ᠪᠢ ᠮᠣᠩᠭᠣᠯ ᠬᠥᠮᠦᠨ- ᠴ · ᠴᠢᠮᠡᠳ- ᠬᠠᠭᠤᠴᠢᠨ ᠬᠢᠴᠢᠶᠡᠯ ᠦᠨ ᠨᠣᠮБи монгол хүн-Ч · Чимэд-хуучин хичээлийн ном
ᠪᠢ ᠮᠣᠩᠭᠣᠯ ᠬᠥᠮᠦᠨ
ᠵᠣᠬᠢᠶᠠᠭᠴᠢ᠄ ᠴ· ᠴᠢᠮᠡᠳ
ᠤᠶᠠᠩᠭᠠᠯᠠᠭᠴᠢ᠄ ᠣᠳᠬᠠᠨᠰᠣ᠎ᠠ
ᠠᠷᠭᠠᠯ ᠤ᠋ᠨ ᠤᠲᠤᠭ᠎ᠠ ᠪᠤᠷᠭᠢᠯᠤᠭᠰᠠᠨ
ᠮᠠᠯᠴᠢᠨ ᠤ᠋ ᠭᠡᠷ ᠲᠦ᠍ ᠲᠥᠷᠥᠭᠰᠡᠨ ᠪᠢ
ᠠᠲᠠᠷ ᠬᠡᠭᠡᠷ᠎ᠡ ᠨᠤᠲᠤᠭ ᠢ᠋ᠶ᠋ᠠᠨ
ᠥᠯᠥᠭᠡᠢ ᠮᠢᠨᠢ ᠭᠡᠵᠦ ᠪᠣᠳᠣᠳᠠᠭ ᠃
ᠴᠡᠩᠬᠡᠷ ᠮᠠᠨᠠᠨ ᠰᠤᠭᠤᠨᠠᠭᠯᠠᠭᠰᠠᠨ
ᠠᠯᠤᠰ ᠤ᠋ᠨ ᠪᠠᠷ᠎ᠠ ᠶ᠋ᠢ ᠰᠢᠷᠲᠡᠭᠡᠳ
ᠴᠡᠯᠡᠭᠡᠷ ᠰᠠᠢᠬᠠᠨ ᠨᠤᠲᠤᠭ ᠢ᠋ᠶ᠋ᠠᠨ
ᠰᠡᠳᠬᠢᠯ ᠪᠠᠬᠠᠳᠤᠨ ᠬᠠᠷᠠᠬᠤ ᠳ᠋ᠤ᠌
ᠦᠯᠢᠶᠡᠵᠦ ᠪᠠᠢᠭ᠎ᠠ ᠰᠠᠯᠬᠢ ᠨᠢ
ᠦᠨᠦᠰᠦᠭᠡᠳ ᠪᠠᠢᠭ᠎ᠠ ᠴᠤ᠌ ᠶᠤᠮ ᠰᠢᠭ᠋
ᠥᠷᠥᠰᠢᠶᠡᠯᠲᠦ ᠡᠵᠢ ᠶ᠋ᠢᠨ ᠮᠢᠨᠢ ᠭᠠᠷ
ᠢᠯᠪᠢᠭᠡᠳ ᠪᠠᠢᠭ᠎ᠠ ᠴᠤ᠌ ᠶᠤᠮ ᠰᠢᠭ᠋
ᠡᠨᠡᠷᠢᠩᠭᠦᠢ ᠰᠠᠢᠬᠠᠨ ᠰᠠᠨᠠᠭᠳᠠᠬᠤ ᠳ᠋ᠤ᠌
ᠡᠯᠢᠭᠡ ᠵᠢᠷᠦᠬᠡ ᠮᠢᠨᠢ ᠳᠣᠭᠳᠣᠯᠵᠤ
ᠬᠣᠣᠰ ᠦᠭᠡᠢ ᠪᠠᠶᠠᠷ ᠤ᠋ᠨ ᠨᠢᠯᠪᠤᠰᠤ
ᠬᠣᠶᠠᠷ ᠨᠢᠳᠦ ᠶ᠋ᠢ ᠮᠢᠨᠢ ᠪᠦᠷᠬᠦᠳᠡᠭ ᠃
ᠥᠷᠭᠡᠨ ᠰᠠᠢᠬᠠᠨ ᠨᠤᠲᠤᠭ ᠤ᠋ᠨ ᠢ᠋ᠶ᠋ᠠᠨ
ᠡᠪᠴᠢᠭᠦᠨ ᠳᠡᠭᠡᠷ᠎ᠡ ᠨᠢ ᠲᠥᠷᠥᠭᠡᠳ
ᠥᠨᠢᠷ ᠠᠭᠤᠳᠠᠮ ᠲᠠᠯ᠎ᠠ ᠶ᠋ᠢᠨ ᠢ᠋ᠶ᠋ᠡᠨ
ᠥᠩᠭᠡᠲᠦ ᠠᠮᠢᠳᠤᠷᠠᠯ ᠤ᠋ᠨ ᠲᠥᠯᠥᠭᠡ
ᠠᠮᠢ ᠪᠡᠶ᠎ᠡ ᠪᠡᠨ ᠵᠣᠷᠢᠭᠤᠯᠳᠠᠭ
ᠠᠷᠢᠭᠤᠨ ᠨᠠᠨᠳᠢᠨ ᠵᠠᠩᠰᠢᠯ ᠲᠠᠢ
ᠡᠪᠦᠭᠡᠳ ᠬᠥᠭᠰᠢᠳ ᠳᠡᠭᠡᠳᠦᠰ ᠦ᠋ᠨ ᠮᠢᠨᠢ
ᠦᠷ᠎ᠡ ᠪᠡᠨ ᠭᠡᠵᠦ ᠨᠠᠢᠳᠠᠭᠠᠳ
ᠦᠯᠡᠳᠡᠭᠡᠵᠦ ᠨᠠᠳᠠ ᠥᠭᠭᠦᠭᠰᠡᠨ
ᠥᠨᠢᠷ ᠮᠣᠩᠭᠣᠯ ᠣᠷᠣᠨ ᠤ᠋
ᠨᠠᠷᠠ ᠨᠢ ᠨᠠᠮᠠᠶ᠋ᠢ ᠭᠡᠢᠭᠦᠯᠵᠦ
ᠨᠠᠷᠢᠨ ᠰᠠᠯᠬᠢ ᠨᠢ ᠦᠯᠢᠶᠡᠵᠦ
ᠨᠠᠮᠢᠷᠠᠭ᠎ᠠ ᠬᠤᠷ᠎ᠠ ᠨᠢ ᠲᠡᠵᠢᠭᠡᠵᠦ
ᠨᠠᠢᠷᠠᠯᠲᠠᠢ ᠰᠠᠢᠬᠠᠨ ᠣᠷᠣᠨ ᠮᠢᠨᠢ
ᠨᠠᠳᠠ ᠲᠠᠢ ᠬᠤᠪᠢ ᠨᠢᠭᠡᠲᠡᠢ ᠪᠠᠢᠳᠠᠭ ᠲᠤᠯᠠ
ᠤᠨᠠᠭᠰᠠᠨ ᠡᠨᠡ ᠨᠤᠲᠤᠭ ᠢ᠋ᠶ᠋ᠠᠨ ᠪᠢ
ᠥᠪᠡᠷ ᠦ᠋ᠨ ᠪᠡᠶ᠎ᠡ ᠰᠢᠭ᠌ ᠬᠠᠢᠷᠠᠯᠠᠵᠤ
ᠤᠬᠢᠶᠠᠭᠰᠠᠨ ᠲᠤᠩᠭᠠᠯᠠᠭ ᠮᠥᠷᠡᠨ ᠢ᠋ᠶ᠋ᠡᠨ ᠪᠢ
ᠡᠬᠡ ᠶ᠋ᠢᠨ ᠰᠦ᠋ ᠰᠢᠭ᠌ ᠰᠠᠨᠠᠳᠠᠭ
ᠡᠨᠡ ᠨᠤᠲᠤᠭ ᠲᠠᠭᠠᠨ ᠪᠢ ᠡᠵᠡᠨ ᠨᠢ ᠶᠤᠮ
ᠡᠩᠬᠦᠷᠡᠢᠯᠡᠯ ᠳ᠋ᠦ᠍ᠨᠢ ᠥᠰᠦᠭᠰᠡᠨ ᠬᠦᠦ ᠨᠢ ᠶᠤᠮ ᠃
ᠢᠷᠡᠭᠡᠳᠦᠢ ᠶ᠋ᠢ ᠨᠢ ᠲᠦᠮᠡᠨ ᠲᠡᠢ ᠪᠡᠨ ᠪᠣᠰᠬᠠᠯᠴᠠᠬᠤ
ᠶᠡᠬᠡ ᠡᠭᠦᠷᠭᠡ ᠬᠦᠯᠢᠶᠡᠭᠰᠡᠨ ᠶᠤᠮ᠃
ᠪᠢ ᠮᠣᠩᠭᠣᠯ ᠬᠥᠮᠦᠨ ᠪᠣᠯᠬᠣᠷ
ᠪᠢᠨᠳᠠᠷᠠᠶᠠ ᠨᠤᠲᠤᠭ ᠤ᠋ᠨ ᠢ᠋ᠶ᠋ᠠᠨ ᠲᠥᠯᠥᠭᠡ
ᠠᠮᠢ ᠪᠡᠶ᠎ᠡ ᠂ ᠪᠦᠬᠦ ᠨᠠᠰᠤ ᠪᠠᠨ
ᠠᠪᠴᠤ ᠪᠠᠢᠭ᠎ᠠ ᠠᠮᠢᠰᠬᠤᠭ᠎ᠠ ᠪᠠᠨ
ᠣᠷᠭᠢᠯᠵᠤ ᠪᠠᠢᠭ᠎ᠠ ᠵᠣᠷᠢᠭ ᠢ᠋ᠶ᠋ᠠᠨ
ᠠᠯᠢ ᠶ᠋ᠢ ᠨᠢ ᠴᠤ ᠬᠠᠢᠷᠠᠯᠠᠯ ᠦᠭᠡᠢ ᠵᠣᠷᠢᠭᠤᠯᠤᠨ᠎ᠠ ᠃
ᠦᠰᠦᠭ ᠠᠮᠢᠯᠠᠭᠤᠯᠤᠭᠴᠢ᠄ ᠣᠳᠬᠠᠨᠰᠣ᠎ᠠ
ᠦᠰᠦᠭ ᠬᠠᠳᠠᠭᠴᠢ᠄ ᠰᠣᠳᠣ
ᠬᠢᠨᠠᠭᠴᠢ᠄ ᠨᠤᠮᠤᠴᠢᠨ ᠪᠢᠯᠢᠭ᠌
※ᠢᠷᠡᠯᠲᠡ᠄ ᠠᠯᠪᠠᠨ ᠵᠢᠷᠤᠮ ᠤ᠋ᠨ ᠲᠠᠪᠤᠨ ᠵᠢᠯ ᠦ᠋ᠨ ᠳᠦᠷᠢᠮᠲᠦ ᠪᠠᠭ᠎ᠠ ᠰᠤᠷᠭᠠᠭᠤᠯᠢ ᠳ᠋ᠤ᠌ ᠦᠵᠡᠬᠦ ᠬᠡᠯᠡ ᠪᠢᠴᠢᠭ ᠠᠷᠪᠠᠳᠤᠭᠠᠷ ᠳᠡᠪᠲᠡᠷ
ᠥᠪᠥᠷ ᠮᠣᠩᠭᠣᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠨᠠᠢᠷᠠᠭᠤᠯᠤᠨ ᠬᠡᠪᠯᠡᠭᠦᠯᠪᠡ
ᠥᠪᠥᠷ ᠮᠣᠩᠭᠣᠯ ᠤ᠋ᠨ ᠰᠢᠨᠬᠤᠸᠠ ᠨᠣᠮ ᠤ᠋ᠨ ᠳᠡᠯᠭᠡᠭᠦᠷ ᠲᠠᠷᠬᠠᠭᠠᠪᠠ
ᠥᠪᠥᠷ ᠮᠣᠩᠭᠣᠯ ᠤ᠋ᠨ ᠰᠤᠷᠭᠠᠨ ᠬᠥᠮᠦᠵᠢᠯ ᠦ᠋ᠨ ᠬᠡᠪᠯᠡᠬᠦ ᠦᠢᠯᠡᠳᠪᠦᠷᠢ ᠬᠡᠪᠯᠡᠪᠡ
1991 ᠣᠨ ᠤ᠋3 ᠰᠠᠷ᠎ᠠ ᠳ᠋ᠤ᠌ ᠠᠩᠬᠠᠳᠤᠭᠠᠷ ᠬᠡᠪ ᠢ᠋ ᠬᠢᠪᠡ
1994 ᠣᠨ ᠤ᠋ ᠳᠥᠷᠪᠡᠳᠦᠭᠡᠷ ᠰᠠᠷ᠎ᠠ ᠳ᠋ᠤ᠌ ᠳᠥᠷᠪᠡᠳᠦᠭᠡᠷ ᠤᠳᠠᠭ᠎ᠠ ᠬᠡᠪᠯᠡᠪᠡ
