ᠨᠣᠮ ᠤᠩᠰᠢᠬᠤ ᠶ᠋ᠢᠨ ᠳᠤᠰᠠ ᠳᠤ( ᠬᠡᠯᠡ ᠪᠢᠴᠢᠭ – ᠶᠢᠰᠦᠳᠦᠭᠡᠷ ᠳᠡᠪᠲᠡᠷ) Ном уншихын тусад( Хэл бичиг – Есдүгээр дэвтэр)
ᠨᠣᠮ ᠤᠩᠰᠢᠬᠤ ᠶ᠋ᠢᠨ ᠳᠤᠰᠠ ᠳᠤ
ᠪᠢᠳᠡ ᠨᠣᠮ ᠤᠩᠰᠢᠬᠤ ᠳ᠋ᠠᠭᠠᠨ ᠵᠠᠪᠠᠯ ᠵᠣᠷᠢᠯᠭ᠎ᠠ ᠲᠠᠢ ᠪᠠᠶ᠋ᠢᠬᠤ ᠬᠡᠷᠡᠭᠲᠡᠢ ᠃ ᠬᠡᠯᠡ ᠪᠡᠨ ᠪᠣᠯᠪᠠᠰᠤᠷᠠᠭᠤᠯᠵᠤ ᠤᠷᠠᠨ ᠲᠣᠳᠣ ᠤᠩᠰᠢᠬᠤ ᠴᠢᠳᠠᠪᠤᠷᠢ ᠪᠠᠨ ᠳᠡᠭᠡᠭᠰᠢᠯᠡᠭᠦᠯᠬᠦ ᠪᠠ ᠦᠭᠡᠰ ᠦ᠋ᠨ ᠰᠠᠩ ᠢ᠋ᠶ᠋ᠠᠨ ᠪᠠᠶᠠᠯᠢᠭᠵᠢᠭᠤᠯᠵᠤ ᠂ ᠵᠣᠬᠢᠶᠠᠨ ᠪᠢᠴᠢᠬᠦ ᠮᠡᠷᠭᠡᠵᠢᠯ ᠢ᠋ᠶ᠋ᠡᠨ ᠥᠨᠳᠥᠷᠵᠢᠭᠦᠯᠦᠨ᠂ ᠮᠡᠳᠡᠯᠭᠡ ᠶ᠋ᠢᠨ ᠬᠦᠷᠢᠶ᠎ᠡ ᠬᠡᠪᠴᠢᠶ᠎ᠡ ᠪᠡᠨ ᠥᠷᠭᠡᠳᠬᠡᠵᠦ ᠂ ᠡᠳᠦᠷ ᠲᠤᠲᠤᠮ ᠤ᠋ᠨ ᠠᠮᠢᠳᠤᠷᠠᠯ ᠰᠤᠷᠤᠯᠭ᠎ᠠ ᠳ᠋ᠠᠭᠠᠨ ᠬᠡᠷᠡᠭᠯᠡᠬᠦ ᠶ᠋ᠢᠨ ᠲᠥᠯᠥᠭᠡ ᠶᠦ᠍ᠮ ᠃
ᠨᠣᠮ ᠤᠩᠰᠢᠬᠤ ᠪᠣᠯ ᠰᠤᠷᠤᠯᠴᠠᠯᠭ᠎ᠠ ᠮᠥᠨ ᠃ ᠪᠢᠳᠡ ᠨᠣᠮ ᠤᠩᠰᠢᠬᠤ ᠳ᠋ᠠᠭᠠᠨ ᠨᠠᠷᠢᠨ ᠬᠢᠨᠠᠮᠠᠭᠠᠢ ᠪᠠᠶ᠋ᠢᠬᠤ ᠰᠠᠢᠨ ᠰᠠᠢᠬᠠᠨ ᠳᠠᠳᠬᠠᠯ ᠢ᠋ ᠬᠠᠷᠠᠬᠠᠨ ᠪᠠᠭ᠎ᠠ ᠠ᠋ᠴᠠ ᠪᠠᠨ ᠪᠣᠢ ᠪᠣᠯᠭᠠᠬᠤ ᠬᠡᠷᠡᠭᠲᠡᠢ ᠃ ᠡᠨᠡ ᠪᠣᠯ ᠲᠤᠩ ᠴᠢᠬᠤᠯᠠ ᠪᠢᠯᠡ ᠃
ᠶᠠᠮᠠᠷ ᠨᠢᠭᠡᠨ ᠵᠣᠬᠢᠶᠠᠯ ᠢ᠋ ᠤᠩᠰᠢᠬᠤ ᠳ᠋ᠤ᠌ ᠶᠠᠭᠤᠨ ᠤ᠋ ᠡᠮᠦᠨ᠎ᠡ ᠲᠤᠰ ᠵᠣᠬᠢᠶᠠᠯ ᠤ᠋ᠨ ᠪᠦᠲᠦᠴᠡ ᠪᠠ ᠳᠡᠰ ᠳᠠᠷᠠᠭ᠎ᠠ ᠨᠢ ᠶᠠᠮᠠᠷ ᠂ ᠬᠡᠳᠦᠨ ᠪᠦᠯᠦᠭ ᠲᠦ᠍ ᠬᠤᠪᠢᠶᠠᠭᠳᠠᠵᠤ ᠪᠠᠶ᠋ᠢᠬᠤ ᠂ ᠪᠦᠯᠦᠭ ᠪᠦᠷᠢ ᠶ᠋ᠢᠨ ᠭᠣᠣᠯ ᠠᠭᠤᠯᠭ᠎ᠠ ᠨᠢ ᠶᠠᠭᠤ ᠪᠣᠯᠬᠤ ᠶ᠋ᠢ ᠵᠠᠳᠠᠯᠤᠨ ᠦᠵᠡᠬᠦ ᠬᠡᠷᠡᠭᠲᠡᠢ ᠃ ᠢᠩᠭᠢᠪᠡᠯ ᠵᠣᠬᠢᠶᠠᠯ ᠤ᠋ᠨ ᠭᠣᠣᠯ ᠦᠵᠡᠯ ᠰᠠᠨᠠᠭ᠎ᠠ ᠶ᠋ᠢ ᠣᠨᠣᠪᠴᠢᠲᠠᠢ ᠬᠤᠷᠢᠶᠠᠡᠭᠭᠤᠶ᠋ᠢᠯᠠᠵᠤ ᠵᠥᠪ ᠤᠶ᠋ᠢᠯᠠᠭᠠᠵᠤ ᠴᠢᠳᠠᠨ᠎ᠠ ᠃
ᠡᠬᠢᠯᠡᠵᠦ ᠨᠣᠮ ᠤᠩᠰᠢᠵᠤ ᠰᠤᠷᠤᠭ᠎ᠠ ᠪᠢᠴᠢᠬᠠᠨ ᠨᠥᠬᠥᠳ ᠲᠦ᠍ ᠠᠪᠴᠤ ᠬᠡᠯᠡᠪᠡᠯ ᠂ ᠨᠣᠮ ᠤᠩᠰᠢᠬᠤ ᠵᠣᠷᠢᠯᠭ᠎ᠠ ᠳ᠋ᠠᠭᠠᠨ ᠬᠦᠷᠬᠦ ᠶ᠋ᠢᠨ ᠲᠥᠯᠥᠭᠡ ᠤᠩᠰᠢᠯᠭ᠎ᠠ ᠶ᠋ᠢᠨ ᠤᠳᠤᠷᠢᠳᠤᠮᠵᠢ ᠶ᠋ᠢ ᠪᠢᠴᠢᠪᠡᠯ ᠰᠠᠢᠨ ᠶᠤᠮ ᠃ ᠳᠣᠣᠷ᠎ᠠ ᠪᠢᠳᠡ 《 ᠷᠠᠶ᠋ᠢᠨᠠᠳᠤᠤ 》 ᠭᠡᠰᠡᠨ ᠵᠣᠬᠢᠶᠠᠯ ᠢ᠋ᠶ᠋ᠠᠷ ᠵᠢᠱ᠌ᠢᠶ᠎ᠡ ᠪᠣᠯᠭᠠᠵᠤ ᠤᠩᠰᠢᠯᠭ᠎ᠠ ᠶ᠋ᠢᠨ ᠤᠳᠤᠷᠢᠳᠤᠮᠵᠢ ᠪᠢᠴᠢᠵᠦ ᠦᠵᠡᠶ᠎ᠡ ᠃
ᠲᠤᠰ ᠵᠣᠬᠢᠶᠠᠯ ᠢ᠋ ᠲᠠᠪᠤᠨ ᠪᠦᠯᠦᠭ ᠲᠦ᠍ ᠬᠤᠪᠢᠶᠠᠵᠤ ᠪᠣᠯᠤᠮᠠᠷ ᠪᠠᠶ᠋ᠢᠨ᠎ᠠ ᠃
ᠨᠢᠭᠡᠳᠦᠭᠡᠷ ᠪᠦᠯᠦᠭ ( 《 ᠠᠩ ᠤ᠋ᠨ ᠤᠯᠠᠷᠢᠯ ᠡᠬᠢᠯᠡᠭᠰᠡᠨ — ᠢᠩᠭᠢᠵᠦ ᠬᠡᠯᠡᠭᠡᠳ ᠳᠡᠭᠦᠦ ᠪᠡᠨ ᠬᠠᠷᠠᠯ᠎ᠠ ᠃ ) 》 ᠨᠥᠷᠥᠭᠡ ᠳ᠋ᠦ᠍ ᠷᠠᠶ᠋ᠢᠨᠠᠳᠤᠤ ᠭᠡᠰᠡᠨ ᠨᠡᠷ᠎ᠡ ᠥᠭᠭᠥᠭᠰᠡᠨ ᠢ᠋ ᠪᠢᠴᠢᠵᠡᠢ ᠃
ᠬᠣᠶᠠᠳᠤᠭᠠᠷ ᠪᠦᠯᠦᠭ ( 《 ᠭᠡᠲᠡᠯ᠎ᠡ ᠳᠡᠭᠦᠦ ᠮᠢᠨᠢ ᠬᠠᠷᠢᠨ — ᠪᠤᠲᠠ ᠰᠥᠭᠡᠭ ᠦ᠋ᠨ ᠳᠤᠮᠳᠠᠭᠤᠷ ᠪᠤᠴᠠᠵᠤ ᠶᠠᠪᠤᠯ᠎ᠠ ᠃ 》 ) — ᠨᠥᠷᠥᠭᠡ ᠶ᠋ᠢ ᠠᠶᠤᠯ ᠠ᠋ᠴᠠ ᠠᠪᠤᠷᠠᠭᠰᠠᠨ ᠢ᠋ ᠪᠢᠴᠢᠵᠡᠢ ᠃
ᠭᠤᠷᠪᠠᠳᠤᠭᠠᠷ ᠪᠦᠯᠦᠭ ( 《 ᠢᠩᠭᠢᠭᠡᠳ ᠲᠥᠭᠰᠢᠭᠥᠷᠢᠳᠥ ᠪᠠᠶ᠋ᠢᠳᠠᠯ ᠢ᠋ ᠠᠷᠢᠯᠭᠠᠭᠰᠠᠨ ᠪᠣᠯᠪᠠᠴᠤ — ᠬᠣᠩᠰᠢᠶᠠᠷ ᠢ᠋ᠶ᠋ᠠᠨ ᠴᠢᠬᠢᠵᠦ ᠯᠤᠶ᠋ᠢᠪᠠᠷᠳᠠᠬᠤ ᠪᠣᠯᠵᠠᠢ ᠃ 》 ) — ᠨᠥᠷᠥᠭᠡ ᠶ᠋ᠢ ᠲᠡᠵᠢᠭᠡᠭᠰᠡᠨ ᠢ᠋ ᠪᠢᠴᠢᠵᠡᠢ ᠃
ᠳᠥᠷᠪᠡᠳᠦᠭᠡᠷ ᠪᠦᠯᠦᠭ ( 《 ᠨᠢᠭᠡᠨ ᠰᠥᠨᠢ ᠭᠡᠨᠡᠳᠲᠡ — ᠷᠠᠶ᠋ᠢᠨᠠᠳᠤᠤ ᠶ᠋ᠢᠨ ᠡᠬᠡ ᠨᠢ ᠮᠥᠨ ᠭᠡᠰᠡᠨ ᠪᠢᠳᠡ ᠮᠡᠳᠡᠵᠦ ᠣᠯᠤᠯ᠎ᠠ ᠃ 》 ) ᠷᠠᠶ᠋ᠢᠨᠠᠲᠤ ᠶ᠋ᠢᠨ ᠡᠬᠡ ᠨᠢ ᠢᠷᠡᠭᠰᠡᠨ ᠢ᠋ ᠮᠡᠳᠡᠭᠰᠡᠨ ᠢ᠋ ᠪᠢᠴᠢᠵᠡᠢ ᠃
ᠲᠠᠪᠤᠳᠤᠭᠠᠷ ᠪᠦᠯᠦᠭ ( 《 ᠪᠢᠳᠡ ᠬᠣᠶᠠᠭᠤᠯᠠ ᠭᠠᠷᠤᠭᠰᠠᠨ ᠲᠠᠢ ᠪᠠᠨ ᠠᠳᠠᠯᠢ — ᠲᠡᠭᠦᠰᠲᠡᠯ᠎ᠡ 》 ) — ᠷᠠᠶ᠋ᠢᠨᠠᠳᠤᠤ ᠶ᠋ᠢ ᠣᠢ ᠰᠢᠭᠤᠢ ᠳ᠋ᠤᠨᠢ ᠲᠠᠯᠪᠢᠵᠤ ᠶᠠᠪᠤᠭᠤᠯᠤᠭᠰᠠᠨ ᠢ᠋ ᠪᠢᠴᠢᠵᠡᠢ ᠃
ᠡᠨᠡ ᠪᠣᠯ ᠤᠩᠰᠢᠯᠭ᠎ᠠ ᠶ᠋ᠢᠨ ᠨᠢᠭᠡᠨ ᠳᠥᠭᠥᠮ ᠲᠤᠰᠠᠯᠠᠮᠵᠢ ᠮᠥᠨ᠃ ᠶᠠᠮᠠᠷ ᠴᠤ᠌ ᠨᠢᠭᠡᠨ ᠵᠣᠬᠢᠶᠠᠯ ᠢ᠋ ᠭᠡᠳ ᠪᠦᠯᠦᠭ ᠬᠤᠪᠢᠶᠠᠬᠤ ᠳ᠋ᠠᠭᠠᠨ ᠭᠣᠣᠯᠳᠠᠭᠤ ᠵᠣᠬᠢᠶᠠᠯ ᠤ᠋ᠨ ᠴᠠᠭ ᠤ᠋ᠨ ᠳᠠᠷᠠᠭᠠᠯᠠᠯ ᠪᠤᠶᠤ ᠤᠶ᠋ᠢᠯᠠ ᠶᠠᠪᠤᠳᠠᠯ ᠤ᠋ᠨ ᠬᠥᠭᠵᠢᠯᠲᠡ ᠶ᠋ᠢᠨ ᠬᠢᠨᠢ ᠳᠠᠷᠠᠭᠠᠯᠠᠯ ᠢ᠋ ᠦᠨᠳᠦᠰᠦᠯᠡᠳᠡᠭ ᠶᠦ᠍ᠮ ᠃《 ᠷᠠᠶ᠋ᠢᠨᠠᠲᠣᠣ 》ᠭᠡᠬᠦ ᠵᠣᠬᠢᠶᠠᠯ ᠢ᠋ ᠲᠠᠪᠤᠨ ᠪᠦᠯᠦᠭ ᠲᠦ᠍ ᠬᠤᠪᠢᠶᠠᠭᠰᠠᠨ ᠨᠢ ᠮᠥᠨ ᠴᠦ᠍ ᠲᠤᠰ ᠵᠣᠬᠢᠶᠠᠯ ᠤ᠋ᠨ ᠤᠶ᠋ᠢᠯᠠ ᠶᠠᠪᠤᠳᠠᠯ ᠤ᠋ᠨ ᠬᠥᠭᠵᠢᠯᠲᠡ ᠶ᠋ᠢᠨ ᠬᠢᠨᠢ ᠳᠠᠷᠠᠭᠠᠯᠠᠯ ᠢ᠋ ᠦᠨᠳᠦᠰᠦᠯᠡᠭᠰᠡᠨ ᠶᠦ᠍ᠮ᠃
ᠨᠣᠮ ᠤᠩᠰᠢᠬᠤ ᠳ᠋ᠤ᠌ ᠮᠣᠷᠢᠨ ᠣᠷᠣᠯᠳᠣᠭ᠎ᠠ ᠪᠠᠷ ᠬᠤᠸᠠᠷ ᠴᠡᠴᠡᠭ ᠢ᠋ ᠰᠣᠨᠢᠷᠬᠠᠳᠠᠭ ᠲᠠᠢ ᠠᠳᠠᠯᠢ ᠨᠢᠳᠦ ᠬᠦᠷᠭᠡᠵᠦ ᠮᠥᠷ ᠰᠢᠷᠪᠢᠨ ᠥᠡᠭᠭᠡᠷᠭᠡᠵᠤ ᠪᠣᠯᠬᠤ ᠦᠭᠡᠢ᠃ ᠤᠳᠬ᠎ᠠ ᠤᠴᠢᠷ ᠢ᠋ ᠭᠦᠨ ᠭᠦᠨᠵᠡᠭᠡᠢ ᠤᠶ᠋ᠢᠯᠠᠭᠠᠬᠤ ᠶ᠋ᠢ ᠪᠣᠳᠣᠬᠤ ᠦᠭᠡᠢ᠂ ᠵᠥᠪᠬᠡᠨ ᠵᠣᠬᠢᠶᠠᠯ ᠤ᠋ᠨ ᠦᠯᠢᠭᠡᠷ ᠲᠤᠨᠢ ᠰᠢᠨᠤᠵᠤ ᠬᠠᠰᠢ ᠶᠠᠰᠢ ᠤᠩᠰᠢᠳᠠᠭ ᠮᠠᠭᠤ ᠵᠠᠩᠰᠢᠯ ᠢ᠋ ᠡᠷᠬᠡᠪᠰᠢ ᠲᠡᠪᠴᠢᠬᠦ ᠬᠡᠷᠡᠭᠲᠡᠢ᠃
ᠨᠣᠮ ᠤᠩᠰᠢᠬᠤ ᠳ᠋ᠤ᠌ ᠵᠠᠪᠠᠯ ᠲᠤᠰ ᠵᠣᠬᠢᠶᠠᠯ ᠤ᠋ᠨ ᠭᠣᠣᠯ ᠠᠭᠤᠯᠭ᠎ᠠ ᠪᠠ ᠳᠡᠳ᠋ ᠠᠭᠤᠯᠭ᠎ᠠ ᠶ᠋ᠢ ᠢᠯᠭᠠᠬᠤ ᠬᠡᠷᠡᠭᠲᠡᠢ᠃ ᠭᠣᠣᠯ ᠠᠭᠤᠯᠭ᠎ᠠ ᠪᠣᠯ ᠵᠣᠬᠢᠶᠠᠯ ᠤ᠋ᠨ ᠴᠢᠮᠥᠭᠡ ᠨᠢ ᠪᠣᠯᠤᠨ᠎ᠠ᠃ ᠲᠡᠶ᠋ᠢᠮᠦ ᠡᠴᠡ ᠳᠠᠬᠢᠨ ᠳᠠᠪᠲᠠᠨ ᠤᠩᠰᠢᠵᠤ᠂ ᠣᠯᠠᠨᠲᠠ ᠪᠣᠳᠣᠯᠬᠢᠯᠠᠪᠠᠯ ᠵᠣᠬᠢᠶᠠᠯ ᠤ᠋ᠨ ᠭᠣᠣᠯ᠂ ᠳᠡᠳ᠋ ᠠᠭᠤᠯᠭ᠎ᠠ ᠶ᠋ᠢ ᠨᠢ ᠤᠶ᠋ᠢᠯᠠᠭᠠᠨ᠂ ᠭᠣᠣᠯ ᠪᠠᠭᠠᠲᠤᠷ ᠬᠢᠭᠡᠳ ᠳᠡᠳ᠋ ᠪᠠᠭᠠᠲᠤᠷ᠂ ᠵᠢᠴᠢ ᠤᠶ᠋ᠢᠯᠠ ᠶᠠᠪᠤᠳᠠᠯ ᠵᠡᠷᠭᠡ ᠶ᠋ᠢ ᠨᠢ ᠢᠯᠭᠠᠨ ᠰᠠᠯᠭᠠᠨ ᠤᠶ᠋ᠢᠯᠠᠭᠠᠨ ᠠᠪᠴᠤ᠂ ᠤᠩᠰᠢᠬᠤ ᠲᠤᠲᠤᠮ ᠰᠠᠭᠤᠭᠳᠠᠯ ᠢ᠋ᠶ᠋ᠠᠷ ᠭᠦᠨ᠂ ᠬᠥᠮᠦᠵᠢᠯ ᠢ᠋ᠶ᠋ᠡᠷ ᠶᠡᠬᠡ ᠪᠣᠯᠵᠤ ᠴᠢᠳᠠᠨ᠎ᠠ᠃
ᠨᠣᠮ ᠤᠩᠰᠢᠭᠰᠠᠨ ᠤ᠋ ᠰᠡᠭᠦᠯᠡᠷ ᠰᠡᠳᠬᠢᠯ ᠬᠥᠳᠡᠯᠦᠭᠰᠡᠨ ᠵᠤᠶ᠋ᠢᠯ ᠢ᠋ ᠡᠷᠭᠢᠴᠡᠭᠦᠯᠦᠨ ᠪᠣᠳᠣᠵᠤ ᠦᠵᠡᠬᠦ ᠶᠠᠪᠤᠳᠠᠯ ᠪᠣᠯ ᠲᠣᠩ ᠴᠢᠬᠤᠯᠠ ᠶᠤᠮ᠃《 ᠷᠠᠶ᠋ᠢᠨᠠᠳᠤᠤ 》ᠭᠡᠬᠦ ᠮᠡᠲᠦ ᠶ᠋ᠢᠨ ᠬᠤᠬᠡᠤᠨ ᠤ᠋ ᠣᠨᠴᠠᠯᠢᠭ ᠲᠤ᠌ ᠲᠣᠬᠢᠷᠠᠭᠰᠠᠨ ᠰᠡᠳᠬᠢᠯ ᠬᠥᠳᠡᠯᠭᠡᠮ᠎ᠡ ᠵᠣᠬᠢᠶᠠᠯ ᠢ᠋ ᠳᠠᠬᠢᠨ ᠳᠠᠪᠲᠠᠨ ᠤᠩᠰᠢᠬᠤ ᠶᠠᠪᠤᠳᠠᠯ ᠪᠣᠯ ᠨᠡᠩ ᠭᠦᠨᠵᠡᠭᠡᠢ ᠰᠠᠭᠤᠭᠳᠠᠯ ᠲᠠᠢ ᠪᠣᠯᠳᠠᠭ ᠪᠢᠯᠡ᠃
ᠪᠢᠳᠡ ᠨᠣᠮ ᠤᠩᠰᠢᠬᠤ ᠳ᠋ᠠᠭᠠᠨ ᠪᠠᠰᠠ ᠲᠡᠮᠳᠡᠭᠯᠡᠯ ᠬᠢᠬᠦ ᠬᠡᠷᠡᠭᠲᠡᠢ᠃ ᠲᠡᠮᠳᠡᠭᠯᠡᠯ ᠬᠢᠬᠦ ᠳ᠋ᠦ᠍ ᠶᠡᠬᠡ ᠲᠥᠯᠥᠪ ᠪᠦᠳᠦᠭᠦᠪᠴᠢᠯᠡᠨ ᠲᠡᠮᠳᠡᠭᠯᠡᠬᠦ ᠪᠠ ᠨᠠᠷᠢᠪᠴᠢᠯᠠᠨ ᠲᠡᠮᠳᠡᠭᠯᠡᠬᠦ ᠭᠡᠵᠦ ᠪᠠᠶ᠋ᠢᠳᠠᠭ᠃ ᠪᠦᠳᠦᠭᠦᠪᠴᠢᠯᠡᠨ ᠲᠡᠮᠳᠡᠭᠯᠡᠬᠦ ᠭᠡᠳᠡᠭ ᠨᠢ ᠶᠠᠮᠠᠷ ᠨᠢᠭᠡᠨ ᠵᠣᠬᠢᠶᠠᠯ ᠢ᠋ ᠤᠩᠰᠢᠭᠰᠠᠨ ᠤ᠋ ᠳᠠᠷᠠᠭ᠎ᠠ᠂ ᠭᠣᠣᠯ ᠤᠶ᠋ᠢᠯᠠ ᠶᠠᠪᠤᠳᠠᠯ ᠨᠢ ᠪᠢᠳᠡᠨ ᠦ᠌ ᠣᠶᠤᠨ ᠲᠠᠷᠢᠬᠢᠨ ᠳ᠋ᠤ᠌ ᠬᠢᠷᠢ ᠵᠡᠷᠭᠡ ᠰᠠᠭᠤᠭᠳᠠᠭᠰᠠᠨ ᠪᠣᠯ ᠲᠡᠷᠡ ᠶᠣᠰᠣᠭᠠᠷ ᠨᠢ ᠥᠪᠡᠷ ᠦ᠋ᠨ ᠦᠭᠡ ᠪᠡᠷ ᠢ᠋ᠶ᠋ᠡᠨ ᠪᠦᠬᠦ ᠠᠭᠤᠯᠭ᠎ᠠ ᠶ᠋ᠢ ᠲᠤᠪᠴᠢᠯᠠᠠᠭᠠᠳ ᠬᠤᠷᠢᠶᠡᠭᠭᠤᠶ᠋ᠢᠯᠠᠵᠤ ᠠᠪᠬᠤ ᠶ᠋ᠢ ᠬᠡᠯᠡᠨ᠎ᠡ᠃ ᠪᠦᠳᠦᠭᠦᠪᠴᠢᠯᠡᠨ ᠲᠡᠮᠳᠡᠭᠯᠡᠬᠦ ᠠᠷᠭ᠎ᠠ ᠪᠠᠷ ᠨᠣᠮ ᠤᠩᠰᠢᠭᠰᠠᠨ ᠲᠥᠷᠥᠭᠳᠡᠯ᠂ ᠤᠶ᠋ᠢᠯᠠᠭᠠᠯᠳᠠ ᠬᠢᠭᠡᠳ ᠣᠯᠤᠯᠲᠠ ᠶ᠋ᠢ ᠪᠦᠷ ᠪᠢᠴᠢᠵᠦ ᠪᠣᠯᠤᠨ᠎ᠠ᠃
ᠨᠠᠷᠢᠪᠴᠢᠯᠠᠨ ᠲᠡᠮᠳᠡᠭᠯᠡᠬᠦ ᠭᠡᠳᠡᠭ ᠨᠢ ᠶᠠᠮᠠᠷ ᠨᠢᠭᠡᠨ ᠵᠣᠬᠢᠶᠠᠯ ᠢ᠋ ᠤᠩᠰᠢᠭᠰᠠᠨ ᠤ᠋ ᠳᠠᠷᠠᠭ᠎ᠠ᠂ ᠴᠠᠭ ᠤ᠋ᠨ ᠳᠠᠷᠠᠭᠠᠯᠠᠯ ᠪᠤᠶᠤ ᠤᠶ᠋ᠢᠯᠠ ᠶᠠᠪᠤᠳᠠᠯ ᠤ᠋ᠨ ᠬᠥᠭᠵᠢᠯᠲᠡ ᠶ᠋ᠢᠨ ᠬᠢᠨᠢ ᠳᠠᠷᠠᠭᠠᠯᠠᠯ ᠢ᠋ᠶ᠋ᠠᠷ ᠨᠠᠷᠢᠨ ᠲᠣᠳᠣᠷᠬᠠᠢ᠂ ᠨᠢᠭᠡ ᠨᠢᠭᠡ ᠪᠡᠷ ᠲᠡᠮᠳᠡᠭᠯᠡᠬᠦ ᠶ᠋ᠢ ᠬᠡᠯᠡᠵᠦ ᠪᠠᠶ᠋ᠢᠨ᠎ᠠ᠃ ᠨᠠᠷᠢᠪᠴᠢᠯᠠᠨ ᠲᠡᠮᠳᠡᠭᠯᠡᠯ ᠬᠢᠬᠦ ᠳ᠋ᠡᠭᠡᠨ ᠵᠠᠪᠠᠯ ᠳᠠᠬᠢᠨ ᠳᠠᠪᠲᠠᠨ ᠤᠩᠰᠢᠬᠤ ᠬᠡᠷᠡᠭᠲᠡᠢ᠃ ᠢᠩᠭᠢᠭᠰᠡᠨ ᠰᠠᠭᠤᠷᠢᠨ ᠳᠡᠭᠡᠷ᠎ᠡ ᠵᠣᠬᠢᠶᠠᠯ ᠤ᠋ᠨ ᠪᠦᠲᠦᠴᠡ᠂ ᠠᠭᠤᠯᠭ᠎ᠠ ᠶ᠋ᠢᠨ ᠲᠣᠪᠴᠢ᠂ ᠵᠣᠬᠢᠶᠠᠯ ᠳ᠋ᠤ᠌ ᠭᠠᠷᠴᠤ ᠪᠠᠶ᠋ᠢᠭ᠎ᠠ ᠬᠥᠮᠦᠰ ᠢ᠋ ᠵᠢᠭᠰᠠᠭᠠᠵᠤ ᠲᠤᠰ ᠲᠤᠰ ᠤ᠋ᠨ ᠬᠢᠨᠢ ᠵᠠᠩ ᠴᠢᠨᠠᠷ ᠣᠨᠴᠠᠯᠢᠭ ᠰᠢᠨᠵᠢ ᠶ᠋ᠢ ᠬᠦᠷᠲᠡᠯ᠎ᠡ ᠲᠡᠮᠳᠡᠭᠯᠡᠬᠦ᠂ ᠵᠣᠬᠢᠶᠠᠯ ᠤ᠋ᠨ ᠪᠢᠴᠢᠯᠭᠡ ᠶ᠋ᠢᠨ ᠣᠨᠴᠠᠯᠢᠭ᠂ ᠴᠡᠭᠡᠵᠢᠯᠡᠬᠦ ᠴᠢᠬᠤᠯᠠ ᠲᠠᠢ ᠬᠡᠰᠡᠭ ᠪᠦᠯᠦᠭ ᠢ᠋ ᠬᠡᠰᠡᠭᠯᠡᠨ ᠲᠡᠮᠳᠡᠭᠯᠡᠬᠦ ᠪᠠ ᠬᠤᠷᠴᠠ ᠰᠣᠩᠭᠣᠳᠠᠭ ᠦᠭᠡ ᠥᠭᠦᠯᠡᠪᠦᠷᠢ ᠶ᠋ᠢ ᠲᠡᠮᠳᠡᠭᠯᠡᠵᠦ ᠠᠪᠬᠤ ᠬᠡᠷᠡᠭᠲᠡᠢ᠃
ᠨᠣᠮ ᠤᠩᠰᠢᠬᠤ ᠳᠤᠮᠳᠠ ᠤᠶ᠋ᠢᠯᠠᠭᠠᠬᠤ ᠦᠭᠡᠢ ᠪᠤᠶᠤ ᠲᠠᠭ ᠮᠡᠳᠡᠬᠦ ᠦᠭᠡᠢ ᠬᠦᠨᠳᠦ ᠦᠭᠡ᠂ ᠥᠭᠦᠯᠡᠪᠦᠷᠢ ᠪᠠ ᠬᠡᠰᠡᠭ ᠪᠦᠯᠦᠭ ᠲᠣᠬᠢᠶᠠᠯᠳᠤᠳᠠᠭ ᠪᠢᠯᠡ᠃ ᠡᠨᠡ ᠠᠰᠠᠭᠤᠳᠠᠯ ᠢ᠋ ᠬᠡᠷᠬᠢᠨ ᠰᠢᠢᠳᠪᠦᠷᠢᠯᠡᠬᠦ ᠶᠦ᠍ᠮ ᠪᠣᠢ ? ᠭᠡᠪᠡᠯ ᠤᠷᠢᠳᠠᠪᠠᠷ ᠡᠳᠡᠭᠡᠷ ᠵᠦᠢᠯ ᠢ᠋ᠶ᠋ᠡᠨ ᠲᠡᠮᠳᠡᠭᠯᠡᠵᠦ ᠠᠪᠬᠤ ᠬᠡᠷᠡᠭᠲᠡᠢ᠃ ᠲᠡᠭᠡᠭᠡᠳ ᠬᠡᠷᠪᠡ ᠳᠠᠩ ᠦᠭᠡ ᠪᠣᠯ ᠤᠷᠢᠳᠠᠪᠠᠷ ᠳᠡᠭᠡᠷ᠎ᠡ ᠳᠣᠣᠷ᠎ᠠ ᠦᠭᠡ ᠲᠡᠢ ᠨᠢ ᠬᠣᠯᠪᠣᠵᠤ ᠣᠯᠠᠨᠲᠠ ᠤᠩᠰᠢᠵᠤ ᠣᠯᠠᠨᠲᠠ ᠪᠣᠳᠣᠯᠬᠢᠯᠠᠵᠤ ᠦᠵᠡᠬᠦ ᠬᠡᠷᠡᠭᠲᠡᠢ᠃ ᠢᠩᠭᠢᠭᠡᠳ ᠮᠡᠳᠡᠬᠦ ᠦᠭᠡᠢ ᠪᠣᠯ ᠲᠤᠰ ᠦᠭᠡ ᠶ᠋ᠢᠨ ᠢᠵᠠᠭᠤᠷ ᠢ᠋ ᠨᠢ ᠣᠯᠤᠭᠠᠷᠠᠢ᠃ ᠲᠡᠭᠡᠭᠡᠳ ᠪᠠᠰᠠ ᠰᠢᠢᠳᠪᠦᠷᠢᠯᠡᠵᠦ ᠴᠢᠳᠠᠬᠤ ᠦᠭᠡᠢ ᠪᠣᠯ ᠲᠣᠯᠢ ᠤᠷᠪᠠᠭᠤᠯᠬᠤ᠂ ᠡᠰᠡᠪᠡᠯ ᠪᠠᠭᠰᠢ ᠪᠤᠶᠤ ᠪᠤᠰᠤᠳ ᠬᠥᠮᠦᠨ ᠡᠴᠡ ᠠᠰᠠᠭᠤᠬᠤ ᠬᠡᠷᠡᠭᠲᠡᠢ᠃ ᠤᠶ᠋ᠢᠯᠠᠭᠠᠬᠤ ᠦᠭᠡᠢ ᠪᠤᠶᠤ ᠮᠡᠳᠡᠬᠦ ᠦᠭᠡᠢ ᠥᠭᠦᠯᠡᠪᠦᠷᠢ᠂ ᠡᠰᠡᠪᠡᠯ ᠨᠢᠭᠡ ᠬᠡᠰᠡᠭ ᠦ᠋ᠨ ᠠᠭᠤᠯᠭ᠎ᠠ ᠶ᠋ᠢ ᠪᠣᠯ ᠮᠥᠨ ᠳᠠᠬᠢᠨ ᠳᠠᠪᠲᠠᠨ ᠤᠩᠰᠢᠵᠤ ᠨᠠᠷᠢᠨ ᠪᠣᠳᠣᠯᠬᠢᠯᠠᠵᠤ ᠰᠢᠷᠭᠠᠭᠤ ᠬᠠᠲᠠᠭᠤᠵᠢᠯᠲᠠᠢ ᠪᠠᠷ ᠰᠤᠳᠤᠯᠬᠤ ᠴᠢᠬᠤᠯᠠ ᠲᠠᠢ᠃ ᠢᠩᠭᠢᠭᠡᠳ ᠪᠠᠰᠠ ᠤᠶ᠋ᠢᠯᠠᠭᠠᠬᠤ ᠦᠭᠡᠢ ᠪᠣᠯ ᠪᠠᠭᠰᠢ ᠪᠤᠶᠤ ᠪᠤᠰᠤᠳ ᠬᠥᠮᠦᠰ ᠡᠴᠡ ᠠᠰᠠᠭᠤᠬᠤ ᠬᠡᠷᠡᠭᠲᠡᠢ᠃ ᠭᠡᠬᠦ ᠳ᠋ᠡᠭᠡᠨ ᠠᠯᠵᠠᠭᠤᠷᠠᠨ ᠵᠠᠯᠬᠠᠭᠤᠷᠠᠵᠤ ᠪᠡᠯᠡᠨ ᠬᠣᠭᠣᠯᠠ ᠢᠳᠡᠵᠦ ᠪᠣᠯᠬᠤ ᠦᠭᠡᠢ᠃ ᠪᠠᠭ᠎ᠠ ᠯᠠ ᠮᠡᠳᠡᠬᠦ ᠦᠭᠡᠢ ᠵᠤᠶ᠋ᠢᠯ ᠲᠣᠬᠢᠶᠠᠯᠳᠤᠮᠠᠭᠴᠠ ᠥᠪᠡᠷ ᠢ᠋ᠶ᠋ᠡᠨ ᠲᠠᠷᠢᠬᠢ ᠲᠣᠯᠣᠭᠠᠢ ᠪᠠᠨ ᠬᠥᠳᠡᠯᠭᠡᠬᠦ ᠦᠭᠡᠢ ᠪᠡᠷ ᠪᠤᠰᠤᠳ ᠠ᠋ᠴᠠ ᠠᠰᠠᠭᠤᠳᠠᠭ ᠮᠠᠭᠤ ᠵᠠᠩᠰᠢᠯ ᠢ᠋ ᠵᠠᠪᠠᠯ ᠴᠡᠭᠡᠷᠯᠡᠬᠦ ᠬᠡᠷᠡᠭᠲᠡᠢ᠃
ᠨᠣᠮ ᠤᠩᠰᠢᠬᠤ ᠪᠣᠯ ᠨᠢᠭᠡᠨ ᠰᠢᠷᠭᠠᠭᠤ ᠬᠠᠲᠠᠭᠤᠵᠢᠯᠲᠠᠢ ᠬᠥᠳᠡᠯᠮᠦᠷᠢ ᠶᠦ᠍ᠮ᠃ ᠪᠢᠴᠢᠬᠠᠨ ᠨᠠᠶ᠋ᠢᠵᠠ ᠨᠠᠷ ᠮᠢᠨᠢ ᠬᠥᠮᠦᠨ ᠪᠣᠯᠭᠠᠨ ᠨᠣᠮ ᠤ᠋ᠨ《 ᠬᠣᠷᠣᠬᠠᠢ 》ᠪᠣᠯᠬᠤ ᠬᠡᠷᠡᠭᠲᠡᠢ᠃ ᠮᠠᠨ ᠤ᠋ ᠤᠯᠤᠰ ᠤ᠋ᠨ ᠡᠷᠲᠡᠨ ᠦ᠌ ᠠᠯᠳᠠᠷᠲᠤ ᠰᠢᠯᠦᠭᠴᠢ ᠳᠦ ᠹᠦ ᠶ᠋ᠢᠨ ᠬᠡᠯᠡᠭᠰᠡᠨ《 ᠪᠢᠴᠢᠭ ᠨᠣᠮ ᠢ᠋ ᠣᠯᠠᠨ ᠤᠩᠰᠢᠪᠠᠰᠤ ᠪᠢᠷ ᠦ᠋ᠨ ᠦᠵᠦᠭᠦᠷ ᠰᠢᠳᠢ ᠣᠷᠣᠰᠢᠮᠤᠢ 》 ᠭᠡᠳᠡᠭ ᠦᠭᠡ ᠶ᠋ᠢ ᠵᠠᠪᠠᠯ ᠴᠡᠭᠡᠵᠢᠯᠡᠬᠦ ᠬᠡᠷᠡᠭᠲᠡᠢ᠃
ᠢᠷᠡᠯᠲᠡ ᠄
ᠲᠠᠪᠤᠨ ᠵᠢᠯ ᠦᠨ ᠲᠦᠷᠢᠮᠳᠦ ᠪᠠᠭ᠎ᠠ ᠰᠤᠷᠭᠠᠭᠤᠯᠢ ᠳᠤ ᠦᠵᠡᠬᠦ
ᠬᠡᠯᠡ ᠪᠢᠴᠢᠭ ᠶᠢᠰᠦᠳᠦᠭᠡᠷ ᠲᠡᠪᠳᠡᠷ ※
ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶ᠎ᠠ ᠨᠠᠢᠢᠷᠠᠭᠤᠯᠤᠨ ᠬᠡᠪᠯᠡᠭᠦᠯᠪᠡ
ᠦᠪᠦᠷ ᠮᠤᠩᠭᠤᠯ ᠤᠨ ᠰᠢᠨᠬᠤᠸᠠ ᠨᠤᠮ ᠤᠨ ᠲᠡᠯᠭᠡᠭᠦᠷ ᠲᠠᠷᠬᠠᠭᠠᠪᠠ
ᠦᠪᠦᠷ ᠮᠤᠩᠭᠤᠯ ᠤᠨ ᠮᠤᠩᠭᠤᠯ ᠪᠢᠴᠢᠭ ᠬᠡᠪᠯᠠᠬᠦ ᠦᠢᠯᠡᠳᠪᠦᠷᠢ ᠬᠡᠪᠯᠡᠪᠡ
1981 ᠤᠨ ᠤ 5 ᠰᠠᠷ᠎ᠠ ᠳᠤ ᠬᠤᠶᠠᠳᠤᠭᠠᠷ ᠬᠡᠪ ᠢ ᠬᠢᠪᠡ
1984 ᠤᠨ ᠤ 4 ᠰᠠᠷ᠎ᠠ ᠳᠤ ᠲᠦᠷᠪᠡᠳᠦᠭᠡᠷ ᠤᠳᠠᠭ᠎ᠠ ᠶ᠋ᠢᠨ ᠬᠡᠪᠯᠡᠯ ᠡᠴᠡ ᠰᠣᠩᠭᠣᠪᠠ ᠃
ᠦᠰᠦᠭ ᠠᠮᠢᠯᠠᠭᠤᠯᠤᠭᠴᠢ ᠄ ᠰᠠᠶ᠋ᠢᠨᠴᠡᠴᠡᠭ
ᠬᠢᠨᠠᠭᠴᠢ ᠄ ᠣᠤᠠᠬᠠᠨᠰᠣ᠎ᠠ ᠂ ᠲᠣ᠋ · ᠨᠠᠨᠳᠢᠨ
2023.3.19
