᠎ᠡ
ᠶᠠᠯᠢᠬᠤ ᠦᠭᠡᠢ ᠬᠥᠮᠦᠨ ᠲᠡᠢ ᠬᠠᠨᠢᠯᠠᠬᠤ ᠶ᠋ᠢᠨ ᠣᠷᠣᠨ ᠳ᠋ᠤ᠌
ᠭᠠᠭᠴᠠᠭᠠᠷ ᠢ᠋ᠶ᠋ᠠᠨ ᠶᠠᠪᠤᠭᠰᠠᠨ ᠳᠡᠭᠡᠷ᠎ᠡ
ᠭᠠᠭᠴᠠᠭᠠᠷ ᠢ᠋ᠶ᠋ᠠᠨ ᠶᠠᠪᠤᠶ᠎ᠠ᠂
ᠵᠠᠩ ᠢ᠋ᠶ᠋ᠠᠷ ᠢ᠋ᠶ᠋ᠠᠨ ᠵᠠᠩ ᠢ᠋ᠶ᠋ᠠᠷ ᠢ᠋ᠶ᠋ᠠᠨ ᠨᠢᠭᠡ ᠯᠡ ᠵᠠᠩ ᠢ᠋ᠶ᠋ᠠᠷ ᠢ᠋ᠶ᠋ᠠᠨ᠃
ᠡᠷᠭᠢ ᠪᠠᠢᠭᠠᠳ ᠡᠮᠲᠡᠷᠡᠬᠦ ᠶ᠋ᠢᠨ ᠣᠷᠣᠨ ᠳ᠋ᠤ᠌
ᠡᠯᠡᠰᠦ ᠪᠣᠯᠤᠭᠠᠳ ᠰᠢᠭᠤᠷᠠᠭᠰᠠᠨ ᠳ᠋ᠠᠭᠠᠨ ᠳᠡᠭᠡᠷ᠎ᠡ
ᠡᠶᠡᠲᠡᠢ ᠪᠠᠢᠭᠠᠳ ᠡᠮᠲᠡᠷᠡᠬᠦ ᠶ᠋ᠢᠨ ᠣᠷᠣᠨ ᠳ᠋ᠤ᠌
ᠡᠭᠡᠯ ᠶᠡᠷᠦ ᠳ᠋ᠡᠭᠡᠨ ᠲᠠᠨᠢᠯᠴᠠᠬᠤ ᠦᠭᠡᠢ ᠳᠡᠭᠡᠷ᠎ᠡ
ᠬᠠᠷ᠎ᠠ ᠮᠣᠷᠢ ᠪᠠᠨ ᠣᠨᠣᠬᠤᠢ ᠶ᠋ᠢᠨ ᠣᠷᠣᠨ ᠳ᠋ᠤ᠌
ᠬᠠᠷᠢᠨ ᠶᠠᠪᠠᠭᠠᠨ ᠶᠠᠪᠤᠭᠰᠠᠨ ᠳ᠋ᠠᠭᠠᠨ ᠳᠡᠭᠡᠷ᠎ᠡ
ᠬᠠᠷᠠᠮᠴᠢ ᠬᠥᠮᠦᠨ ᠲᠡᠢ ᠬᠠᠨᠢᠯᠠᠬᠤ ᠶ᠋ᠢᠨ ᠣᠷᠣᠨ ᠳ᠋ᠤ᠌
ᠭᠠᠭᠴᠠᠭᠠᠷ ᠢ᠋ᠶ᠋ᠠᠨ ᠶᠠᠪᠤᠭᠰᠠᠨ ᠳᠡᠭᠡᠷ᠎ᠡ
ᠭᠠᠭᠴᠠᠭᠠᠷ ᠢ᠋ᠶ᠋ᠠᠨ ᠶᠠᠪᠤᠭᠰᠠᠨ ᠳᠡᠭᠡᠷ᠎ᠡ᠃
ᠦᠰᠦᠭ ᠠᠮᠢᠯᠠᠭᠤᠯᠤᠭᠴᠢ᠄ ᠤᠤᠭᠠᠨᠵᠢᠳ
ᠬᠢᠨᠠᠭᠴᠢ᠄ ᠮᠡᠷᠭᠡᠨᠪᠢᠯᠢᠭ
