ᠲᠥᠷᠥᠯᠬᠢ ᠬᠡᠯᠡ ᠶᠢᠨ ᠢᠳᠡ ᠬᠦᠴᠦ- ᠣᠤᠠᠬᠠᠨᠰᠣ ‍ᠠ᠋Төрөлх хэлийн ид хүч-Отхонсо ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠥᠷᠥᠯᠬᠢ ᠬᠡᠯᠡ ᠶᠢᠨ ᠢᠳᠡ ᠬᠦᠴᠦ- ᠣᠤᠠᠬᠠᠨᠰᠣ ‍ᠠ᠋Төрөлх хэлийн ид хүч-Отхонсо

ᠲᠥᠷᠥᠯᠬᠢ ᠬᠡᠯᠡ ᠶᠢᠨ ᠢᠳᠡ ᠬᠦᠴᠦ- ᠣᠤᠠᠬᠠᠨᠰᠣ ‍ᠠ᠋Төрөлх хэлийн ид хүч-Отхонсо

2023-05-16

1151

ᠲᠥᠷᠥᠯᠬᠢ ᠬᠡᠯᠡ ᠶᠢᠨ ᠢᠳᠡ ᠬᠦᠴᠦ

                                           ᠣᠤᠠᠬᠠᠨᠰᠣ ‍ᠠ᠋

  ᠥᠪᠡᠷ ᠦ᠋ᠨ ᠦᠨᠳᠦᠰᠦᠲᠡᠨ ᠢ᠋ᠶ᠋ᠡᠨ ᠬᠠᠶ᠋ᠢᠷᠠᠯᠠᠬᠤ ᠪᠣᠯ ᠪᠢᠳᠡᠨ ᠦ᠌ ᠢᠲᠡᠭᠡᠯ ᠨᠠᠶ᠋ᠢᠲᠠᠪᠤᠷᠢ ᠶ᠋ᠢᠨ ᠡᠬᠢ ᠪᠤᠯᠠᠭ ᠮᠥᠨ ᠭᠡᠵᠦ ᠵᠧᠦ ᠡᠸᠨ ᠯᠠᠢ ᠶᠡᠷᠦᠩᠬᠡᠢ ᠰᠠᠶ᠋ᠢᠳ ᠬᠡᠯᠡᠭᠰᠡᠨ ᠶᠦ᠍ᠮ᠃ ᠥᠪᠡᠷ ᠦ᠋ᠨ ᠦᠨᠳᠦᠰᠦᠲᠡᠨ ᠦ᠌ ᠦᠭᠡ ᠬᠡᠯᠡ᠂ ᠦᠰᠦᠭ ᠪᠢᠴᠢᠭ ᠢ᠋ᠶ᠋ᠡᠨ ᠬᠦᠨᠳᠦᠳᠬᠡᠵᠦ᠂ ᠦᠨᠳᠦᠰᠦᠲᠡᠨ ᠦ᠌ ᠪᠡᠨ ᠵᠠᠩ ᠳᠠᠳᠬᠠᠯ ᠊ᠢ ᠬᠠᠮᠠᠭᠠᠯᠠᠳᠠᠭ ᠬᠥᠮᠦᠨ ᠪᠣᠯ ᠡᠷᠬᠢᠮ ᠳᠡᠭᠡᠳᠦ ᠪᠣᠯᠪᠠᠰᠤᠨ ᠰᠤᠷᠲᠠᠯ ᠲᠠᠢ ᠬᠥᠮᠦᠨ ᠭᠡᠵᠦ ᠪᠢ ᠦᠵᠡᠳᠡᠭ᠃ ᠥᠪᠡᠷ ᠦ᠋ᠨ ᠦᠨᠳᠦᠰᠦᠲᠡᠨ ᠢ᠋ᠶ᠋ᠡᠨ ᠪᠤᠰᠤᠳ ᠦᠨᠳᠦᠰᠦᠲᠡᠨ ᠲᠡᠢ ᠮᠥᠷᠥ ᠵᠡᠷᠭᠡᠴᠡᠭᠦᠯᠦᠨ ᠮᠠᠨᠳᠤᠭᠤᠯᠵᠤ ᠬᠥᠭᠵᠢᠭᠦᠯᠦᠶ᠎ᠡ ᠭᠡᠪᠡᠯ ᠡᠷᠬᠡᠪᠰᠢ ᠶᠠᠭᠤᠨ ᠤ᠋ ᠡᠮᠦᠨ᠎ᠡ ᠬᠠᠮᠤᠭ ᠤ᠋ᠨ ᠣᠨᠴᠠᠯᠢᠭ ᠪᠣᠯᠬᠤ ᠦᠭᠡ ᠬᠡᠯᠡ᠂ ᠦᠰᠦᠭ ᠪᠢᠴᠢᠭ ᠢ᠋ᠶ᠋ᠡᠨ ᠰᠤᠷᠴᠤ ᠬᠥᠭᠵᠢᠭᠦᠯᠬᠦ ᠬᠡᠷᠡᠭᠲᠡᠢ᠃

  ᠮᠠᠨ ᠤ᠋ ᠦᠨᠳᠦᠰᠦᠲᠡᠨ ᠪᠣᠯ ᠤᠷᠲᠤ ᠤᠳᠠᠭᠠᠨ ᠲᠡᠦᠬᠡ ᠲᠡᠢ᠂ ᠥᠨᠢᠷ ᠪᠠᠶᠠᠯᠢᠭ ᠤᠳᠬ᠎ᠠ ᠰᠣᠶᠣᠯ ᠤ᠋ᠨ ᠥᠪ ᠬᠥᠷᠥᠩᠭᠡ ᠲᠡᠢ᠂ ᠡᠷᠡᠯᠬᠡᠭ ᠪᠠᠭᠠᠲᠤᠷᠯᠢᠭ᠂ ᠦᠨᠡᠨᠴᠢ ᠰᠢᠳᠤᠷᠭᠤ᠂ ᠲᠥᠪ ᠴᠢᠬᠡᠴᠢ ᠪᠣᠯᠪᠠᠰᠤᠨ ᠦᠨᠳᠦᠰᠦᠲᠡᠨ ᠪᠣᠯᠬᠤ ᠶᠤᠮ᠃ ᠮᠠᠨ ᠳ᠋ᠤ᠌ ᠲᠡᠦᠬᠡ ᠪᠠ ᠤᠷᠠᠨ ᠵᠣᠬᠢᠶᠠᠯ ᠤ᠋ᠨ ᠣᠷᠭᠢᠯ ᠪᠣᠯᠤᠭᠰᠠᠨ ᠮᠣᠩᠭᠣᠯ ᠤ᠋ᠨ ᠨᠢᠭᠤᠴᠠ ᠲᠣᠪᠴᠢᠶᠠᠨ ᠭᠡᠰᠡᠷ ᠦ᠋ᠨ ᠲᠣᠭᠣᠵᠢ ᠵᠠᠩᠭᠠᠷ ᠵᠡᠷᠭᠡ ᠦᠨᠡᠲᠦ ᠬᠣᠪᠣᠷ ᠰᠣᠶᠣᠯ ᠤ᠋ᠨ ᠥᠪ ᠲᠡᠢ ᠪᠥᠭᠡᠳ ᠡᠵᠡᠨ ᠴᠢᠩᠭᠢᠰ ᠦ᠋ᠨ ᠠᠯᠳᠠᠷ ᠭᠠᠪᠢᠶ᠎ᠠ ᠠᠯᠲᠠᠨ ᠳᠡᠯᠡᠬᠡᠢ ᠶ᠋ᠢ ᠳᠣᠩᠰᠣᠯᠭᠠᠭᠰᠠᠨ ᠲᠡᠦᠬᠡ ᠲᠡᠢ ᠪᠢᠯᠡ᠃ ᠡᠳᠡᠭᠡᠷ ᠡᠴᠡ ᠪᠢᠳᠡ ᠮᠠᠨ ᠤ᠋ ᠦᠨᠳᠦᠰᠦᠲᠡᠨ ᠦ᠌ ᠪᠠᠶᠠᠯᠢᠭ ᠰᠣᠶᠣᠯ ᠤ᠋ᠨ ᠥᠪ ᠬᠥᠷᠥᠩᠭᠡ ᠪᠠ ᠲᠤᠬᠠᠢ ᠶ᠋ᠢᠨ ᠠᠷᠠᠳ ᠲᠦᠮᠡᠨ ᠦ᠌ ᠥᠪᠡᠷ ᠦ᠋ᠨ ᠦᠨᠳᠦᠰᠦᠲᠡᠨ ᠳ᠋ᠡᠭᠡᠨ ᠬᠢᠵᠠᠭᠠᠯᠠᠰᠢ ᠦᠭᠡᠢ ᠬᠠᠶ᠋ᠢᠷ᠎ᠠ ᠰᠡᠳᠬᠢᠯᠭᠡ ᠪᠡᠷ ᠵᠢᠳᠬᠦᠨ ᠲᠡᠮᠡᠴᠡᠵᠦ ᠪᠠᠶ᠋ᠢᠬᠰᠠᠨ ᠊ᠢ ᠣᠯᠵᠤ ᠬᠠᠷᠠᠵᠤ ᠪᠣᠯᠬᠤ ᠶᠤᠮ᠃ ᠰᠢᠨᠵᠢᠯᠡᠬᠦ ᠤᠬᠠᠭᠠᠨ ᠊ᠢ ᠬᠥᠭᠵᠢᠭᠦᠯᠦᠭᠰᠡᠨ ᠲᠠᠯ᠎ᠠ ᠪᠡᠷ ᠴᠦ᠍ ᠮᠣᠩᠭᠣᠯ ᠦᠨᠳᠦᠰᠦᠲᠡᠨ ᠤᠷᠲᠤ ᠤᠳᠠᠭᠠᠨ ᠲᠡᠦᠬᠡ ᠲᠠᠢ ᠶᠤᠮ᠃ ᠵᠢᠱ᠌ᠢᠶᠡᠯᠡᠪᠡᠯ ᠮᠢᠩᠭᠠᠲᠤ ᠲᠣᠭᠣᠷᠢᠭ ᠤ᠋ᠨ ᠣᠭᠲᠣᠯᠤᠯ ᠤ᠋ᠨ ᠦᠷᠭᠦᠯᠵᠢᠯᠡᠯ᠂ ᠬᠠᠷᠢᠴᠠᠭᠠᠲᠤ ᠶ᠋ᠢᠨ ᠠᠷᠭ᠎ᠠ  ᠶ᠋ᠢ ᠡᠭᠦᠳᠦᠭᠡᠳ ᠮᠠᠨ ᠤ᠋ ᠤᠯᠤᠰ ᠤ᠋ᠨ ᠲᠣᠭᠠᠨ ᠤ᠋ ᠤᠬᠠᠭᠠᠨ ᠤ᠋ ᠬᠥᠭᠵᠢᠯᠲᠡ ᠳ᠋ᠦ᠍ ᠵᠣᠬᠢᠬᠤ ᠨᠥᠯᠥᠭᠡ ᠦᠵᠡᠭᠦᠯᠵᠡᠢ᠃ ᠡᠭᠦᠨ ᠡᠴᠡ ᠪᠢᠳᠡ ᠮᠠᠨ ᠤ᠋ ᠦᠨᠳᠦᠰᠦᠲᠡᠨ ᠪᠣᠯ ᠠᠯᠢ ᠡᠷᠲᠡ ᠡᠴᠡ ᠠᠪᠤᠭᠠᠳ ᠪᠤᠰᠤᠳ ᠦᠨᠳᠦᠰᠦᠲᠡᠨ ᠲᠡᠢ ᠠᠳᠠᠯᠢ ᠪᠠᠷ ᠰᠣᠶᠣᠯ ᠰᠢᠨᠵᠢᠯᠡᠯ ᠦ᠋ᠨ ᠲᠠᠯ᠎ᠠ ᠪᠠᠷ ᠡᠭᠦᠳᠦᠯᠲᠡ ᠲᠡᠢ ᠭᠡᠳᠡᠭ ᠊ᠢ ᠮᠡᠳᠡᠵᠦ ᠪᠣᠯᠬᠤ ᠶᠤᠮ᠃

  ᠡᠶ᠋ᠢᠮᠦ ᠪᠠᠶ᠋ᠢᠲᠠᠯ᠎ᠠ ᠪᠢᠳᠡ ᠮᠣᠩᠭᠣᠯ ᠬᠥᠮᠦᠨ ᠪᠠᠶ᠋ᠢᠭᠠᠳ ᠥᠪᠡᠷ ᠦ᠋ᠨ ᠦᠨᠳᠦᠰᠦᠲᠡᠨ ᠦ᠌ ᠦᠭᠡ ᠬᠡᠯᠡ᠂ ᠦᠰᠦᠭ ᠪᠢᠴᠢᠭ ᠢ᠋ᠶ᠋ᠡᠨ ᠬᠦᠨᠳᠦᠳᠬᠡᠨ ᠬᠥᠭᠵᠢᠭᠦᠯᠬᠦ ᠦᠭᠡᠢ ᠪᠣᠯ ᠵᠥᠷᠢᠭᠦᠦ ᠬᠠᠨᠳᠤᠭᠰᠠᠨ ᠵᠢᠷᠦᠬᠡ ᠲᠡᠢ ᠪᠤᠵᠠᠷ ᠮᠠᠭᠤᠬᠠᠢ ᠰᠠᠨᠠᠭ᠎ᠠ ᠲᠠᠢ ᠪᠠᠶ᠋ᠢᠵᠤ ᠮᠠᠭᠠᠳ᠂ ᠣᠳᠣ ᠳᠡᠯᠡᠬᠡᠢ ᠨᠡᠶ᠋ᠢᠲᠡ ᠪᠡᠷ ᠢ᠋ᠶ᠋ᠡᠨ ᠪᠦᠷ ᠮᠣᠩᠭᠣᠯ ᠬᠡᠯᠡᠨ ᠦ᠌ ᠪᠠᠶᠠᠨ ᠳᠡᠯᠭᠡᠷ ᠥᠭᠭᠢᠶᠡᠮᠦᠷ ᠰᠢᠮ᠎ᠡ ᠶ᠋ᠢ ᠰᠤᠳᠤᠯᠤᠨ ᠰᠢᠨᠵᠢᠯᠡᠵᠦ ᠪᠠᠶ᠋ᠢᠲᠠᠯ᠎ᠠ ᠪᠢᠳᠡ ᠬᠠᠷᠢᠨ ᠪᠠᠯ ᠊ᠢ ᠨᠢ ᠢᠳᠡᠭᠡᠳ ᠰᠢᠮ᠎ᠡ ᠶ᠋ᠢ ᠨᠢ ᠮᠡᠳᠡᠬᠦ ᠦᠭᠡᠢ ᠮᠤᠩᠬᠠᠷᠠᠨ ᠰᠠᠭᠤᠪᠠᠯ ᠢᠴᠢᠭᠦᠷᠢ ᠪᠢᠰᠢ ᠦᠦ⁈

  ᠮᠠᠨ ᠤ᠋ ᠮᠣᠩᠭᠣᠯ ᠦᠨᠳᠦᠰᠦᠲᠡᠨ ᠦ᠌ ᠠᠯᠳᠠᠷᠲᠤ ᠰᠢᠯᠦᠭᠴᠢ ᠨᠠ‍ · ᠰᠠᠶ᠋ᠢᠨᠴᠣᠭᠲᠣ ᠭᠤᠸᠠᠢ ᠦᠨᠳᠦᠰᠦᠲᠡᠨ ᠢ᠋ᠶ᠋ᠡᠨ ᠭᠡᠬᠦ ᠭᠠᠭᠴᠠ ᠵᠣᠷᠢᠭ ᠢ᠋ᠶ᠋ᠠᠷ ᠳᠣᠷᠣᠨ᠎ᠠ ᠳ᠋ᠠᠬᠢᠨ ᠢ᠋ᠶ᠋ᠠᠷ ᠰᠣᠶᠣᠯ ᠡᠷᠳᠡᠮ ᠦ᠋ᠨ ᠮᠥᠷ ᠊ᠢ ᠬᠠᠶ᠋ᠢᠵᠤ ᠶᠠᠫᠣᠨ ᠳ᠋ᠤ᠌ ᠰᠤᠷᠤᠯᠴᠠᠭᠰᠠᠨ ᠶᠤᠮ᠃ ᠭᠡᠬᠦ ᠳ᠋ᠡᠭᠡᠨ ᠳᠡᠯᠡᠬᠡᠢ ᠳ᠋ᠦ᠍ ᠠᠯᠳᠠᠷᠲᠠᠢ ᠬᠥᠷ ᠨᠠᠷᠭᠢᠶᠠᠨ ᠢ᠋ᠶ᠋ᠠᠷ ᠪᠢᠯᠬᠠᠭᠰᠠᠨ ᠳᠣᠣᠺᠢᠣ᠋ ᠬᠣᠲᠠ ᠳ᠋ᠤ᠌ ᠬᠣᠷᠭᠣᠳᠠᠭᠰᠠᠨ ᠦᠭᠡᠢ᠂ ᠬᠠᠷᠢᠨ ᠡᠯᠡᠰᠦ ᠮᠠᠩᠬᠠᠨ ᠤ᠋ ᠡᠬᠡ ᠨᠤᠲᠤᠭ ᠨᠢ ᠥᠷᠥᠴᠡ ᠵᠢᠷᠦᠬᠡᠨ ᠳ᠋ᠦ᠍ᠨᠢ ᠬᠣᠨᠣᠭᠰᠢᠵᠤ᠂ ᠮᠣᠩᠭᠣᠯ ᠦᠨᠳᠦᠰᠦᠲᠡᠨ ᠦ᠌ ᠬᠢᠨᠢ ᠬᠥᠭᠵᠢᠯ ᠪᠠᠳᠠᠷᠠᠯ ᠤ᠋ᠨ ᠴᠠᠬᠢᠯᠭᠠᠨ ᠰᠣᠷᠢᠨᠵᠢᠨ ᠲᠡᠭᠦᠨ ᠦ᠌ ᠣᠶᠤᠨ ᠊ᠢ ᠡᠵᠡᠮᠳᠡᠵᠡᠢ᠃ ᠡᠳᠡᠭᠡᠷ ᠨᠢ ᠮᠠᠨ ᠤ᠋ ᠮᠣᠩᠭᠣᠯ ᠢ᠋ᠶ᠋ᠠᠷ ᠬᠢᠴᠢᠶᠡᠯᠯᠡᠵᠦ ᠪᠠᠶ᠋ᠢᠭ᠎ᠠ ᠪᠠᠭᠰᠢ ᠰᠤᠷᠤᠭᠴᠢᠳ ᠤ᠋ᠨ ᠣᠮᠣᠭᠰᠢᠯ ᠪᠣᠯᠬᠤ ᠶᠤᠮ᠃

  ᠯᠦ᠍ ᠰᠢᠶᠦ᠋ᠨ ᠪᠠᠭᠰᠢ ᠶ᠋ᠢᠨ ᠬᠡᠷᠪᠡ ᠥᠪᠡᠷ ᠦ᠋ᠨ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ ᠢ᠋ᠶ᠋ᠡᠨ ᠨᠡᠪᠲᠡᠷᠡᠲᠡᠯ᠎ᠡ ᠡᠵᠡᠮᠰᠢᠳᠡᠭ ᠯᠡ ᠶᠦ᠍ᠮ ᠪᠣᠯ ᠪᠤᠰᠤᠳ ᠦᠨᠳᠦᠰᠦᠲᠡᠨ ᠳ᠋ᠦ᠍ ᠪᠣᠭᠣᠯᠴᠢᠯᠠᠭᠳᠠᠵᠤ ᠱᠣᠷᠣᠩ ᠳ᠋ᠤ᠌ ᠣᠷᠣᠭᠰᠠᠨ ᠴᠤ᠌᠂ ᠱᠣᠷᠣᠩ ᠤ᠋ᠨ ᠡᠭᠦᠳᠡᠨ ᠦ᠌ ᠲᠦᠯᠬᠢᠭᠦᠷ ᠊ᠢ ᠠᠳᠬᠤᠵᠤ ᠪᠠᠶ᠋ᠢᠭ᠎ᠠ ᠲᠠᠢ ᠠᠳᠠᠯᠢ ᠭᠡᠵᠦ ᠬᠡᠯᠡᠭᠰᠡᠨ ᠨᠢ ᠥᠪᠡᠷ ᠦ᠋ᠨ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ᠂ ᠰᠣᠶᠣᠯ ᠮᠡᠳᠡᠯᠭᠡ ᠶ᠋ᠢ ᠰᠠᠢᠨ ᠡᠵᠡᠮᠰᠢᠨ ᠬᠥᠭᠵᠢᠭᠦᠯᠲᠡᠭ ᠯᠡ ᠶᠦ᠍ᠮ ᠪᠣᠯ ᠳᠡᠯᠡᠬᠡᠢ ᠶ᠋ᠢᠨ ᠰᠣᠶᠣᠯ ᠤ᠋ᠨ ᠪᠣᠯᠪᠠᠰᠤᠨ ᠡᠩᠨᠡᠭᠡ ᠳ᠋ᠦ᠍ ᠬᠣᠰᠢᠭᠤᠷᠠᠬᠤ ᠠᠭᠲᠠ ᠶ᠋ᠢᠨ ᠵᠢᠯᠣᠭᠣ ᠶ᠋ᠢ ᠠᠳᠬᠤᠭᠰᠠᠨ ᠲᠠᠢ ᠠᠳᠠᠯᠢ ᠶᠤᠮ ᠭᠡᠳᠡᠭ ᠊ᠢ ᠪᠢᠳᠡᠨ ᠳ᠋ᠦ᠍ ᠲᠠᠨᠢᠭᠤᠯᠵᠠᠢ᠃

  ᠡᠶ᠋ᠢᠮᠦ ᠡᠴᠡ ᠮᠠᠨ ᠤ᠋ ᠬᠡᠯᠡ ᠪᠢᠴᠢᠭ ᠦ᠋ᠨ ᠪᠠᠭᠰᠢ ᠪᠣᠯ ᠲᠥᠷᠥᠯᠬᠢ ᠨᠤᠲᠤᠭ᠂ ᠤᠯᠤᠰ ᠦᠨᠳᠦᠰᠦᠲᠡᠨ ᠦ᠌ ᠪᠡᠨ ᠦᠷ᠎ᠡ ᠨᠢ ᠶᠦ᠍ᠮ᠃ ᠥᠪ ᠰᠣᠶᠣᠯ ᠤ᠋ᠨ ᠬᠢᠨᠢ ᠵᠠᠯᠭᠠᠮᠵᠢᠯᠠᠭᠴᠢ ᠨᠢ ᠮᠥᠨ᠃ ᠮᠣᠩᠭᠣᠯ ᠤ᠋ᠨ ᠬᠥᠭᠵᠢᠯ ᠮᠠᠨᠳᠤᠯ᠂ ᠰᠣᠶᠣᠯ ᠮᠡᠳᠡᠯᠭᠡ ᠶ᠋ᠢ ᠬᠥᠭᠵᠢᠭᠦᠯᠬᠦ ᠳᠠᠷᠬᠠᠨ ᠡᠭᠦᠷᠭᠡ ᠮᠠᠨ ᠤ᠋ ᠮᠥᠷᠦᠨ ᠳᠡᠭᠡᠷ᠎ᠡ ᠲᠠᠯᠪᠢᠭᠳᠠᠵᠤ ᠪᠣᠢ᠃ ᠮᠣᠩᠭᠣᠯ ᠬᠡᠯᠡ ᠪᠣᠯ ᠪᠢᠳᠡᠨ ᠦ᠌ ᠠᠮᠤ ᠬᠦᠨᠡᠰᠦ ᠮᠥᠨ᠃ ᠮᠣᠩᠭᠣᠯ ᠨᠤᠲᠤᠭ ᠪᠣᠯ ᠮᠠᠨ ᠤ᠋ ᠠᠴᠢᠲᠤ ᠡᠵᠢ ᠶᠦ᠍ᠮ᠃ ᠪᠢᠳᠡᠨ ᠳ᠋ᠦ᠍ ᠠᠮᠤ ᠬᠦᠨᠡᠰᠦ ᠳᠤᠲᠠᠭᠳᠠᠵᠤ ᠪᠣᠯᠬᠤ ᠦᠭᠡᠢ ᠮᠥᠷᠲᠡᠭᠡᠨ ᠡᠯᠪᠡᠭ ᠪᠠᠶᠠᠯᠢᠭ ᠪᠠᠶ᠋ᠢᠬᠤ ᠬᠡᠷᠡᠭᠲᠡᠢ᠃ ᠪᠢᠳᠡ ᠮᠣᠩᠭᠣᠯ ᠡᠵᠢ ᠳ᠋ᠡᠭᠡᠨ ᠣᠰᠣᠯᠳᠠᠵᠤ ᠪᠣᠯᠬᠤ ᠦᠭᠡᠢ ᠪᠥᠭᠡᠳ ᠠᠴᠢ ᠶ᠋ᠢ ᠨᠢ ᠬᠠᠷᠢᠭᠤᠯᠠᠬᠤ ᠪᠠᠷ ᠴᠠᠭ ᠢᠮᠠᠭᠲᠠ ᠪᠡᠯᠡᠬᠡᠨ ᠪᠠᠶ᠋ᠢᠬᠤ ᠶᠣᠰᠣᠲᠠᠢ᠃ ᠢᠩᠭᠢᠪᠡᠯ ᠪᠢᠳᠡ ᠦᠨᠳᠦᠰᠦᠲᠡᠨ ᠦ᠌ ᠪᠡᠨ ᠳᠡᠭᠵᠢᠷᠡᠯ ᠬᠥᠭᠵᠢᠯ ᠦ᠋ᠨ ᠪᠡᠯᠭᠡ ᠲᠡᠮᠳᠡᠭ ᠪᠣᠯᠬᠤ ᠦᠭᠡ ᠬᠡᠯᠡ᠂ ᠦᠰᠦᠭ ᠪᠢᠴᠢᠭ ᠢ᠋ᠶ᠋ᠡᠨ ᠤᠯᠠᠮ ᠴᠢᠨᠠᠭᠰᠢ ᠬᠥᠭᠵᠢᠭᠦᠯᠵᠦ ᠴᠢᠳᠠᠬᠤ ᠨᠢ ᠯᠠᠪᠲᠠᠢ !

  ᠬᠡᠯᠡ ᠪᠢᠴᠢᠭ ᠪᠣᠯ ᠪᠦᠬᠦ ᠬᠢᠴᠢᠶᠡᠯ ᠲᠥᠷᠥᠯ ᠊ᠢ ᠰᠤᠷᠬᠤ ᠰᠠᠭᠤᠷᠢ ᠬᠢᠴᠢᠶᠡᠯ ᠪᠣᠯᠤᠨ᠎ᠠ᠃ ᠡᠶ᠋ᠢᠮᠦ ᠡᠴᠡ ᠬᠡᠯᠡ ᠪᠢᠴᠢᠭ ᠦ᠋ᠨ ᠪᠠᠭᠰᠢ ᠪᠣᠯᠣᠭᠰᠠᠳ ᠵᠠᠪᠠᠯ ᠣᠯᠠᠨ ᠲᠠᠯ᠎ᠠ ᠶ᠋ᠢᠨ ᠴᠢᠳᠠᠪᠤᠷᠢ ᠲᠠᠢ ᠪᠠᠶ᠋ᠢᠬᠤ ᠬᠡᠷᠡᠭᠲᠡᠢ᠃ ᠡᠭᠦᠨ ᠳ᠋ᠦ᠍ ᠬᠤᠷᠴᠠ ᠨᠢᠮᠪᠠᠢ ᠠᠵᠢᠭᠯᠠᠬᠤ ᠴᠢᠳᠠᠪᠤᠷᠢ᠂ ᠬᠤᠷᠳᠤᠨ ᠣᠨᠣᠪᠴᠢᠲᠠᠢ ᠮᠠᠭᠠᠳᠯᠠᠬᠤ ᠴᠢᠳᠠᠪᠤᠷᠢ᠂ ᠪᠤᠰᠢᠭᠤ ᠳᠠᠭᠠᠭᠠᠮᠠᠭᠠᠢ ᠴᠡᠭᠡᠵᠢᠯᠡᠬᠦ ᠴᠢᠳᠠᠪᠤᠷᠢ᠂ ᠰᠣᠷᠭᠣᠭ ᠳᠡᠯᠭᠡᠷᠡᠩᠭᠦᠢ ᠰᠡᠳᠬᠢᠬᠦᠢ ᠶ᠋ᠢᠨ ᠴᠢᠳᠠᠪᠤᠷᠢ᠂ ᠤᠷᠠᠨ ᠳᠠᠮ ᠲᠠᠢ ᠵᠢᠭᠠᠬᠤ ᠴᠢᠳᠠᠪᠤᠷᠢ᠂ ᠤᠷᠮ᠎ᠠ ᠪᠠᠬ᠎ᠠ ᠲᠠᠢ ᠰᠤᠷᠭᠠᠨ ᠬᠥᠮᠦᠵᠢᠭᠦᠯᠬᠦ ᠴᠢᠳᠠᠪᠤᠷᠢ ᠵᠡᠷᠭᠡ ᠶ᠋ᠢ ᠪᠦᠷᠢᠯᠳᠦᠭᠦᠯᠬᠦ ᠪᠥᠭᠡᠳ ᠡᠳᠡᠭᠡᠷ ᠴᠢᠳᠠᠪᠤᠷᠢ ᠨᠢ ᠨᠡᠶ᠋ᠢᠯᠡᠭᠡᠳ ᠨᠢᠭᠡᠨ ᠬᠡᠯᠡ ᠪᠢᠴᠢᠭ ᠦ᠋ᠨ ᠪᠠᠭᠰᠢ ᠶ᠋ᠢᠨ ᠶᠡᠷᠦᠩᠬᠡᠢ ᠴᠢᠳᠠᠪᠤᠷᠢ ᠶ᠋ᠢ ᠪᠣᠢ ᠪᠣᠯᠭᠠᠳᠠᠭ᠃ ᠬᠡᠷᠪᠡ ᠬᠡᠯᠡ ᠪᠢᠴᠢᠭ ᠦ᠋ᠨ ᠪᠠᠭᠰᠢ ᠪᠣᠯᠣᠭᠰᠠᠳ ᠥᠷᠭᠡᠨ ᠳᠡᠯᠭᠡᠷ᠂ ᠡᠯᠪᠡᠭ ᠪᠠᠶᠠᠯᠢᠭ ᠮᠡᠳᠡᠴᠡ ᠪᠠᠶ᠋ᠢᠬᠤ ᠦᠭᠡᠢ ᠪᠣᠯ ᠵᠢᠭᠠᠨ ᠰᠤᠷᠭᠠᠬᠤ ᠠᠵᠢᠯ ᠳ᠋ᠤ᠌ ᠥᠨᠳᠥᠷ ᠠᠮᠵᠢᠯᠲᠠ ᠶ᠋ᠢ ᠣᠯᠬᠤ ᠳ᠋ᠤ᠌ ᠪᠡᠷᠬᠡᠲᠡᠢ ᠶᠦ᠍ᠮ᠃ ᠵᠥᠪᠬᠡᠨ ᠳᠠᠩ ᠭᠠᠭᠴᠠ ᠳᠡᠪᠲᠡᠷ ᠪᠠᠷᠢᠭᠠᠳ ᠨᠣᠮ ᠤᠩᠰᠢᠪᠠᠯ ᠴᠢᠨᠦ ᠵᠢᠭᠠᠨ ᠰᠤᠷᠭᠠᠬᠤ ᠠᠵᠢᠯᠯᠠᠭ᠎ᠠ ᠴᠢᠨᠢ ᠶᠠᠳᠠᠭᠤᠯᠢᠭ ᠮᠥᠷᠲᠡᠭᠡᠨ ᠰᠤᠷᠤᠭᠴᠢᠳ ᠤ᠋ᠨ ᠠᠩᠬᠠᠷᠤᠯ ᠊ᠢ ᠲᠠᠲᠠᠵᠤ ᠳᠡᠶ᠋ᠢᠯᠬᠦ ᠦᠭᠡᠢ ᠪᠣᠯᠤᠨ᠎ᠠ᠃ ᠬᠡᠯᠡ ᠪᠢᠴᠢᠭ ᠦ᠋ᠨ ᠰᠤᠷᠭᠠᠨ ᠬᠥᠮᠦᠵᠢᠯ ᠪᠣᠯ ᠨᠢᠭᠡ ᠲᠥᠷᠥᠯ ᠦ᠋ᠨ ᠰᠢᠨᠵᠢᠯᠡᠬᠦ ᠤᠬᠠᠭᠠᠨ ᠮᠥᠨ᠃ ᠮᠥᠨᠴᠦ ᠨᠢᠭᠡ ᠵᠦᠢᠯ ᠦ᠋ᠨ ᠣᠨᠴᠣᠭᠣᠢ ᠪᠤᠳᠤᠯᠢᠶᠠᠨᠲᠠᠢ ᠤᠷᠠᠯᠢᠭ ᠮᠥᠨ᠃ ᠨᠢᠭᠡᠨ ᠬᠢᠷᠢ ᠲᠡᠩᠴᠡᠭᠰᠡᠨ ᠮᠣᠩᠭᠣᠯ ᠬᠡᠯᠡ ᠪᠢᠴᠢᠭ ᠦ᠋ᠨ ᠪᠠᠭᠰᠢ ᠪᠣᠯᠬᠤ ᠳ᠋ᠤ᠌ ᠡᠷᠬᠡᠪᠰᠢ ᠪᠦᠷᠢᠨ ᠭᠦᠢᠴᠡᠳ ᠪᠠᠶᠠᠯᠢᠭ ᠲᠤᠷᠰᠢᠯᠭ᠎ᠠ ᠲᠠᠢ᠂ ᠵᠢᠭᠠᠨ ᠰᠤᠷᠭᠠᠬᠤ ᠴᠢᠳᠠᠪᠤᠷᠢ ᠪᠠᠶ᠋ᠢᠬᠤ ᠬᠡᠷᠡᠭᠲᠡᠢ᠃ ᠡᠨᠡ ᠪᠣᠯ ᠬᠡᠯᠡ ᠪᠢᠴᠢᠭ ᠊ᠢ ᠵᠢᠭᠠᠬᠤ ᠦᠨᠳᠦᠰᠦᠨ ᠬᠦᠴᠦ ᠪᠣᠯᠤᠨ᠎ᠠ᠃ ᠬᠡᠯᠡ ᠪᠢᠴᠢᠭ ᠦ᠋ᠨ ᠵᠢᠭᠠᠨ ᠰᠤᠷᠭᠠᠬᠤ ᠴᠢᠳᠠᠪᠤᠷᠢ ᠪᠣᠯ ᠣᠯᠠᠨ ᠲᠠᠯ᠎ᠠ ᠶ᠋ᠢᠨ ᠴᠢᠳᠠᠪᠤᠷᠢ ᠶ᠋ᠢᠨ ᠨᠢᠭᠡᠳᠦᠮᠡᠯ ᠪᠣᠯᠤᠨ᠎ᠠ᠃ ᠡᠭᠦᠨ ᠳ᠋ᠦ᠍ ᠶᠠᠭᠤᠨ ᠤ᠋ ᠡᠮᠦᠨ᠎ᠡ ᠵᠢᠭᠠᠬᠤ ᠮᠠᠲ᠋ᠧᠷᠢᠶᠠᠯ ᠢ᠋ᠶ᠋ᠠᠨ ᠨᠡᠪᠲᠡᠷᠬᠡᠢ ᠡᠵᠡᠮᠰᠢᠬᠦ ᠶ᠋ᠢ ᠱᠠᠭᠠᠷᠳᠠᠳᠠᠭ᠃ ᠳᠠᠷᠠᠭ᠎ᠠ ᠨᠢ ᠬᠡᠯᠡ ᠪᠢᠴᠢᠭ ᠦ᠋ᠨ ᠪᠠᠭᠰᠢ ᠪᠣᠯᠣᠭᠰᠠᠳ ᠵᠠᠪᠠᠯ ᠵᠢᠭᠠᠨ ᠰᠤᠷᠭᠠᠬᠤ ᠶ᠋ᠢ ᠵᠣᠬᠢᠶᠠᠨ ᠪᠠᠶ᠋ᠢᠭᠤᠯᠬᠤ ᠴᠢᠳᠠᠪᠤᠷᠢ ᠶ᠋ᠢ ᠪᠦᠷᠢᠯᠳᠦᠭᠦᠯᠬᠦ ᠴᠢᠬᠤᠯᠠ ᠲᠠᠢ᠃ ᠡᠨᠡ ᠨᠢ ᠬᠡᠯᠡ ᠪᠢᠴᠢᠭ ᠦ᠋ᠨ ᠪᠠᠭᠰᠢ ᠨᠠᠷ ᠤ᠋ᠨ ᠦᠵᠡᠯ ᠰᠠᠨᠠᠭᠠᠨ ᠤ᠋ ᠬᠢᠷᠢ ᠬᠡᠮᠵᠢᠶ᠎ᠡ᠂ ᠵᠢᠭᠠᠨ ᠰᠤᠷᠭᠠᠬᠤ ᠴᠢᠳᠠᠪᠤᠷᠢ ᠪᠣᠯᠤᠨ ᠵᠢᠭᠠᠨ ᠵᠢᠯᠣᠭᠣᠳᠬᠤ ᠬᠡᠪ ᠮᠠᠶᠢᠬ ᠤ᠋ᠨ ᠭᠣᠣᠯ ᠪᠦᠲᠦᠴᠡ ᠪᠣᠯᠤᠨ᠎ᠠ᠃ ᠪᠦᠬᠦᠯᠢ ᠵᠢᠭᠠᠨ ᠰᠤᠷᠭᠠᠬᠤ ᠶᠠᠪᠤᠴᠠ ᠳᠤᠮᠳᠠ ᠬᠡᠯᠡ ᠪᠢᠴᠢᠭ ᠦ᠋ᠨ ᠬᠢᠴᠢᠶᠡᠯ ᠪᠣᠯ ᠦᠵᠡᠯ ᠰᠠᠨᠠᠭᠠᠲᠤ ᠴᠢᠨᠠᠷ ᠢ᠋ᠶ᠋ᠠᠷ ᠴᠢᠩᠭ᠎ᠠ ᠪᠠᠶ᠋ᠢᠲᠠᠭ ᠣᠨᠴᠠᠯᠢᠭ ᠲᠠᠢ᠃ ᠡᠨᠡᠬᠦ ᠣᠨᠴᠠᠯᠢᠭ ᠠ᠋ᠴᠠ ᠪᠣᠯᠵᠤ ᠮᠣᠩᠭᠣᠯ ᠬᠡᠯᠡᠨ ᠦ᠌ ᠪᠠᠭᠰᠢ ᠪᠣᠯᠣᠭᠰᠠᠳ ᠵᠠᠪᠠᠯ ᠦᠵᠡᠯ ᠰᠠᠨᠠᠭᠠᠨ ᠤ᠋ ᠬᠥᠮᠦᠵᠢᠯ ᠊ᠢ ᠬᠢᠬᠦ ᠴᠢᠬᠤᠯᠠ ᠲᠠᠢ᠃ ᠡᠨᠡᠬᠦ ᠬᠥᠮᠦᠵᠢᠯ ᠪᠣᠯ ᠭᠠᠭᠴᠠᠬᠦ ᠬᠡᠯᠡ ᠪᠢᠴᠢᠭ ᠦ᠋ᠨ ᠵᠢᠭᠠᠨ ᠰᠤᠷᠭᠠᠬᠤ ᠶᠠᠪᠤᠴᠠ ᠳᠤᠮᠳᠠ᠂ ᠪᠠᠭᠰᠢ ᠰᠤᠷᠤᠭᠴᠢ ᠶ᠋ᠢᠨ ᠦᠵᠡᠯ ᠰᠠᠨᠠᠭ᠎ᠠ᠂ ᠬᠠᠶ᠋ᠢᠷ᠎ᠠ ᠰᠡᠳᠬᠢᠯᠭᠡ ᠶ᠋ᠢᠨ ᠠᠶᠠᠨᠳᠠᠭᠠᠨ ᠤ᠋ ᠰᠣᠯᠢᠯᠴᠠᠭ᠎ᠠ ᠶ᠋ᠢ ᠳᠠᠭᠠᠯᠳᠤᠨ ᠰᠠᠶᠢ ᠠᠮᠵᠢᠯᠲᠠ ᠲᠠᠢ ᠶᠠᠪᠤᠭᠳᠠᠳᠠᠭ ᠪᠢᠯᠡ᠃ ᠡᠶ᠋ᠢᠮᠦ ᠡᠴᠡ ᠨᠢᠭᠡᠨ ᠮᠣᠩᠭᠣᠯ ᠬᠡᠯᠡ ᠪᠢᠴᠢᠭ ᠦ᠋ᠨ ᠪᠠᠭᠰᠢ ᠪᠣᠯᠤᠭᠰᠠᠨ ᠬᠥᠮᠦᠨ ᠵᠠᠪᠠᠯ ᠦᠵᠡᠯ ᠰᠠᠨᠠᠭᠠᠨ ᠤ᠋ ᠲᠠᠯ᠎ᠠ ᠪᠠᠷ ᠪᠠᠲᠤ ᠴᠢᠩᠭ᠎ᠠ ᠵᠥᠪ ᠣᠨᠣᠪᠴᠢᠲᠠᠢ ᠤᠯᠤᠰ ᠲᠥᠷᠥ ᠶ᠋ᠢᠨ ᠴᠢᠭᠯᠡᠯᠲᠡ ᠶ᠋ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠥᠮᠦᠨ ᠦ᠌ ᠶᠢᠷᠲᠢᠨᠴᠦ ᠶ᠋ᠢᠨ ᠦᠵᠡᠯᠲᠡ ᠶ᠋ᠢ ᠪᠣᠢ ᠪᠣᠯᠭᠠᠨ᠂ ᠳᠡᠭᠡᠳᠦ ᠬᠡᠮᠵᠢᠶᠡᠨ ᠦ᠌ ᠭᠤᠸ᠎ᠠ ᠰᠠᠢᠬᠠᠨ ᠤ᠋ ᠬᠡᠪ ᠳᠦᠷᠢ ᠪᠡᠷ ᠦᠯᠢᠭᠡᠷ ᠳᠠᠭᠤᠷᠢᠶᠠᠯ ᠪᠣᠯᠭᠠᠵᠤ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ  ᠢ᠋ᠶ᠋ᠡᠨ ᠴᠢᠷᠮᠠᠶ᠋ᠢᠨ ᠰᠤᠷᠤᠯᠴᠠᠬᠤ ᠤᠬᠠᠮᠰᠠᠷ ᠊ᠢ ᠳᠡᠭᠡᠭᠰᠢᠯᠡᠭᠦᠯᠵᠦ᠂ ᠥᠪ ᠰᠣᠶᠣᠯ  ᠢ᠋ᠶ᠋ᠠᠨ ᠵᠠᠯᠭᠠᠮᠵᠢᠯᠠᠨ ᠬᠥᠭᠵᠢᠭᠦᠯᠵᠦ᠂ ᠥᠪᠡᠷ ᠦ᠋ᠨ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠰᠤᠷᠤᠭᠴᠢᠳ ᠊ᠢ ᠬᠥᠮᠦᠵᠢᠭᠦᠯᠬᠦ ᠬᠡᠷᠡᠭᠲᠡᠢ᠃

 

   ᠦᠰᠦᠭ ᠠᠮᠢᠯᠠᠭᠤᠯᠤᠭᠴᠢ ᠄ ᠱᠠᠭᠰᠠᠯ

   ᠬᠢᠨᠠᠭᠴᠢ ᠄ ᠣᠤᠠᠬᠠᠨᠰᠣ ‍ᠠ᠋

 

※ ᠢᠷᠡᠯᠲᠡ ᠄ ᠪᠤᠭᠤᠲᠤ ᠶ᠋ᠢᠨ ᠣᠴᠢ

1994᠂2 ᠣᠨ ᠤ᠋ ᠬᠣᠶᠠᠳᠤᠭᠠᠷ ᠬᠤᠭᠤᠴᠠᠭ᠎ᠠ

ᠦᠨᠳᠦᠰᠦᠲᠡᠨ ᠦ᠌ ᠰᠤᠷᠭᠠᠨ ᠬᠥᠮᠦᠵᠢᠯ