1. ᠲᠡᠷᠢᠭᠦᠨ ᠨᠢᠭᠤᠷ >
  2. ᠨᠡᠪᠲᠡᠷᠡᠭᠦᠯᠭᠡ >
  3. ᠠᠯᠲᠠᠨ ᠬᠢᠯᠢ ᠶ᠋ᠢᠨ ᠲᠣᠷᠭᠠᠨ ᠮᠠᠨᠠᠭᠠᠴᠢᠨ — ᠨᠠᠶ᠋ᠢᠷ

ᠠᠯᠲᠠᠨ ᠬᠢᠯᠢ ᠶ᠋ᠢᠨ ᠲᠣᠷᠭᠠᠨ ᠮᠠᠨᠠᠭᠠᠴᠢᠨ — ᠨᠠᠶ᠋ᠢᠷ

ᠠᠩᠭᠢᠯᠠᠯ:ᠮᠡᠳᠡᠭᠡᠯᠡᠯ
2023-04-09

214

                       ᠬᠠᠮ ᠵᠠᠭᠤᠴᠢᠯᠠᠭᠤᠷ ᠤ᠋ᠨ ᠰᠤᠷᠪᠤᠯᠵᠢᠯᠠᠭᠴᠢ ᠬᠦᠰᠡᠯ

  ᠡᠬᠡ ᠤᠯᠤᠰ ᠤ᠋ᠨ ᠢ᠋ᠶ᠋ᠠᠨ ᠠᠯᠲᠠᠨ ᠬᠢᠯᠢ ᠶ᠋ᠢ ᠮᠠᠨᠠᠵᠤ ᠡᠩᠬᠡ ᠲᠠᠶ᠋ᠢᠪᠤᠩ ᠲᠥᠷᠥ ᠶ᠋ᠢ ᠴᠣᠭᠴᠠᠯᠠᠨ ᠪᠠᠶ᠋ᠢᠭᠤᠯᠬᠤ ᠳ᠋ᠤ᠌ ᠤᠷᠢ ᠵᠠᠯᠠᠭᠤ ᠨᠠᠰᠤ ᠪᠠᠨ ᠵᠣᠷᠢᠭᠤᠯᠵᠤ ᠶᠠᠪᠤᠭ᠎ᠠ ᠬᠢᠯᠢᠴᠢᠳ ᠮᠠᠭᠲᠠᠭᠤᠱᠢᠲᠠᠢ ᠃

  ᠨᠠᠶ᠋ᠢᠷ ᠪᠣᠯ ᠤᠷᠠᠳ ᠤ᠋ᠨ ᠳᠤᠮᠳᠠᠳᠤ ᠬᠤᠰᠢᠭᠤᠨ ᠤ᠋ ᠴᠣᠩᠵᠢ ᠳ᠋ᠠᠬᠢ ᠬᠢᠯᠢ ᠶ᠋ᠢᠨ ᠲᠣᠮᠢᠯᠠᠭᠰᠠᠨ ᠰᠠᠯᠪᠤᠷᠢ ᠶ᠋ᠢᠨ ᠤᠯᠤᠰ ᠲᠥᠷᠥ ᠶ᠋ᠢᠨ ᠵᠢᠭᠠᠨ ᠵᠢᠯᠣᠭᠣᠳᠤᠭᠴᠢ ᠂ ᠨᠠᠮ ᠤ᠋ᠨ ᠡᠭᠦᠷ ᠦ᠋ᠨ ᠱᠦᠵᠢ ᠶ᠋ᠢᠨ ᠲᠤᠰᠢᠶᠠᠯ ᠊ᠢ ᠬᠠᠷᠢᠭᠤᠴᠠᠵᠤ ᠪᠠᠶ᠋ᠢᠭ᠎ᠠ ᠦᠨᠳᠦᠰᠦᠨ ᠱᠠᠲᠤᠨ ᠳ᠋ᠤ᠌ ᠬᠣᠷᠢᠭᠠᠳ ᠵᠢᠯ ᠠᠵᠢᠯᠯᠠᠵᠤ ᠶᠠᠪᠤᠭᠰᠠᠨ ᠬᠢᠯᠢ ᠶ᠋ᠢᠨ ᠴᠠᠭᠳᠠᠭ᠎ᠠ ᠶᠤᠮ ᠃ ᠨᠠᠶᠠᠭᠠᠳ ᠣᠨ ᠠ᠋ᠴᠠ ᠰᠡᠭᠦᠯᠡᠷ ᠲᠥᠷᠥᠭᠰᠡᠨ ᠲᠡᠷᠡ ᠂ ᠠᠵᠢᠯ ᠳ᠋ᠤ᠌ ᠣᠷᠣᠭᠰᠠᠨ ᠠ᠋ᠴᠠ ᠪᠠᠨ ᠨᠠᠭᠠᠰᠢ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠪᠡᠷ ᠪᠡᠶ᠎ᠡ ᠪᠡᠨ ᠱᠠᠭᠠᠷᠳᠠᠵᠤ ᠂ ᠨᠠᠮ ᠤ᠋ᠨ ᠭᠡᠰᠢᠭᠦᠨ ᠦ᠌ ᠵᠢᠱ᠌ᠢᠶᠡᠴᠢ ᠳᠠᠭᠠᠭᠤᠯᠤᠭᠴᠢ ᠦᠢᠯᠡᠳᠦᠯ ᠢ᠋ᠶ᠋ᠡᠨ ᠪᠠᠳᠠᠷᠠᠭᠤᠯᠵᠤ ᠂ ᠢᠮᠠᠭᠲᠠ ᠣᠷᠭᠢᠯᠤᠮ᠎ᠠ ᠬᠠᠯᠠᠭᠤᠨ ᠠᠵᠢᠯᠯᠠᠬᠤ ᠣᠪᠣᠷ ᠢ᠋ᠶ᠋ᠠᠷ ᠠᠷᠠᠳ ᠲᠦᠮᠡᠨ ᠳ᠋ᠦ᠍ ᠦᠢᠯᠡᠴᠢᠯᠡᠵᠦ ᠂ ᠡᠭᠡᠯ ᠵᠢᠷ ᠦ᠋ᠨ ᠠᠵᠢᠯ ᠤ᠋ᠨ ᠪᠠᠶ᠋ᠢᠷᠢ ᠳᠡᠭᠡᠷ᠎ᠡ ᠪᠡᠨ ᠵᠢᠷ ᠦ᠋ᠨ ᠪᠤᠰᠤ ᠵᠢᠳᠬᠦᠯ ᠭᠠᠷᠭᠠᠨ ᠣᠯᠠᠨ ᠲᠦᠮᠡᠨ ᠦ᠌ ᠪᠡᠨ ᠢᠲᠡᠭᠡᠯ ᠬᠦᠨᠳᠦ ᠶ᠋ᠢ ᠣᠯᠵᠤ ᠂ ᠠᠷᠠᠳ ᠲᠠᠭᠠᠨ ᠬᠠᠶ᠋ᠢᠷᠠᠲᠠᠢ ᠵᠢᠭᠠᠨ ᠵᠢᠯᠣᠭᠣᠳᠤᠭᠴᠢ ᠭᠡᠰᠡᠨ ᠰᠠᠢᠬᠠᠨ ᠠᠯᠳᠠᠷ ᠲᠠᠢ ᠭᠤᠷᠪᠠᠳᠤᠭᠠᠷ ᠳᠡᠰ ᠦ᠋ᠨ ᠭᠠᠪᠢᠶ᠎ᠠ ᠶ᠋ᠢ ᠨᠢᠭᠡ ᠤᠳᠠᠭ᠎ᠠ ᠲᠡᠮᠳᠡᠭᠯᠡᠭᠦᠯᠵᠦ ᠂ ᠳᠣᠲᠣᠭᠠᠳᠤ ᠶ᠋ᠢ ᠬᠠᠮᠠᠭᠠᠯᠠᠬᠤ ᠰᠢᠰᠲ᠋ᠧᠮ ᠦ᠋ᠨ ᠲᠡᠷᠢᠭᠦᠨ ᠦ᠌ ᠬᠤᠪᠢ ᠬᠥᠮᠦᠨ ᠂ ᠰᠢᠯᠢᠳᠡᠭ ᠠᠯᠪᠠᠲᠠᠨ ᠵᠡᠷᠭᠡ ᠢᠷᠠᠭᠤ ᠠᠯᠳᠠᠷ ᠢ᠋ᠶ᠋ᠠᠷ ᠡᠩᠭᠡᠷ ᠢ᠋ᠶ᠋ᠡᠨ ᠮᠢᠯᠢᠶᠠᠯᠭᠠᠵᠤ ᠶᠠᠪᠤᠭᠰᠠᠨ ᠶᠤᠮ ᠃

  ᠠᠷᠠᠳ ᠲᠦᠮᠡᠨ ᠳ᠋ᠦ᠍ ᠦᠢᠯᠡᠴᠢᠯᠡᠬᠦ ᠪᠣᠯ ᠨᠠᠮ ᠤ᠋ᠨ ᠦᠨᠳᠦᠰᠦᠨ ᠵᠥᠷᠢᠯᠲᠡ ᠂ ᠮᠥᠨᠴᠦ ᠨᠠᠮ ᠤ᠋ᠨ ᠭᠡᠰᠢᠭᠦᠨ ᠦ᠌ ᠡᠭᠦᠷᠭᠡ ᠬᠠᠷᠭᠤᠴᠠᠯᠭ᠎ᠠ ᠮᠥᠨ ᠃ ᠨᠠᠶ᠋ᠢᠷ ᠨᠥᠬᠥᠷ ᠪᠠᠶ᠋ᠢᠭᠤᠯᠭ᠎ᠠ ᠶ᠋ᠢᠨ ᠢ᠋ᠶ᠋ᠡᠨ ᠬᠠᠷᠢᠭᠤᠴᠠᠯᠭᠠᠲᠠᠨ ᠪᠣᠯᠤᠭᠰᠠᠨ ᠤ᠋ ᠬᠤᠪᠢ ᠳ᠋ᠤ᠌ ᠵᠠᠯᠠᠭᠤ ᠴᠠᠭᠳᠠᠭ᠎ᠠ ᠨᠠᠷ ᠲᠠᠭᠠᠨ ᠬᠡᠵᠢᠶᠡᠳᠡ ᠦᠷᠦ ᠵᠢᠷᠦᠬᠡᠨ ᠳ᠋ᠡᠭᠡᠨ ᠠᠷᠠᠳ ᠣᠯᠠᠨ ᠢ᠋ᠶ᠋ᠠᠨ ᠪᠠᠭᠲᠠᠭᠠᠵᠤ ᠬᠠᠶ᠋ᠢᠷ᠎ᠠ ᠶ᠋ᠢᠨ ᠰᠡᠳᠬᠢᠯ ᠡᠪᠦᠷᠯᠡᠨ ᠣᠯᠠᠨ ᠲᠦᠮᠡᠨ ᠳ᠋ᠦ᠍ ᠦᠢᠯᠡᠴᠢᠯᠡᠬᠦ ᠬᠡᠷᠡᠭᠲᠡᠢ ᠭᠡᠵᠦ ᠰᠠᠨᠠᠭᠤᠯᠳᠠᠭ ᠃ ᠴᠣᠩᠵᠢ ᠳ᠋ᠠᠬᠢ ᠬᠢᠯᠢ ᠶ᠋ᠢᠨ ᠲᠣᠮᠢᠯᠠᠭᠰᠠᠨ ᠰᠠᠯᠪᠤᠷᠢ ᠶ᠋ᠢᠨ ᠬᠠᠷᠢᠶ᠎ᠠ ᠲᠣᠭᠣᠷᠢᠭ ᠲᠤ᠌ ᠯᠢ ᠱᠤ᠌ ᠵᠧᠨ ᠭᠡᠳᠡᠭ ᠳᠠᠯᠠᠨ ᠨᠠᠰᠤ ᠶ᠋ᠢ ᠳᠠᠪᠠᠭᠰᠠᠨ ᠭᠤᠨᠢ ᠪᠡᠶ᠎ᠡ ᠨᠠᠰᠤᠳᠠ ᠪᠠᠶ᠋ᠢᠲᠠᠭ ᠊ᠢ ᠮᠡᠳᠡᠭᠡᠳ ᠪᠠᠶᠠᠷ ᠳᠤᠷᠠᠰᠬᠠᠯ ᠤ᠋ᠨ ᠡᠳᠦᠷ ᠪᠣᠯᠬᠤ ᠪᠦᠷᠢ ᠥᠪᠡᠷ ᠢ᠋ᠶ᠋ᠡᠨ ᠵᠣᠭᠣᠰ ᠭᠠᠷᠭᠠᠨ ᠲᠡᠭᠦᠨ ᠊ᠢ ᠬᠠᠪᠰᠤᠷᠤᠨ ᠭᠤᠯᠢᠷ ᠲᠣᠰᠣ ᠵᠡᠷᠭᠡ ᠠᠮᠢᠳᠤᠷᠠᠯ ᠤ᠋ᠨ ᠪᠣᠳᠠᠰ ᠊ᠢ ᠨᠢ ᠠᠪᠴᠤ ᠥᠭ᠍ᠳᠡᠭ ᠪᠥᠭᠡᠳ ᠰᠡᠳᠬᠢᠯ ᠰᠠᠨᠠᠭᠠᠨ ᠤ᠋ ᠲᠠᠯ᠎ᠠ ᠪᠠᠷ ᠴᠤ᠌ ᠵᠣᠷᠢᠭᠵᠢᠭᠤᠯᠤᠯ ᠥᠭᠴᠦ ᠂ ᠨᠠᠮ ᠵᠠᠰᠠᠭ ᠤ᠋ᠨ ᠬᠠᠯᠠᠮᠵᠢ ᠪᠠᠶ᠋ᠢᠬᠰᠠᠨ ᠴᠠᠭ ᠲᠤ᠌ ᠠᠮᠢᠳᠤᠷᠠᠯ ᠳ᠋ᠤ᠌ ᠪᠠᠨ ᠢᠲᠡᠭᠡᠯ ᠲᠡᠢ ᠪᠠᠶ᠋ᠢᠭᠠᠷᠠᠢ ᠭᠡᠵᠦ ᠢᠲᠡᠭᠡᠯ ᠬᠦᠴᠦᠨ ᠣᠯᠭᠣᠳᠠᠭ ᠰᠠᠨ ᠃ ᠤᠳᠠᠭ᠎ᠠ ᠪᠦᠷᠢ ᠬᠥᠳᠡᠭᠡ ᠪᠠᠭᠤᠬᠤ ᠳ᠋ᠠᠭᠠᠨ ᠨᠠᠶ᠋ᠢᠷ ᠨᠥᠬᠥᠷ ᠬᠠᠷᠢᠶ᠎ᠠ ᠲᠣᠭᠣᠷᠢᠭ ᠤ᠋ᠨ ᠢ᠋ᠶ᠋ᠠᠨ ᠠᠷᠠᠳ ᠤ᠋ᠨ ᠬᠦᠴᠢᠷ ᠵᠣᠪᠠᠯᠠᠩ ᠊ᠢ ᠰᠡᠳᠬᠢᠯ ᠳ᠋ᠡᠭᠡᠨ ᠪᠠᠭᠲᠠᠭᠠᠵᠤ ᠣᠯᠠᠨ ᠊ᠢ ᠪᠣᠳᠣᠯᠬᠢᠯᠠᠵᠤ ᠶᠠᠪᠤᠳᠠᠭ ᠃ ᠲᠡᠭᠦᠨ ᠦ᠌ ᠬᠠᠮᠢᠶᠠᠷᠤᠯᠲᠠ ᠶ᠋ᠢᠨ ᠲᠣᠭᠣᠷᠢᠭ ᠲᠤ᠌ ᠠᠪᠤ ᠨᠢ ᠲᠥᠷᠥᠯᠬᠢ ᠵᠡᠮᠳᠡᠭ ᠠᠮᠢᠳᠤᠷᠠᠯ ᠨᠢ ᠬᠦᠴᠢᠷᠳᠡᠯᠲᠡᠢ ᠨᠢᠭᠡᠨ ᠰᠤᠷᠤᠭᠴᠢ ᠪᠠᠶ᠋ᠢᠲᠠᠭ ᠊ᠢ ᠮᠡᠳᠡᠭᠡᠳ ᠰᠢᠨ᠎ᠡ ᠰᠤᠷᠤᠯᠭ᠎ᠠ ᠶ᠋ᠢᠨ ᠬᠤᠭᠤᠴᠠᠭ᠎ᠠ ᠪᠣᠯᠬᠤ ᠪᠦᠷᠢ ᠰᠤᠷᠤᠯᠭ᠎ᠠ ᠶ᠋ᠢᠨ ᠬᠡᠷᠡᠭᠰᠡᠯ ᠊ᠢ ᠨᠢ ᠲᠥᠬᠥᠭᠡᠷᠦᠨ ᠥᠭᠴᠦ ᠂ ᠰᠤᠷᠤᠯᠭ᠎ᠠ ᠶ᠋ᠢᠨ ᠲᠡᠳᠬᠦᠮᠵᠢ ᠶ᠋ᠢᠨ ᠮᠥᠩᠭᠥ ᠣᠯᠵᠤ ᠥᠭᠭᠥᠨ ᠠᠮᠵᠢᠯᠲᠠᠲᠠᠢ ᠪᠠᠷ ᠢ᠋ᠶ᠋ᠠᠨ ᠰᠤᠷᠤᠯᠭ᠎ᠠ ᠶ᠋ᠢ ᠨᠢ ᠲᠡᠭᠦᠰᠬᠡᠵᠡᠢ ᠃ ᠮᠠᠯᠴᠢᠨ ᠲᠦᠮᠡᠨ ᠦ᠌ ᠠᠵᠢᠯ ᠠᠮᠢᠳᠤᠷᠠᠯ ᠤ᠋ᠨ ᠶᠠᠭᠠᠷᠠᠯᠲᠠᠢ ᠴᠠᠭ ᠪᠣᠯᠬᠤ ᠪᠦᠷᠢ ᠨᠠᠶ᠋ᠢᠷ ᠨᠥᠬᠥᠷ ᠰᠠᠯᠪᠤᠷᠢ ᠶ᠋ᠢᠨ ᠴᠠᠭᠳᠠᠭ᠎ᠠ ᠨᠠᠷ ᠢ᠋ᠶ᠋ᠠᠨ ᠳᠠᠭᠠᠭᠤᠯᠤᠨ ᠬᠥᠳᠡᠯᠮᠦᠷᠢ ᠬᠦᠴᠦ ᠬᠦᠷᠦᠯᠴᠡᠬᠦ ᠦᠭᠡᠢ ᠠᠶ᠋ᠢᠯ ᠡᠷᠦᠬᠡ ᠪᠡᠷ ᠭᠦᠨᠵᠡᠭᠡᠶ᠋ᠢᠷᠡᠨ ᠠᠵᠢᠯ ᠬᠥᠳᠡᠯᠮᠦᠷᠢ ᠶ᠋ᠢ ᠨᠢ ᠬᠠᠪᠰᠤᠷᠤᠨ ᠥᠭᠴᠦ ᠂ ᠡᠪᠡᠰᠦ ᠪᠠᠭᠤᠯᠭᠠᠬᠤ ᠂ ᠮᠠᠯ ᠨᠣᠣᠰᠣᠯᠠᠬᠤ ᠂ ᠮᠠᠯ ᠡᠮᠨᠡᠬᠦ ᠵᠡᠷᠭᠡ ᠠᠵᠢᠯ ᠳ᠋ᠤ᠌ ᠬᠠᠪᠰᠤᠷᠤᠯᠭ᠎ᠠ ᠦᠵᠡᠭᠦᠯᠦᠨ ᠂ ᠰᠢᠨ᠎ᠡ ᠴᠠᠭ ᠤ᠋ᠨ ᠬᠢᠯᠢ ᠶ᠋ᠢᠨ ᠴᠠᠭᠳᠠᠭ᠎ᠠ ᠨᠠᠷ ᠤ᠋ᠨ ᠭᠠᠯᠪᠢᠷ ᠲᠥᠷᠬᠦ ᠶ᠋ᠢ ᠱᠤᠭᠤᠵᠤ ᠪᠠᠶ᠋ᠢᠲᠠᠭ ᠰᠠᠨ ᠃ ᠲᠡᠷᠡ ᠪᠠᠰᠠ ᠰᠠᠯᠪᠤᠷᠢ ᠶ᠋ᠢᠨ ᠬᠢᠨ ᠢ᠋ᠶ᠋ᠡᠨ ᠳᠠᠶ᠋ᠢᠴᠢᠯᠠᠨ ᠬᠠᠶ᠋ᠢᠷ᠎ᠠ ᠬᠠᠯᠠᠮᠵᠢ ᠶ᠋ᠢ ᠬᠦᠷᠭᠡᠨ ᠪᠣᠳᠠᠲᠤ ᠶᠠᠪᠤᠳᠠᠯ ᠬᠢᠬᠦ ᠪᠠ ᠠᠷᠠᠳ ᠤ᠋ᠨ ᠰᠠᠨᠠᠯ ᠊ᠢ ᠰᠣᠨᠣᠰᠴᠤ ᠠᠷᠠᠳ ᠣᠯᠠᠨ ᠳ᠋ᠤ᠌ ᠪᠣᠳᠠᠲᠠᠢ ᠶᠠᠪᠤᠳᠠᠯ ᠬᠢᠬᠦ ᠵᠡᠷᠭᠡ ᠰᠢᠷᠢᠰ ᠠᠵᠢᠯᠯᠠᠭ᠎ᠠ ᠶ᠋ᠢ ᠠᠷᠪᠠᠭᠠᠳ ᠤᠳᠠᠭ᠎ᠠ ᠬᠢᠵᠦ ᠂ ᠡᠯ᠎ᠡ ᠵᠦᠢᠯ ᠦ᠋ᠨ ᠤᠬᠠᠭᠤᠯᠭ᠎ᠠ ᠶ᠋ᠢᠨ ᠮᠠᠲ᠋ᠧᠷᠢᠶᠠᠯ ᠊ᠢ2600 ᠭᠠᠷᠤᠢ ᠬᠤᠪᠢ ᠂ ᠤᠬᠠᠭᠤᠯᠭ᠎ᠠ ᠶ᠋ᠢᠨ ᠵᠢᠷᠤᠭᠲᠤ ᠬᠠᠭᠤᠳᠠᠰᠤ ᠶ᠋ᠢ30 ᠬᠤᠪᠢ ᠨᠠᠭᠠᠵᠤ ᠂ ᠬᠠᠤᠯᠢ ᠴᠠᠭᠠᠵᠠ ᠶ᠋ᠢᠨ ᠠᠰᠠᠭᠤᠨ ᠯᠠᠪᠯᠠᠭ᠎ᠠ ᠶ᠋ᠢ40 ᠰᠢᠬᠠᠮ ᠤᠳᠠᠭ᠎ᠠ ᠬᠢᠵᠦ ᠂10 ᠭᠤᠨᠢ ᠪᠡᠶ᠎ᠡ ᠨᠠᠰᠤᠳᠠ ᠊ᠢ ᠬᠠᠪᠰᠤᠷᠤᠨ ᠂ ᠬᠤᠪᠢ ᠪᠠᠷ ᠢ᠋ᠶ᠋ᠠᠨ ᠬᠦᠴᠢᠷᠳᠡᠯᠲᠡᠢ ᠬᠡᠦᠬᠡᠳ ᠊ᠢ ᠲᠡᠳᠬᠦᠨ ᠬᠠᠪᠰᠤᠷᠤᠭᠰᠠᠨ ᠪᠡᠯᠡᠨ ᠮᠥᠩᠭᠥ ᠨᠢ2 ᠲᠦᠮᠡᠨ ᠲᠥᠭᠥᠷᠢᠭ ᠲᠦ᠍ ᠬᠦᠷᠴᠦ ᠂ ᠡᠯ᠎ᠡ ᠲᠥᠷᠥᠯ ᠦ᠋ᠨ ᠬᠦᠴᠢᠷᠳᠡᠯᠲᠡᠢ ᠣᠯᠠᠨ ᠲᠦᠮᠡᠨ ᠳ᠋ᠦ᠍321 ᠤᠳᠠᠭ᠎ᠠ ᠬᠠᠪᠰᠤᠷᠤᠯᠭ᠎ᠠ ᠦᠵᠡᠭᠦᠯᠵᠦ ᠂ ᠠᠷᠠᠳ ᠣᠯᠠᠨ ᠤ᠋ ᠪᠠᠨ ᠳᠤᠮᠳᠠ ᠰᠠᠢᠨ ᠴᠠᠭᠳᠠᠭ᠎ᠠ ᠭᠡᠬᠦ ᠮᠠᠭᠲᠠᠭᠠᠯ ᠊ᠢ ᠦᠷᠭᠦᠯᠵᠢ ᠣᠯᠳᠠᠭ ᠰᠠᠨ ᠃

  ᠨᠠᠭᠤᠷ ᠠᠮᠤᠭᠤᠯᠠᠩ ᠪᠥᠭᠡᠰᠦ ᠨᠤᠭᠤᠰᠤ ᠠᠮᠤᠭᠤᠯᠠᠩ ᠪᠣᠯᠠᠢ ᠃ ᠨᠡᠶ᠋ᠢᠭᠡᠮ ᠦ᠋ᠨ ᠠᠮᠤᠷ ᠲᠣᠭᠲᠠᠭᠤᠨ ᠊ᠢ ᠬᠠᠮᠠᠭᠠᠯᠠᠨ ᠂ ᠠᠷᠠᠳ ᠣᠯᠠᠨ ᠤ᠋ ᠠᠮᠤᠷ ᠲᠦᠪᠰᠢᠨ ᠠᠵᠤ ᠲᠥᠷᠥᠬᠦ ᠶ᠋ᠢ ᠪᠠᠲᠤᠯᠠᠬᠤ ᠪᠣᠯ ᠨᠢᠭᠡᠨ ᠬᠢᠯᠢ ᠶ᠋ᠢᠨ ᠴᠠᠭᠳᠠᠭ᠎ᠠ ᠶ᠋ᠢᠨ ᠡᠭᠦᠷᠭᠡ ᠬᠠᠷᠭᠤᠴᠠᠯᠭ᠎ᠠ ᠂ ᠮᠥᠨᠴᠦ ᠡᠪ ᠬᠠᠮᠲᠤ ᠨᠠᠮ ᠤ᠋ᠨ ᠭᠡᠰᠢᠭᠦᠨ ᠦ᠌ ᠡᠭᠦᠷᠭᠡ ᠮᠥᠨ ᠃ ᠨᠠᠶ᠋ᠢᠷ ᠨᠥᠬᠥᠷ ᠤᠳᠤᠷᠢᠳᠤᠯᠭ᠎ᠠ ᠶ᠋ᠢᠨ ᠪᠠᠶ᠋ᠢᠷᠢᠨ ᠳ᠋ᠤ᠌ ᠭᠠᠷᠤᠭᠰᠠᠨ ᠠ᠋ᠴᠠ ᠨᠠᠭᠠᠰᠢ ᠰᠠᠯᠪᠤᠷᠢ ᠶ᠋ᠢᠨ ᠴᠠᠭᠳᠠᠭ᠎ᠠ ᠨᠠᠷ ᠲᠠᠢ ᠪᠠᠨ ᠬᠠᠮᠲᠤᠪᠠᠷ ᠴᠢᠷᠮᠠᠶ᠋ᠢᠬᠰᠠᠨ ᠤ᠋ ᠰᠠᠢᠨ ᠢ᠋ᠶ᠋ᠠᠷ ᠬᠠᠷᠢᠶ᠎ᠠ ᠣᠷᠣᠨ ᠤ᠋ ᠠᠮᠤᠷ ᠲᠣᠭᠲᠠᠭᠤᠨ ᠤ᠋ ᠬᠡᠷᠡᠭ ᠵᠢᠯ ᠡᠴᠡ ᠵᠢᠯ ᠪᠠᠭᠠᠰᠵᠤ ᠂ ᠦᠵᠡᠰᠬᠦᠯᠡᠩᠲᠦ ᠰᠠᠢᠬᠠᠨ ᠤᠮᠠᠷᠠᠲᠤ ᠬᠢᠯᠢ ᠶ᠋ᠢ ᠴᠣᠭᠴᠠᠯᠠᠨ ᠪᠠᠶ᠋ᠢᠭᠤᠯᠬᠤ ᠳ᠋ᠤ᠌ ᠬᠦᠴᠦ ᠪᠡᠨ ᠡᠷᠭᠦᠵᠦ ᠢᠷᠡᠵᠡᠢ ᠃ ᠠᠷᠪᠠᠭᠠᠳ ᠵᠢᠯ ᠦ᠋ᠨ ᠲᠣᠷᠰᠢ ᠲᠡᠷᠡ ᠴᠠᠭᠳᠠᠭ᠎ᠠ ᠨᠠᠷ ᠲᠠᠢ ᠪᠠᠨ ᠡᠯ᠎ᠡ ᠲᠥᠷᠥᠯ ᠦ᠋ᠨ ᠠᠮᠤᠷ ᠲᠦᠪᠰᠢᠨ ᠳ᠋ᠦ᠍ ᠬᠣᠯᠪᠣᠭᠳᠠᠭᠰᠠᠨ ᠬᠡᠷᠡᠭ ᠊ᠢ195 ᠤᠳᠠᠭ᠎ᠠ ᠰᠢᠢᠳᠪᠦᠷᠢᠯᠡᠨ ᠂ ᠡᠯ᠎ᠡ ᠲᠥᠷᠥᠯ ᠦ᠋ᠨ ᠬᠡᠷᠡᠭ ᠦ᠋ᠨ ᠰᠠᠵᠢᠭᠳᠠᠨ ᠊ᠢ13 ᠬᠥᠮᠦᠨ ᠤᠳᠠᠭ᠎ᠠ ᠪᠠᠷᠢᠪᠴᠢᠯᠠᠨ ᠪᠠᠶ᠋ᠢᠴᠠᠭᠠᠵᠤ ᠂ ᠣᠯᠠᠨ ᠲᠦᠮᠡᠨ ᠦ᠌ ᠵᠥᠷᠢᠴᠡᠯ ᠮᠠᠷᠭᠤᠭᠠᠨ ᠊ᠢ60 ᠤᠳᠠᠭ᠎ᠠ ᠨᠠᠮᠳᠠᠭᠤᠯᠤᠨ ᠂1240 ᠡᠷᠦᠬᠡ ᠪᠡᠷ ᠭᠦᠨᠵᠡᠭᠡᠶ᠋ᠢᠷᠡᠨ ᠬᠠᠤᠯᠢ ᠴᠠᠭᠠᠵᠠ ᠶ᠋ᠢᠨ ᠤᠬᠠᠭᠤᠯᠭ᠎ᠠ ᠬᠢᠵᠦ ᠂ ᠨᠠᠮ ᠪᠠᠶ᠋ᠢᠭᠤᠯᠤᠭᠲᠠᠭᠰᠠᠨ ᠵᠠᠭᠤᠨ ᠵᠢᠯ ᠦ᠋ᠨ ᠣᠢ ᠶ᠋ᠢ ᠪᠡᠯᠭᠡᠯᠡᠬᠦ ᠠᠮᠤᠷ ᠲᠦᠪᠰᠢᠨ ᠊ᠢ ᠬᠠᠮᠠᠭᠠᠯᠠᠬᠤ ᠠᠵᠢᠯᠯᠠᠭ᠎ᠠ ᠳᠤᠮᠳᠠ ᠥᠪᠥᠷ ᠮᠣᠩᠭᠣᠯ ᠤ᠋ᠨ ᠬᠢᠯᠢ ᠶ᠋ᠢᠨ ᠬᠠᠮᠠᠭᠠᠯᠠᠯᠲᠠ ᠶ᠋ᠢᠨ ᠶᠡᠷᠦᠩᠬᠡᠢ ᠥᠷᠲᠡᠭᠡᠨ ᠡᠴᠡ ᠣᠯᠭᠣᠭᠰᠠᠨ ᠭᠤᠷᠪᠠᠳᠤᠭᠠᠷ ᠳᠡᠰ ᠦ᠋ᠨ ᠭᠠᠪᠢᠶ᠎ᠠ ᠶ᠋ᠢ ᠨᠢᠭᠡ ᠤᠳᠠᠭ᠎ᠠ ᠲᠡᠮᠳᠡᠭᠯᠡᠭᠦᠯᠵᠡᠢ ᠃

  ᠵᠢᠳᠬᠦᠯ ᠴᠢᠷᠮᠠᠶ᠋ᠢᠯᠭ᠎ᠠ ᠶ᠋ᠢᠨ ᠡᠴᠦᠰ ᠵᠢᠮᠢᠰ ᠳᠡᠭᠦᠵᠢᠩᠨᠡᠳᠡᠭᠡ ᠶ᠋ᠢᠨ ᠤᠴᠢᠷ ᠂ ᠤᠷᠢ ᠵᠠᠯᠠᠭᠤ ᠨᠠᠰᠤ ᠪᠠᠨ ᠬᠢᠯᠢ ᠶ᠋ᠢᠨ ᠪᠠᠲᠤᠯᠠᠨ ᠬᠠᠮᠠᠭᠠᠯᠠᠯᠲᠠ ᠶ᠋ᠢᠨ ᠦᠢᠯᠡᠰ ᠲᠦ᠍ ᠵᠣᠷᠢᠭᠤᠯᠤᠭᠰᠠᠨ ᠨᠠᠶ᠋ᠢᠷ ᠠᠵᠢᠯ ᠦᠢᠯᠡᠰ ᠦ᠋ᠨ ᠲᠠᠯ᠎ᠠ ᠪᠠᠷ ᠨᠡᠯᠢᠶᠡᠳ ᠠᠮᠵᠢᠯᠲᠠ ᠪᠦᠲᠦᠮᠵᠢ ᠣᠯᠵᠤ ᠶᠠᠪᠤᠭᠰᠠᠨ ᠴᠤ᠌ ᠦᠷᠭᠦᠯᠵᠢᠯᠡᠨ ᠴᠢᠷᠮᠠᠶ᠋ᠢᠵᠤ ᠠᠷᠠᠳ ᠲᠦᠮᠡᠨ ᠳ᠋ᠦ᠍ ᠪᠡᠨ ᠦᠢᠯᠡᠴᠢᠯᠡᠨ᠎ᠡ ᠭᠡᠵᠦ ᠦᠨᠡᠨᠴᠢᠬᠡᠨ ᠰᠡᠳᠬᠢᠯ ᠢ᠋ᠶ᠋ᠡᠨ ᠪᠢᠳᠡᠨ ᠲᠡᠢ ᠬᠤᠪᠢᠶᠠᠯᠴᠠᠴᠤ ᠰᠤᠷᠪᠤᠯᠵᠢᠯᠠᠭ᠎ᠠ ᠪᠠᠨ ᠥᠨᠲᠦᠷᠯᠡᠭᠦᠯᠦᠭᠰᠡᠨ ᠪᠢᠯᠡ ᠃

 

  ᠦᠰᠦᠭ ᠠᠮᠢᠯᠠᠭᠤᠯᠤᠭᠰᠠᠨ ᠄ ᠣᠤᠠᠬᠣᠨᠴᠡᠴᠡᠭ

  ᠬᠢᠨᠠᠭᠴᠢ ᠄ ᠣᠤᠠᠬᠠᠨᠰᠣ ‍ᠠ᠋ ᠂ ᠰᠡᠬᠡᠭᠡᠷᠡᠯ