ᠭᠠᠩᠬ᠋᠎ᠠ ᠶ᠋ᠢᠨ ᠤᠷᠤᠰᠬᠠᠯ – ᠴᠢᠩᠭᠢᠰ ᠡᠵᠡᠨ ᠪ ᠠᠯᠲᠠᠨ ᠤᠷᠤᠭ ᠦ᠋ᠨ ᠲᠡᠦᠬᠡ ᠺᠠᠩᠺᠠ ᠶ᠋ᠢᠨ ᠤᠷᠤᠰᠬᠠᠯ ᠨᠡᠷᠡᠲᠦ ᠪᠢᠴᠢᠭ ᠣᠷᠣᠰᠢᠪᠠ – ᠠ13 Гангын урсгал – Чингис эзний алтан ургийн түүх Канкны урсгал нэрт бичиг оршив –А13 ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠭᠠᠩᠬ᠋᠎ᠠ ᠶ᠋ᠢᠨ ᠤᠷᠤᠰᠬᠠᠯ – ᠴᠢᠩᠭᠢᠰ ᠡᠵᠡᠨ ᠪ ᠠᠯᠲᠠᠨ ᠤᠷᠤᠭ ᠦ᠋ᠨ ᠲᠡᠦᠬᠡ ᠺᠠᠩᠺᠠ ᠶ᠋ᠢᠨ ᠤᠷᠤᠰᠬᠠᠯ ᠨᠡᠷᠡᠲᠦ ᠪᠢᠴᠢᠭ ᠣᠷᠣᠰᠢᠪᠠ – ᠠ13 Гангын урсгал – Чингис эзний алтан ургийн түүх Канкны урсгал нэрт бичиг оршив –А13

ᠭᠠᠩᠬ᠋᠎ᠠ ᠶ᠋ᠢᠨ ᠤᠷᠤᠰᠬᠠᠯ – ᠴᠢᠩᠭᠢᠰ ᠡᠵᠡᠨ ᠪ ᠠᠯᠲᠠᠨ ᠤᠷᠤᠭ ᠦ᠋ᠨ ᠲᠡᠦᠬᠡ ᠺᠠᠩᠺᠠ ᠶ᠋ᠢᠨ ᠤᠷᠤᠰᠬᠠᠯ ᠨᠡᠷᠡᠲᠦ ᠪᠢᠴᠢᠭ ᠣᠷᠣᠰᠢᠪᠠ – ᠠ13 Гангын урсгал – Чингис эзний алтан ургийн түүх Канкны урсгал нэрт бичиг оршив –А13

ᠠᠩᠭᠢᠯᠠᠯ:ᠲᠡᠦᠬᠡ ᠰᠣᠶᠣᠯ
2023-04-28

479

ᠴᠢᠩᠭᠢᠰ ᠡᠵᠡᠨ ᠪ ᠠᠯᠲᠠᠨ ᠤᠷᠤᠭ ᠦ᠋ᠨ ᠲᠡᠦᠬᠡ ᠺᠠᠩᠺᠠ ᠶ᠋ᠢᠨ ᠤᠷᠤᠰᠬᠠᠯ ᠨᠡᠷᠡᠲᠦ ᠪᠢᠴᠢᠭ ᠣᠷᠣᠰᠢᠪᠠ

ᠬᠠᠭᠤᠴᠢᠳ ᠤᠨ ᠨᠣᠶᠠᠳ ᠤᠨ ᠤᠭ

                  
               ᠬᠠᠭᠤᠴᠢᠳ① ᠤ᠋ᠨ ᠨᠣᠶᠠᠳ ᠤ᠋ᠨ ᠤᠭ  

      ᠬᠦᠳᠡᠩ ᠬᠠᠭᠠᠨ ② ᠤ᠋ ᠬᠥᠪᠡᠭᠦᠨ ᠵᠠᠰᠠᠭᠲᠤ ᠬᠠᠭᠠᠨ③ ᠤ᠋ ᠤᠳᠠᠭ᠎ᠠ ᠳᠡᠭᠦᠦ ᠵᠤᠩᠲᠤ ᠳᠤᠷᠠᠬᠠᠯ ᠨᠣᠶᠠᠨ ᠤ᠋ ᠬᠥᠪᠡᠭᠦᠨ  ᠲᠩᠯᠠᠢ ᠡᠷᠳᠡᠨᠢ  

— — — — 
① 《 ᠢᠯᠡᠳᠬᠡᠯ ᠱᠠᠰᠲᠢᠷ 》 ᠲᠤ᠌ ᠲᠡᠮᠳᠡᠭᠯᠡᠭᠰᠡᠨ ᠢᠨᠤ ᠄ 《 ᠬᠠᠭᠤᠴᠢᠳ ᠠᠢᠮᠠᠭ ᠠᠨᠤ ᠦᠬᠡᠷ ᠴᠢᠯᠠᠭᠤᠨ ᠠᠮᠠ (独石口 ) ᠶ᠋ᠢᠨ ᠭᠠᠳᠠᠨ᠎ᠠ ᠠᠮᠤᠢ ᠃ ᠨᠡᠢᠰᠯᠡᠯ ᠬᠣᠲᠠᠨ ᠳ᠋ᠤᠷ ᠬᠦᠷᠴᠦ ᠢᠷᠡᠬᠦ ᠢᠨᠤ ᠨᠠᠢᠮᠠᠨ ᠵᠠᠭᠤ ᠠᠷᠪᠠᠨ ᠲᠠᠪᠤᠨ ᠭᠠᠵᠠᠷ ( 《 ᠮᠣᠩᠭᠣᠯ ᠤ᠋ᠨ ᠨᠡᠭᠦᠬᠦ ᠮᠠᠯᠵᠢᠯ ᠤ᠋ᠨ ᠲᠡᠮᠳᠡᠭᠯᠡᠯ 》 ᠳ᠋ᠦ᠍ᠷ ᠨᠢᠭᠡᠨ ᠮᠢᠩᠭ᠎ᠠ ᠨᠢᠭᠡ ᠵᠠᠭᠤ ᠨᠠᠶᠠᠨ ᠲᠠᠪᠤᠨ ᠭᠠᠵᠠᠷ ᠭᠡᠵᠦ ᠲᠡᠮᠳᠡᠭᠯᠡᠭᠡᠳ 《 ᠢᠯᠡᠳᠬᠡᠯ ᠱᠠᠰᠲᠢᠷ 》 ᠲᠤ᠌ ᠲᠡᠮᠳᠡᠭᠯᠡᠭᠰᠡᠨ ᠢ᠋ ᠪᠤᠷᠤᠭᠤ ᠭᠡᠵᠡᠢ ) ᠃ ᠵᠡᠭᠦᠨ ᠪᠠᠷᠠᠭᠤᠨ ᠬᠠᠷᠢᠯᠴᠠᠨ ᠠᠯᠤᠰᠯᠠᠭᠰᠠᠨ ᠠᠨᠤ ᠨᠢᠭᠡ ᠵᠠᠭᠤ ᠳᠠᠯᠠᠨ ᠭᠠᠵᠠᠷ ᠂ ᠡᠮᠦᠨ᠎ᠡ ᠤᠮᠠᠷ᠎ᠠ ᠬᠠᠷᠢᠯᠴᠠᠨ ᠠᠯᠤᠰᠯᠠᠭᠰᠠᠨ ᠠᠨᠤ ᠭᠤᠷᠪᠠᠨ ᠵᠠᠭᠤ ᠳᠠᠯᠠᠨ ᠲᠠᠪᠤᠨ ᠭᠠᠵᠠᠷ ᠃ ᠵᠡᠭᠦᠨ ᠡᠲᠡᠭᠡᠳ ᠵᠢᠴᠢ ᠤᠮᠠᠷ᠎ᠠ ᠡᠲᠡᠭᠡᠳ ᠢᠨᠤ ᠦᠵᠦᠮᠦᠴᠢᠨ ᠳ᠋ᠦ᠍ᠷ ᠵᠠᠬ᠎ᠠ ᠨᠡᠢᠯᠡᠵᠦᠬᠦᠢ ᠂ ᠪᠠᠷᠠᠭᠤᠨ ᠡᠲᠡᠭᠡᠳ ᠢᠨᠤ ᠠᠪᠠᠭ᠎ᠠ ᠳ᠋ᠤᠷ ᠵᠠᠬ᠎ᠠ ᠨᠡᠢᠯᠡᠵᠦᠬᠦᠢ ᠂ ᠡᠮᠦᠨ᠎ᠡ ᠡᠲᠡᠭᠡᠳ ᠢᠨᠤ  ᠬᠡᠰᠢᠭᠲᠡᠨ ᠳ᠋ᠦ᠍ᠷ ᠵᠠᠬ᠎ᠠ ᠨᠡᠢᠯᠡᠵᠦᠬᠦᠢ ᠃ ᠶᠤᠸᠠᠨ ᠤᠯᠤᠰ ᠤ᠋ᠨ ᠲᠠᠢᠽᠦ ᠬᠠᠭᠠᠨ ᠤ᠋ ᠠᠷᠪᠠᠨ ᠵᠢᠷᠭᠤᠳᠤᠭᠠᠷ ᠦᠶ᠎ᠡ ᠶ᠋ᠢᠨ ᠠᠴᠢ ᠲᠥᠷᠥ ᠪᠣᠯᠣᠳ ᠠ᠋ᠴᠠ ᠬᠣᠶᠠᠷ ᠦᠶ᠎ᠡ ᠤᠯᠠᠮᠵᠢᠯᠠᠵᠤ ᠬᠦᠳᠡᠩ ᠬᠠᠭᠠᠨ ᠳ᠋ᠤᠷ ᠬᠦᠷᠴᠦ ᠢᠷᠡᠭᠡᠳ ᠲᠡᠭᠦᠨ ᠦ᠌ ᠠᠢᠮᠠᠭ ᠢ᠋ᠶ᠋ᠠᠨ ᠬᠠᠭᠤᠴᠢᠳ ᠭᠡᠮᠡᠨ ᠨᠡᠷᠡᠢᠳᠴᠦᠬᠦᠢ 》 ᠭᠡᠵᠡᠢ ᠃ ᠴᠢᠩ ᠤᠯᠤᠰ ᠤ᠋ᠨ ᠦᠶ᠎ᠡ ᠳ᠋ᠦ᠍ ᠬᠠᠭᠤᠴᠢᠳ ᠊ᠢ ᠵᠡᠭᠦᠨ ᠪᠠᠷᠠᠭᠤᠨ ᠬᠣᠶᠠᠷ ᠭᠠᠷᠤᠨ ᠪᠣᠯᠭᠠᠨ ᠰᠢᠯᠢ ᠶ᠋ᠢᠨ ᠭᠣᠣᠯ ᠤ᠋ᠨ ᠴᠢᠭᠤᠯᠭᠠᠨ ᠳ᠋ᠤ᠌ ᠪᠠᠭᠲᠠᠭᠠᠵᠠᠢ ᠃ 
② ᠬᠦᠳᠡᠩ ᠬᠠᠭᠠᠨ ᠭᠡᠵᠦ ᠳᠠᠷᠠᠶᠢᠰᠤᠨ ᠬᠦᠳᠡᠩ ᠬᠠᠭᠠᠨ ᠢ᠋ ᠬᠡᠯᠡᠵᠦ ᠪᠣᠢ ᠃ 
③ ᠵᠠᠰᠠᠭᠲᠤ ᠬᠠᠭᠠᠨ ᠭᠡᠵᠦ ᠲᠦᠮᠡᠨ ᠵᠠᠰᠠᠭᠲᠤ ᠬᠠᠭᠠᠨ ᠢ᠋ ᠬᠡᠯᠡᠵᠦ ᠪᠣᠢ ᠃  

 ᠨᠣᠶᠠᠨ ᠲᠡᠭᠦᠨᠦ ᠭᠤᠷᠪᠠᠨ ᠬᠥᠪᠡᠭᠦᠨ ᠵᠠᠬᠠᠨ ᠳᠦᠷᠡᠩ ᠨᠣᠶᠠᠨ ᠂ ᠪᠣᠯᠣᠳ ᠡᠷᠳᠡᠨᠢ ᠵᠢᠶᠦ᠋ᠨ ᠸᠠᠩ  ᠪᠠᠪᠤᠩ ᠂ ᠲᠦᠰᠢᠶᠡᠲᠦ ᠨᠣᠶᠠᠨ ᠪᠤᠶᠤ ᠂ ᠵᠠᠬᠠᠨ ᠳᠦᠷᠡᠩ ᠦ᠋ᠨ ᠬᠥᠪᠡᠭᠦᠨ ᠺᠠᠷᠮ᠎ᠠ ᠸᠠᠩ  ᠂ ᠲᠡᠭᠦᠨᠦ ᠬᠥᠪᠡᠭᠦᠨ ᠷᠠᠪᠲᠠᠨ ᠸᠠᠩ ᠲᠡᠭᠦᠨᠦ ᠬᠥᠪᠡᠭᠦᠨ ᠴᠠᠪᠳᠠᠨ ᠸᠠᠩ ᠂  ᠲᠡᠭᠦᠨᠦ ᠬᠥᠪᠡᠭᠦᠨ ᠪᠠᠶᠠᠷ ᠸᠠᠩ  ᠃ ᠪᠣᠯᠣᠳ ᠡᠷᠳᠡᠨᠢ ᠸᠠᠩ ᠤ᠋ᠨ ᠬᠥᠪᠡᠭᠦᠨ ᠷᠠᠶᠢᠽᠤᠩ ᠸᠠᠩ ᠂ ᠲᠡᠭᠦᠨ ᠦ᠌ ᠬᠥᠪᠡᠭᠦᠨ ᠲᠠᠷᠠᠮᠭᠡᠷᠲᠢ  ᠸᠠᠩ  ᠲᠡᠭᠦᠨᠦ ᠬᠥᠪᠡᠭᠦᠨ ᠠᠭᠢᠨᠠᠰᠳᠠ ᠸᠠᠩ ᠃ ᠬᠠᠭᠤᠴᠢᠳ ᠤ᠋ᠨ ᠨᠣᠶᠠᠳ ᠡᠳᠡᠨ ᠪᠣᠢ ᠃   

— — — — 
① ᠪᠣᠯᠣᠳ ᠡᠷᠳᠡᠨᠢ ᠵᠢᠶᠦ᠋ᠨ ᠸᠠᠩ ᠄ ᠬᠠᠭᠤᠴᠢᠳ ᠵᠡᠭᠦᠨ ᠭᠠᠷᠤᠨ ᠬᠤᠰᠢᠭᠤᠨ ᠤ᠋ ᠵᠠᠰᠠᠭ ᠸᠠᠩ ᠃ ᠨᠡᠷ᠎ᠡ ᠪᠣᠯᠣᠳ ᠂ ᠴᠣᠯᠠ ᠡᠷᠳᠡᠨᠢ ᠤᠮᠴᠢ ᠃  ᠯᠢᠭᠳᠡᠨ ᠬᠠᠭᠠᠨ ᠤ᠋ ᠦᠶ᠎ᠡ ᠳ᠋ᠦ᠍ ᠬᠠᠯᠬ᠎ᠠ ᠶ᠋ᠢᠨ ᠰᠡᠴᠡᠨ ᠬᠠᠭᠠᠨ ᠱᠣᠣᠯᠢ ᠶ᠋ᠢ ᠲᠦᠰᠢᠵᠦ ᠬᠠᠯᠬ᠎ᠠ ᠳ᠋ᠤ᠌ ᠪᠠᠢᠪᠠ ᠃ ᠳᠡᠭᠡᠳᠦ ᠡᠷᠳᠡᠮᠲᠦ ᠶ᠋ᠢᠨ ᠬᠣᠶᠠᠳᠤᠭᠠᠷ ᠣᠨ (1637) ᠳ᠋ᠤ᠌ ᠬᠠᠯᠬ᠎ᠠ ᠠ᠋ᠴᠠ ᠰᠠᠯᠵᠤ ᠮᠠᠨᠵᠤ ᠳ᠋ᠤ᠌ ᠪᠠᠭᠤᠵᠤ ᠥᠭᠪᠡ ᠃ ᠡᠶᠡᠪᠡᠷ ᠵᠠᠰᠠᠭᠴᠢ ᠶ᠋ᠢᠨ ᠭᠤᠲᠠᠭᠠᠷ ᠣᠨ (1646) ᠳ᠋ᠤ᠌ ᠵᠠᠰᠠᠭ ᠲᠥᠷᠥ ᠶ᠋ᠢᠨ ᠪᠡᠢᠯᠡ ᠡᠷᠭᠦᠮᠵᠢᠯᠡᠭᠳᠡᠨ ᠳᠣᠯᠣᠳᠤᠭᠠᠷ ᠣᠨ ᠪᠣᠯᠬᠤ ᠳ᠋ᠤ᠌ ᠲᠥᠷᠥ ᠶ᠋ᠢᠨ ᠵᠢᠶᠦ᠋ᠨ ᠸᠠᠩ ᠢ᠋ᠶ᠋ᠠᠷ ᠡᠷᠭᠦᠮᠵᠢᠯᠡᠭᠳᠡᠪᠡ ᠃ 1654 ᠣᠨ ᠳ᠋ᠤ᠌ ᠨᠠᠰᠤ ᠪᠠᠷᠠᠪᠠ ᠃ 《 ᠢᠯᠡᠳᠬᠡᠯ ᠱᠠᠰᠲᠢᠷ 》 ᠲᠤ᠌ ᠪᠣᠯᠣᠳ ᠡᠷᠳᠡᠨᠢ ᠵᠢᠶᠦ᠋ᠨ ᠸᠠᠩ ᠊ᠢ ᠲᠡᠭᠡᠯᠢ ᠡᠷᠳᠡᠨᠢ ᠨᠣᠶᠠᠨ ᠤ᠋ ᠳᠥᠲᠥᠭᠡᠷ ᠬᠥᠪᠡᠭᠦᠨ ᠬᠢᠲᠠᠳ ᠬᠥᠨᠳᠡᠯᠡᠨ ᠡᠷᠳᠡᠨᠢ ᠰᠡᠴᠡᠨ ᠴᠥᠬᠥᠷ ᠦ᠋ᠨ ᠬᠥᠪᠡᠭᠦᠨ ᠭᠡᠵᠡᠢ ᠃ 《 ᠰᠢᠷ᠎ᠠ  ᠲᠣᠭᠣᠵᠢ》 ᠳ᠋ᠤ᠌ ᠲᠡᠮᠳᠡᠭᠯᠡᠭᠰᠡᠨ ᠨᠢ ᠭᠣᠮᠪᠣᠵᠠᠪ ᠤ᠋ᠨ ᠲᠡᠮᠳᠡᠭᠯᠡᠭᠰᠡᠨ ᠲᠡᠢ ᠠᠳᠠᠯᠢ ᠪᠠᠢᠨ᠎ᠠ ᠃ 
② ᠪᠠᠪᠤᠩ ᠄ 《 ᠢᠯᠡᠳᠬᠡᠯ ᠱᠠᠰᠲᠢᠷ 》 ᠲᠤ᠌ ᠪᠠᠪᠤᠩ ᠲᠦᠰᠢᠶᠡᠲᠦ ᠭᠡᠵᠦ ᠂ 《 ᠰᠢᠷ᠎ᠠ ᠲᠣᠭᠣᠵᠢ 》 ᠳ᠋ᠤ᠌ ᠪᠠᠩᠪᠤᠮ ᠲᠦᠰᠢᠶᠡᠲᠦ ᠭᠡᠵᠡᠢ ᠃ 
③ ᠺᠠᠷᠮ᠎ᠠ ᠸᠠᠩ ᠄ ᠬᠠᠭᠤᠴᠢᠳ ᠪᠠᠷᠠᠭᠤᠨ ᠭᠠᠷᠤᠨ ᠬᠤᠰᠢᠭᠤᠨ ᠤ᠋ ᠵᠠᠰᠠᠭ ᠸᠠᠩ ᠃ ᠪᠠᠰᠠ ᠭᠠᠷᠮ᠎ᠠ ᠰᠸᠸᠠᠩ ᠭᠡᠳᠡᠭ ᠃  ᠯᠢᠭᠳᠡᠨ ᠬᠠᠭᠠᠨ ᠤ᠋ ᠦᠶ᠎ᠡ ᠳ᠋ᠦ᠍ ᠮᠥᠨ ᠬᠠᠯᠬ᠎ᠠ ᠶ᠋ᠢᠨ ᠰᠡᠴᠡᠨ ᠬᠠᠨ ᠱᠣᠣᠯᠢ ᠶ᠋ᠢ ᠲᠦᠰᠢᠵᠦ ᠪᠠᠢᠪᠠ ᠃ ᠡᠶᠡᠪᠡᠷ ᠵᠠᠰᠠᠭᠴᠢ ᠶ᠋ᠢᠨ ᠨᠠᠢ᠍ᠮᠠᠳᠤᠭᠠᠷ ᠣᠨ(1651) ᠳ᠋ᠦ᠍ ᠭᠠᠷᠮ᠎ᠠ ᠰᠸᠸᠠᠩ  ᠪᠣᠯᠤᠨ ᠲᠡᠭᠦᠨ ᠦ᠌ ᠳᠡᠭᠦᠦ ᠪᠠᠨᠳᠢ ᠮᠡᠷᠭᠡᠨ ᠴᠥᠬᠥᠷ ᠬᠣᠶᠠᠭᠤᠯᠠ ᠨᠢᠭᠡ ᠮᠢᠩᠭ᠎ᠠ ᠭᠤᠷᠪᠠᠨ ᠵᠠᠭᠤ ᠢᠯᠡᠭᠦᠦ ᠬᠥᠮᠦᠨ ᠢ᠋ ᠠᠪᠴᠤ ᠬᠠᠯᠬ᠎ᠠ ᠠ᠋ᠴᠠ ᠰᠠᠯᠵᠤ ᠮᠠᠨᠵᠤ ᠳ᠋ᠤ᠌ ᠣᠷᠣᠵᠤ  ᠥᠭᠪᠡ ᠃ ᠠᠷᠪᠠᠳᠤᠭᠠᠷ ᠣᠨ ᠳ᠋ᠤ᠌ ᠵᠠᠰᠠᠭ ᠲᠥᠷᠥ ᠶ᠋ᠢᠨ ᠵᠢᠶᠦ᠋ᠨ ᠸᠠᠩ ᠡᠷᠭᠦᠮᠵᠢᠯᠡᠭᠳᠡᠭᠡᠳ 1664 ᠣᠨ ᠪᠣᠯᠬᠤ ᠳ᠋ᠤ᠌ ᠨᠠᠰᠤ ᠪᠠᠷᠠᠵᠠᠢ ᠃ 
                 

ᠭᠠᠩᠬ᠋᠎ᠠ ᠶ᠋ᠢᠨ ᠤᠷᠤᠰᠬᠠᠯ ( ᠪᠦᠬᠦ ᠨᠣᠮ ) Гангын урсгал ( бүх ном )