ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ(2026.06) ᠱᠠᠰᠢᠨ ᠰᠢᠲᠦᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ(2026.06)

ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ(2026.06)

2026-07-04

2

ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ(2026.06)


ᠬᠠᠮᠪᠤ ᠪᠯᠠᠮ᠎ᠠ ᠳ᠋ᠠᠮᠪᠠ ᠠᠶᠤᠰᠢᠶᠸᠪ 
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ 
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ 
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ 
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ 
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
2026.06.01
ᠮᠣᠷᠢ ᠵᠢᠯ ᠂ ᠮᠣᠭᠠᠢ ᠰᠠᠷ᠎ᠠ ᠶ᠋ᠢᠨ 16 ᠤ᠋ ᠤᠯᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠬᠥᠮᠦᠰ ᠮᠥᠷᠭᠥᠯ ᠦᠢᠯᠡᠳᠴᠦ ᠶᠠᠪᠤᠨ᠎ᠠ ᠃ ᠢᠲᠡᠭᠡᠯᠲᠦ ᠪᠠᠭᠰᠢ ᠄ 《ᠰᠠᠢᠨ ᠦᠢᠯᠡ ᠡᠴᠡ ᠨᠣᠮ ᠤ᠋ᠨ ᠭᠦᠨ ᠤᠬᠠᠭᠠᠨ ᠲᠣᠳᠣᠷᠠᠳᠠᠭ 》 ᠭᠡᠮᠡᠨ ᠠᠢᠯᠠᠳᠤᠯ᠎ᠠ᠃
2026.06.02
ᠮᠣᠷᠢ ᠵᠢᠯ ᠂ ᠮᠣᠭᠠᠢ ᠰᠠᠷ᠎ᠠ ᠶ᠋ᠢᠨ 17 ᠤ᠋ ᠤᠯᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄ 《ᠤᠬᠠᠭᠠᠨ ᠬᠣᠯᠠᠳᠠᠭ᠎ᠠ 》ᠭᠡᠨ᠎ᠡ ᠃ ᠢᠲᠡᠭᠡᠯᠲᠦ ᠪᠠᠭᠰᠢ ᠄ 《ᠥᠪᠡᠷ ᠦ᠋ᠨ ᠳᠣᠲᠣᠷ᠎ᠠ ᠪᠠᠢᠭᠰᠠᠨ ᠬᠠᠷ᠎ᠠ ᠴᠠᠭᠠᠨ ᠰᠠᠨᠠᠭ᠎ᠠ ᠶ᠋ᠢ ᠨᠣᠮᠣᠬᠠᠳᠬ᠎ᠠ 》 ᠭᠡᠮᠡᠨ ᠠᠢᠯᠠᠳᠤᠯ᠎ᠠ᠃
2026.06.03
ᠮᠣᠷᠢ ᠵᠢᠯ ᠂ ᠮᠣᠭᠠᠢ ᠰᠠᠷ᠎ᠠ ᠶ᠋ᠢᠨ 18 ᠤ᠋ ᠰᠢᠷ᠎ᠠ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠠᠮᠤᠷᠯᠢᠩᠭᠤᠢ ᠳ᠋ᠤ᠌ ᠣᠷᠣᠰᠢᠭᠠᠳ ᠰᠠᠭᠤᠨ᠎ᠠ᠃ ᠢᠲᠡᠭᠡᠯᠲᠦ ᠪᠠᠭᠰᠢ ᠄《ᠳᠠᠢᠰᠤᠨ ᠲᠣᠳᠬᠠᠷ ᠢ᠋ ᠳᠠᠷᠤᠭᠰᠠᠨ 》ᠭᠡᠮᠡᠨ ᠠᠢᠯᠠᠳᠤᠯ᠎ᠠ᠃
2026.06.04
ᠮᠣᠷᠢ ᠵᠢᠯ ᠂ ᠮᠣᠭᠠᠢ ᠰᠠᠷ᠎ᠠ ᠶ᠋ᠢᠨ 19 ᠦ᠌ ᠰᠢᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠳᠢᠶᠠᠨᠴᠢ ᠪᠯᠠᠮ᠎ᠠ ᠦᠵᠡᠭᠳᠡᠪᠡ ᠃ ᠢᠲᠡᠭᠡᠯᠲᠦ ᠬᠠᠮᠪᠤ  ᠪᠯᠠᠮ᠎ᠠ ᠄《ᠰᠡᠳᠬᠢᠯ ᠳ᠋ᠦ᠍ ᠨᠢ ᠵᠤᠯᠠ ᠪᠠᠳᠠᠷᠠᠭᠰᠠᠨ 》ᠭᠡᠮᠡᠨ ᠠᠢᠯᠠᠳᠤᠯ᠎ᠠ᠃
2026.06.05
ᠮᠣᠷᠢ ᠵᠢᠯ ᠂ ᠮᠣᠭᠠᠢ ᠰᠠᠷ᠎ᠠ ᠶ᠋ᠢᠨ 20 ᠤ᠋ ᠴᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠠᠷᠢᠭᠤᠨ ᠰᠡᠳᠬᠢᠯ ᠪᠠᠷᠢᠭᠰᠠᠨ ᠬᠥᠮᠦᠨ ᠳ᠋ᠦ᠍ ᠢᠲᠡᠭᠡᠯᠲᠦ ᠪᠠᠭᠰᠢ ᠄《 ᠦᠨᠡᠨ ᠨᠣᠮ ᠤ᠋ᠨ ᠳᠦᠷᠢ ᠦᠵᠡᠭᠦᠯ 》ᠭᠡᠮᠡᠨ ᠠᠢᠯᠠᠳᠤᠯ᠎ᠠ᠃
2026.06.06
ᠮᠣᠷᠢ ᠵᠢᠯ ᠂ ᠮᠣᠭᠠᠢ ᠰᠠᠷ᠎ᠠ ᠶ᠋ᠢᠨ 21 ᠦ᠌ ᠴᠠᠭᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠪᠤᠷᠬᠠᠨ ᠪᠠᠭᠰᠢ ᠶ᠋ᠢᠨ ᠦᠢᠯᠡ ᠳ᠋ᠦ᠍ ᠢᠳᠡᠪᠬᠢᠲᠡᠢ ᠣᠷᠣᠯᠴᠠ 》 ᠭᠡᠨ᠎ᠡ ᠃ ᠢᠲᠡᠭᠡᠯᠲᠦ ᠪᠠᠭᠰᠢ ᠄《 ᠨᠠᠰᠤᠨ ᠤ᠋ ᠡᠴᠦᠰ ᠲᠦ᠍ ᠶ᠋ᠢᠨ ᠳᠠᠪᠠᠭᠠᠨ ᠳᠡᠭᠡᠷ᠎ᠡ ᠪᠤᠷᠬᠠᠨ ᠪᠠᠭᠰᠢ ᠶ᠋ᠢᠨ ᠲᠡᠮᠳᠡᠭ ᠲᠣᠭᠲᠠᠭ᠎ᠠ 》ᠭᠡᠮᠡᠨ ᠠᠢᠯᠠᠳᠤᠯ᠎ᠠ᠃
2026.06.07
ᠮᠣᠷᠢ ᠵᠢᠯ ᠂ ᠮᠣᠭᠠᠢ ᠰᠠᠷ᠎ᠠ ᠶ᠋ᠢᠨ 22  ᠊ᠤᠨ ᠬᠠᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠪᠣᠳᠢ ᠮᠥᠷ ᠦ᠋ᠨ ᠵᠡᠷᠭᠡ ᠳ᠋ᠦ᠍ ᠶᠠᠪᠤᠨ᠎ᠠ ᠃ ᠢᠲᠡᠭᠡᠯᠲᠦ ᠪᠠᠭᠰᠢ ᠄ 《 ᠣᠷᠴᠢᠯᠠᠩ ᠤ᠋ᠨ ᠠᠮᠢᠲᠠᠳ ᠪᠡᠶ᠎ᠡ ᠪᠠᠶᠠᠨ ᠠ᠋ᠴᠠ ᠶᠡᠬᠡ ᠢᠯᠭᠠᠭ᠎ᠠ ᠦᠭᠡᠢ ᠠᠳᠠᠯᠢᠬᠠᠨ ᠨᠢᠭᠡ ᠠᠮᠢ ᠲᠠᠢ ᠨᠢᠭᠡ ᠰᠡᠳᠬᠢᠯ ᠲᠡᠢ 》ᠭᠡᠮᠡᠨ ᠠᠢᠯᠠᠳᠤᠯ᠎ᠠ᠃
2026.06.08
ᠮᠣᠷᠢ ᠵᠢᠯ ᠂ ᠮᠣᠭᠠᠢ ᠰᠠᠷ᠎ᠠ ᠶ᠋ᠢᠨ 23 ᠤ᠋ ᠬᠠᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠰᠠᠢᠨ ᠵᠠᠮ ᠳ᠋ᠤ᠌ ᠭᠠᠷᠬᠤ ᠶ᠋ᠢᠨ ᠢᠷᠦᠭᠡᠯ ᠳᠡᠯᠪᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠬᠣᠭᠣᠰᠣᠨ ᠴᠢᠨᠠᠷ ᠪᠠᠷᠢᠬᠤ ᠨᠢ ᠰᠡᠳᠬᠢᠯ ᠦ᠋ᠨ ᠴᠢᠳᠠᠯ 》 ᠭᠡᠮᠡᠨ ᠠᠢᠯᠠᠳᠤᠯ᠎ᠠ᠃
2026.06.09
ᠮᠣᠷᠢ ᠵᠢᠯ ᠂ ᠮᠣᠭᠠᠢ ᠰᠠᠷ᠎ᠠ ᠶ᠋ᠢᠨ 24 ᠦ᠌ ᠬᠥᠬᠡ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠳᠠᠷᠤᠤ ᠨᠣᠮᠣᠬᠠᠨ ᠵᠠᠩ ᠲᠠᠢ ᠬᠥᠮᠦᠨ ᠳ᠋ᠦ᠍ ᠢᠲᠡᠭᠡᠯᠲᠦ ᠪᠠᠭᠰᠢ ᠄ 《ᠰᠡᠳᠬᠢᠯ ᠦ᠋ᠨ ᠭᠦᠨ ᠳ᠋ᠦ᠍ ᠠᠶᠠᠯᠭ᠎ᠠ ᠲᠠᠢ ᠨᠣᠮ ᠤ᠋ᠨ ᠦᠷ᠎ᠡ ᠡᠴᠡ ᠮᠡᠨᠳᠦᠴᠢᠯᠡᠬᠦ》ᠭᠡᠮᠡᠨ ᠠᠢᠯᠠᠳᠤᠯ᠎ᠠ᠃
2026.06.10
ᠮᠣᠷᠢ ᠵᠢᠯ ᠂ ᠮᠣᠭᠠᠢ ᠰᠠᠷ᠎ᠠ ᠶ᠋ᠢᠨ 25 ᠤ᠋ ᠬᠥᠬᠡᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠰᠤᠷᠬᠤ ᠳᠠᠯᠠᠢ ᠰᠤᠷᠤᠭ᠎ᠠ ᠦᠭᠡᠢ ᠲᠤᠯᠠ ᠪᠠᠯᠠᠢ 》 ᠭᠡᠨ᠎ᠡ ᠃ ᠢᠲᠡᠭᠡᠯᠲᠦ ᠪᠠᠭᠰᠢ ᠄《 ᠦᠬᠦᠬᠦ ᠲᠥᠷᠥᠬᠦ ᠪᠣᠯ ᠨᠢᠰᠸᠠᠨᠢᠰ ᠤ᠋ᠨ ᠡᠷᠬᠡᠨ ᠳ᠋ᠦ᠍ 》 ᠭᠡᠮᠡᠨ ᠠᠢᠯᠠᠳᠤᠯ᠎ᠠ᠃
2026.06.11
ᠮᠣᠷᠢ ᠵᠢᠯ ᠂ ᠮᠣᠭᠠᠢ ᠰᠠᠷ᠎ᠠ ᠶ᠋ᠢᠨ 26 ᠤ᠋ ᠤᠯᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠰᠡᠳᠬᠢᠯ ᠰᠢᠨᠵᠢᠯᠡᠳᠡᠭ ᠬᠥᠮᠦᠨ ᠳ᠋ᠦ᠍ ᠢᠲᠡᠭᠡᠯᠲᠦ ᠪᠠᠭᠰᠢ ᠄《 ᠬᠡᠨ ᠴᠦ᠍ ᠢ᠎ᠠ ᠤᠴᠠᠷᠠᠬᠤ ᠪᠣᠯ ᠵᠣᠪᠠᠯᠠᠩ ᠠᠪᠴᠢᠷᠠᠵᠤ ᠪᠣᠯᠤᠨ᠎ᠠ ᠠᠯᠢᠨ ᠴᠤ᠌ ᠢ ᠎ᠠ ᠠᠮᠠ ᠭᠠᠷᠪᠠᠯ ᠳᠡᠮᠡᠢ ᠶᠠᠷᠢᠵᠤ ᠪᠣᠯᠤᠨ᠎ᠠ 》ᠭᠡᠮᠡᠨ ᠠᠢᠯᠠᠳᠤᠯ᠎ᠠ᠃
2026.06.12
ᠮᠣᠷᠢ ᠵᠢᠯ ᠂ ᠮᠣᠭᠠᠢ ᠰᠠᠷ᠎ᠠ ᠶ᠋ᠢᠨ 27 ᠤ᠋ ᠤᠯᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠵᠣᠷᠢᠭ ᠲᠠᠢ ᠬᠥᠮᠦᠨ ᠳ᠋ᠦ᠍ ᠢᠲᠡᠭᠡᠯᠲᠦ ᠪᠠᠭᠰᠢ ᠄《 ᠠᠷᠭ᠎ᠠ ᠪᠢᠯᠢᠭ ᠠᠮᠰᠠᠬᠤ ᠶ᠋ᠢᠨ ᠲᠤᠯᠠ ᠥᠪᠡᠷ ᠲᠡᠭᠡᠨ ᠦᠨᠡᠨ ᠪᠠᠢ 》ᠭᠡᠮᠡᠨ ᠠᠢᠯᠠᠳᠤᠯ᠎ᠠ᠃
2026.06.13
ᠮᠣᠷᠢ ᠵᠢᠯ ᠂ ᠮᠣᠭᠠᠢ ᠰᠠᠷ᠎ᠠ ᠶ᠋ᠢᠨ 28 ᠤ᠋ ᠰᠢᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠰᠠᠨᠠᠭ᠎ᠠ ᠵᠣᠪᠠᠳᠠᠭ ᠦᠭᠡᠢ ᠬᠥᠮᠦᠨ ᠢ᠋ ᠢᠲᠡᠭᠡᠯᠲᠦ ᠪᠠᠭᠰᠢ ᠦᠵᠡᠭᠡᠳ ᠄ 《 ᠠᠮᠤᠷᠯᠢᠩᠭᠤᠢ ᠴᠢᠨᠠᠷ 》ᠭᠡᠮᠡᠨ ᠠᠢᠯᠠᠳᠤᠯ᠎ᠠ᠃
2026.06.14
ᠮᠣᠷᠢ ᠵᠢᠯ ᠂ ᠮᠣᠭᠠᠢ ᠰᠠᠷ᠎ᠠ ᠶ᠋ᠢᠨ 29 ᠦ᠌ ᠰᠢᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
《 ᠵᠥᠪᠬᠡᠨ ᠥᠪᠡᠷ ᠦ᠋ᠨ ᠢ᠋ᠶ᠋ᠡᠨ ᠠᠮᠢ ᠶ᠋ᠢ ᠪᠣᠳᠣᠵᠤ ᠰᠠᠭᠤᠬᠤ ᠶ᠋ᠢᠨ ᠲᠥᠯᠥᠭᠡ ᠪᠤᠰᠤ ᠂ ᠬᠠᠮᠤᠭ ᠠᠮᠢᠲᠠᠨ ᠳ᠋ᠤ᠌ ᠲᠤᠰᠠᠯᠠᠬᠤ ᠶ᠋ᠢᠨ ᠲᠥᠯᠥᠭᠡ ᠬᠥᠮᠦᠨ ᠦ᠌ ᠪᠡᠶ᠎ᠡ ᠶ᠋ᠢ ᠣᠯᠵᠤ ᠲᠥᠷᠥᠳᠡᠭ 》
2026.06.15
ᠮᠣᠷᠢ ᠵᠢᠯ ᠂ ᠮᠣᠭᠠᠢ ᠰᠠᠷ᠎ᠠ ᠶ᠋ᠢᠨ 30 ᠤ᠋ ᠴᠠᠭᠠᠨ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠬᠥᠭᠵᠢᠭᠦᠯᠦᠨ ᠪᠦᠲᠦᠭᠡᠭᠴᠢ ᠠᠵᠢᠯᠴᠢ ᠬᠥᠮᠦᠨ ᠳ᠋ᠦ᠍ ᠢᠲᠡᠭᠡᠯᠲᠦ ᠪᠠᠭᠰᠢ ᠄ 《 ᠡᠮᠦᠨ᠎ᠡ ᠠᠵᠢᠯ ᠢ᠋ᠶ᠋ᠠᠨ ᠳᠦᠭᠦᠷᠭᠡᠵᠦ ᠴᠠᠭᠠᠰᠢ ᠪᠠᠨ ᠬᠥᠭᠵᠢᠬᠦ ᠶ᠋ᠢᠨ ᠲᠤᠯᠠᠳᠠ ᠣᠷᠬᠢᠬᠤ ᠶ᠋ᠢ ᠰᠤᠷ ᠠ᠋ 》 ᠭᠡᠮᠡᠨ ᠠᠢᠯᠠᠳᠤᠯ᠎ᠠ᠃
2026.06.16
ᠮᠣᠷᠢ ᠵᠢᠯ ᠂ ᠮᠣᠷᠢ ᠰᠠᠷ᠎ᠠ ᠶ᠋ᠢᠨ 1 ᠦ᠌ ᠴᠠᠭᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠯᠠᠮᠠ ᠪᠣᠳᠣᠯ ᠲᠠᠢ ᠪᠣᠯᠤᠭᠰᠠᠨ ᠤᠴᠢᠷ ᠠ᠋ᠴᠠ ᠶᠡᠬᠡ ᠵᠠᠯᠪᠠᠷᠢᠨ᠎ᠠ ᠃ ᠢᠲᠡᠭᠡᠯᠲᠦ ᠪᠠᠭᠰᠢ ᠄《ᠦᠨᠡᠨ ᠵᠣᠪᠠᠯᠠᠩ ᠠ᠋ᠴᠠ ᠭᠡᠲᠦᠯᠬᠦ ᠭᠡᠪᠡᠯ ᠬᠣᠭᠣᠰᠣᠨ ᠴᠢᠨᠠᠷ ᠪᠢᠰᠢᠯᠭ᠎ᠠ 》ᠭᠡᠮᠡᠨ ᠠᠢᠯᠠᠳᠤᠯ᠎ᠠ᠃
2026.06.17
ᠮᠣᠷᠢ ᠵᠢᠯ ᠂ ᠮᠣᠷᠢ ᠰᠠᠷ᠎ᠠ ᠶ᠋ᠢᠨ 3 ᠤ᠋ ᠬᠠᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠪᠣᠳᠢᠰᠠᠳ᠋ᠸ᠎ᠠ ᠮᠠᠨᠽᠤᠰᠢᠷᠢ ᠶ᠋ᠢᠨ ᠮᠠᠭᠲᠠᠭᠠᠯ ᠤᠩᠰᠢᠨ᠎ᠠ ᠃ ᠢᠲᠡᠭᠡᠯᠲᠦ ᠪᠠᠭᠰᠢ ᠄ 《 ᠮᠤᠩᠬᠠᠭ ᠤ᠋ᠨ ᠬᠠᠷᠠᠩᠭᠤᠢ ᠳ᠋ᠤ᠌ ᠭᠡᠷᠡᠯ ᠪᠠᠳᠠᠷᠠᠭᠤᠯᠤᠨ᠎ᠠ 》 ᠭᠡᠮᠡᠨ ᠠᠢᠯᠠᠳᠤᠯ᠎ᠠ᠃
2026.06.18
ᠮᠣᠷᠢ ᠵᠢᠯ ᠂ ᠮᠣᠷᠢ ᠰᠠᠷ᠎ᠠ ᠶ᠋ᠢᠨ 4 ᠦ᠌ ᠬᠠᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠶᠡᠬᠡ ᠳᠣᠷᠢᠭᠤᠨ ᠬᠦᠬᠢᠭᠦᠲᠠᠢ ( ᠴᠢᠳᠠᠪᠤᠷᠢ ᠲᠠᠢ ᠂ ᠪᠠᠶᠠᠷ ᠪᠠᠶᠠᠰᠬᠤᠯᠠᠩ ᠲᠠᠢ) ᠬᠥᠮᠦᠨ ᠳ᠋ᠦ᠍ ᠢᠲᠡᠭᠡᠯᠲᠦ ᠪᠠᠭᠰᠢ ᠄ 《 ᠠᠷᠢᠭᠤᠨ ᠰᠡᠳᠬᠢᠯ ᠦ᠋ᠨ ᠴᠡᠪᠡᠷ ᠢ᠋ ᠰᠠᠬᠢ 》 ᠭᠡᠮᠡᠨ ᠠᠢᠯᠠᠳᠤᠯ᠎ᠠ᠃
2026.06.19
ᠮᠣᠷᠢ ᠵᠢᠯ ᠂ ᠮᠣᠷᠢ ᠰᠠᠷ᠎ᠠ ᠶ᠋ᠢᠨ 5 ᠤ᠋ ᠬᠥᠬᠡ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠨᠢᠳᠦᠨ ᠪᠠᠯᠠᠢ ᠳ᠋ᠤ᠌ ᠨᠣᠮ ᠦᠵᠡᠭᠡᠳ ᠰᠠᠭᠤᠨ᠎ᠠ ᠃ ᠢᠲᠡᠭᠡᠯᠲᠦ ᠪᠠᠭᠰᠢ ᠄《 ᠬᠡᠢ ᠦᠵᠡᠭᠳᠡᠯ ᠦ᠋ᠨ ᠴᠢᠨᠠᠷ ᠲᠠᠨᠢᠵᠤ ᠮᠡᠳᠡᠬᠦ ᠶ᠋ᠢᠨ ᠲᠥᠯᠥᠭᠡ ᠤᠷᠤᠯᠳᠤ 》ᠭᠡᠮᠡᠨ ᠠᠢᠯᠠᠳᠤᠯ᠎ᠠ᠃
2026.06.20
ᠮᠣᠷᠢ ᠵᠢᠯ ᠂ ᠮᠣᠷᠢ ᠰᠠᠷ᠎ᠠ ᠶ᠋ᠢᠨ 6 ᠤ᠋ ᠬᠥᠬᠡᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠣᠯᠠᠨ ᠬᠥᠮᠦᠰ ᠢᠷᠡᠭᠡᠳ ᠪᠠᠢᠨ᠎ᠠ᠃ ᠢᠲᠡᠭᠡᠯᠲᠦ ᠪᠠᠭᠰᠢ ᠄《 ᠳᠡᠭᠡᠳᠦ ᠨᠣᠮ ᠤ᠋ᠨ ᠬᠤᠷᠠᠯ ᠳ᠋ᠤ᠌ ᠴᠡᠩᠭᠡᠨ ᠵᠠᠯᠠᠷᠠᠬᠳᠤᠢ 》ᠭᠡᠮᠡᠨ ᠠᠢᠯᠠᠳᠤᠯ᠎ᠠ᠃
2026.06.21
ᠮᠣᠷᠢ ᠵᠢᠯ ᠂ ᠮᠣᠷᠢ ᠰᠠᠷ᠎ᠠ ᠶ᠋ᠢᠨ 7 ᠤ᠋ ᠤᠯᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠥᠪᠡᠷ ᠦ᠋ᠨ ᠰᠡᠳᠬᠢᠯ ᠳᠣᠲᠣᠷ᠎ᠠ ᠴᠠᠭᠠᠨ ᠬᠠᠷ᠎ᠠ ᠲᠡᠩᠴᠡᠭᠦᠦ ᠪᠠᠢᠬᠤ ᠶ᠋ᠢ ᠨᠢ ᠮᠡᠳᠡᠭᠰᠡᠨ ᠬᠥᠮᠦᠨ ᠳ᠋ᠦ᠍ ᠢᠲᠡᠭᠡᠯᠲᠦ ᠪᠠᠭᠰᠢ ᠄ 《 ᠰᠡᠳᠬᠢᠯ ᠨᠣᠮᠣᠬᠠᠷᠠᠬᠤ ᠪᠣᠯ ᠠᠶᠤᠯ ᠪᠦᠭᠦᠳᠡ ᠨᠣᠮᠣᠬᠠᠷᠠᠨ᠎ᠠ 》ᠭᠡᠮᠡᠨ ᠠᠢᠯᠠᠳᠤᠯ᠎ᠠ᠃
2026.06.22
ᠮᠣᠷᠢ ᠵᠢᠯ ᠂ ᠮᠣᠷᠢ ᠰᠠᠷ᠎ᠠ ᠶ᠋ᠢᠨ 8 ᠤ᠋ ᠤᠯᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠦ᠌ ᠄ 《 ᠡᠯᠳᠡᠪ ᠬᠣᠣᠷᠯᠠᠯ ᠬᠠᠮᠢᠭ᠎ᠠ ᠠ᠋ᠴᠠ ᠪᠠᠭᠤᠳᠠᠭ ᠶᠤᠮ 》 ᠭᠡᠵᠦ ᠠᠰᠠᠭᠤᠬᠤ ᠳ᠋ᠤ᠌ ᠨᠢ ᠢᠲᠡᠭᠡᠯᠲᠦ ᠪᠠᠭᠰᠢ ᠄ 《 ᠬᠣᠣᠷᠯᠠᠯ ᠤ᠋ᠨ ᠠᠶᠤᠯ ᠲᠠᠢ ᠬᠦᠴᠦ ᠨᠢᠰᠸᠠᠨᠢᠰ ᠲᠤ᠌ ᠪᠠᠢᠨ᠎ᠠ 》ᠭᠡᠮᠡᠨ ᠠᠢᠯᠠᠳᠤᠯ᠎ᠠ᠃
2026.06.23
ᠮᠣᠷᠢ ᠵᠢᠯ ᠂ ᠮᠣᠷᠢ ᠰᠠᠷ᠎ᠠ ᠶ᠋ᠢᠨ 9 ᠦ᠌ ᠰᠢᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠮᠥᠷᠭᠥᠯ ᠦᠢᠯᠡᠳᠴᠦ ᠶᠠᠪᠤᠨ᠎ᠠ ᠃ ᠢᠲᠡᠭᠡᠯᠲᠦ ᠪᠠᠭᠰᠢ ᠄ 《 ᠰᠡᠳᠬᠢᠯ ᠢ᠋ ᠲᠠᠢᠪᠤᠩ ᠪᠣᠯᠭᠠᠭᠠᠳ ᠰᠦᠵᠢᠭ ᠲᠤᠬᠠᠢ ᠪᠢᠰᠢᠯᠭ᠎ᠠ 》ᠭᠡᠮᠡᠨ ᠠᠢᠯᠠᠳᠤᠯ᠎ᠠ᠃
2026.06.24
ᠮᠣᠷᠢ ᠵᠢᠯ ᠂ ᠮᠣᠷᠢ ᠰᠠᠷ᠎ᠠ ᠶ᠋ᠢᠨ 10 ᠤ᠋ ᠰᠢᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠣᠶᠤᠲᠠᠨ ᠬᠢᠴᠢᠶᠡᠯ ᠳ᠋ᠦ᠍ ᠣᠷᠣᠭᠠᠳ ᠪᠠᠢᠨ᠎ᠠ ᠃ ᠢᠲᠡᠭᠡᠯᠲᠦ ᠪᠠᠭᠰᠢ ᠄ 《 ᠬᠥᠮᠦᠨ ᠪᠣᠯᠤᠭᠰᠠᠨ ᠤᠴᠢᠷ ᠠ᠋ᠴᠠ ᠵᠠᠪᠠᠯ ᠪᠣᠳᠢ ᠬᠤᠲᠤᠭ ᠣᠯᠬᠤ ᠬᠡᠷᠡᠭᠲᠡᠢ 》ᠭᠡᠮᠡᠨ ᠠᠢᠯᠠᠳᠤᠯ᠎ᠠ᠃
2026.06.25
ᠮᠣᠷᠢ ᠵᠢᠯ ᠂ ᠮᠣᠷᠢ ᠰᠠᠷ᠎ᠠ ᠶ᠋ᠢᠨ 11 ᠦ᠌ ᠴᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠤᠴᠢᠷ ᠤᠳᠬ᠎ᠠ ᠶ᠋ᠢ ᠮᠡᠳᠡᠭᠰᠡᠨ ᠬᠥᠮᠦᠨ ᠳ᠋ᠦ᠍ ᠢᠲᠡᠭᠡᠯᠲᠦ ᠪᠠᠭᠰᠢ ᠄ 《 ᠤᠬᠠᠭᠠᠨ ᠵᠢᠯᠣᠭᠣᠳᠤᠭᠠᠳ ᠠᠯᠳᠠᠭ᠎ᠠ ᠦᠭᠡᠢ ᠪᠡᠷᠢ 》ᠭᠡᠮᠡᠨ ᠠᠢᠯᠠᠳᠤᠯ᠎ᠠ᠃
2026.06.26
ᠮᠣᠷᠢ ᠵᠢᠯ ᠂ ᠮᠣᠷᠢ ᠰᠠᠷ᠎ᠠ ᠶ᠋ᠢᠨ 12  ᠊ᠤᠨ ᠴᠠᠭᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠰᠠᠨᠠᠭᠰᠠᠨ ᠬᠡᠷᠡᠭ ᠢ᠋ ᠰᠠᠢᠲᠤᠷ ᠪᠦᠲᠦᠭᠡᠬᠦ ᠶ᠋ᠢᠨ ᠲᠤᠯᠠ ᠵᠠᠯᠪᠠᠷᠢᠨ᠎ᠠ ᠃ ᠢᠲᠡᠭᠡᠯᠲᠦ ᠪᠠᠭᠰᠢ ᠄ 《 ᠡᠷᠲᠡ ᠦᠢᠯᠡᠳᠦᠭᠰᠡᠨ ᠬᠢᠯᠢᠨᠴᠡ ᠪᠡᠨ ᠨᠠᠮᠠᠨᠴᠢᠯᠠ 》ᠭᠡᠮᠡᠨ ᠠᠢᠯᠠᠳᠤᠯ᠎ᠠ᠃
2026.06.27
ᠮᠣᠷᠢ ᠵᠢᠯ ᠂ ᠮᠣᠷᠢ ᠰᠠᠷ᠎ᠠ ᠶ᠋ᠢᠨ 13 ᠤ᠋ ᠬᠠᠷ᠎ᠠ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠥᠪᠡᠷ ᠲᠦ᠍ ᠪᠡᠨ ᠠᠳᠢᠰ ᠪᠠᠭᠤᠯᠭᠠᠵᠤ ᠪᠠᠢᠨ᠎ᠠ ᠃ ᠢᠲᠡᠭᠡᠯᠲᠦ ᠪᠠᠭᠰᠢ ᠄ 《 ᠢᠯᠠᠩᠭᠤᠶ᠎ᠠ ᠴᠢᠳᠠᠯ ᠶᠡᠬᠡ ᠲᠡᠢ 10 ᠳᠣᠭᠰᠢᠳ ᠵᠠᠯᠠᠷᠠᠭ᠎ᠠ 》 ᠭᠡᠮᠡᠨ ᠠᠢᠯᠠᠳᠤᠯ᠎ᠠ᠃
2026.06.28
ᠮᠣᠷᠢ ᠵᠢᠯ ᠂ ᠮᠣᠷᠢ ᠰᠠᠷ᠎ᠠ ᠶ᠋ᠢᠨ 14 ᠦ᠌ ᠬᠠᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠪᠢ ᠮᠢᠨᠦ ᠭᠡᠬᠦ ᠶᠠᠭᠤᠮ᠎ᠠ ᠦᠭᠡᠢ 》ᠭᠡᠨ᠎ᠡ ᠃ ᠢᠲᠡᠭᠡᠯᠲᠦ ᠪᠠᠭᠰᠢ ᠄ 《 ᠦᠵᠡᠨ ᠪᠡᠶ᠎ᠡ ᠦᠭᠡᠢ ᠲᠤᠯᠠ ᠦᠢᠯᠡ ᠪᠦᠲᠦᠭᠡᠭᠴᠢ ᠪᠤᠰᠤ ᠪᠣᠯᠤᠨ᠎ᠠ 》 ᠭᠡᠮᠡᠨ ᠠᠢᠯᠠᠳᠤᠯ᠎ᠠ᠃
2026.06.29
ᠮᠣᠷᠢ ᠵᠢᠯ ᠂ ᠮᠣᠷᠢ ᠰᠠᠷ᠎ᠠ ᠶ᠋ᠢᠨ 15 ᠤ᠋ ᠬᠥᠬᠡ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《ᠥᠪᠡᠷ ᠢ᠋ᠶ᠋ᠡᠨ ᠶᠠᠭᠤᠮ᠎ᠠ ᠮᠡᠳᠡᠬᠦ ᠦᠭᠡᠢ ᠪᠠᠢᠭᠠᠳ ᠬᠥᠮᠦᠨ ᠳ᠋ᠦ᠍ ᠤᠬᠠᠭᠠᠨ ᠪᠢᠲᠡᠭᠡᠢ ᠵᠢᠭ᠎ᠠ 》ᠭᠡᠨ᠎ᠡ ᠃ ᠢᠲᠡᠭᠡᠯᠲᠦ ᠪᠠᠭᠰᠢ ᠄ 《 ᠭᠦᠨ ᠨᠣᠮ ᠤ᠋ᠨ ᠦᠵᠡᠯ ᠵᠢᠭᠠᠬᠤ ᠬᠡᠷᠡᠭ ᠦᠭᠡᠢ 》ᠭᠡᠮᠡᠨ ᠠᠢᠯᠠᠳᠤᠯ᠎ᠠ᠃
2026.06.30
ᠮᠣᠷᠢ ᠵᠢᠯ ᠂ ᠮᠣᠷᠢ ᠰᠠᠷ᠎ᠠ ᠶ᠋ᠢᠨ 16 ᠤ᠋ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ  ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄ 《 ᠤᠬᠠᠭᠠᠨ ᠰᠠᠴᠤᠷᠠᠭ᠎ᠠ 》 ᠭᠡᠨ᠎ᠡ ᠃ ᠢᠲᠡᠭᠡᠯᠲᠦ ᠪᠠᠭᠰᠢ ᠄ 《 ᠡᠷᠳᠡᠮ ᠰᠤᠷᠭᠠᠯ ᠤ᠋ᠨ ᠳᠠᠯᠠᠢ ᠶ᠋ᠢᠨ ᠳᠣᠯᠭᠢᠶᠠᠨ ᠶᠡᠬᠡ 》ᠭᠡᠮᠡᠨ ᠠᠢᠯᠠᠳᠤᠯ᠎ᠠ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》  

  ᠦᠰᠦᠭ ᠠᠮᠢᠯᠠᠭᠤᠯᠤᠭᠴᠢ᠄ ᠠᠯᠲᠠᠨᠨᠠᠪᠴᠢ
  ᠬᠢᠨᠠᠭᠴᠢ᠄ ᠣᠳᠬᠠᠨᠰᠣ᠎ᠠ