ᠵᠢᠭᠠᠨ ᠰᠤᠷᠭᠠᠯᠲᠠ ᠶ᠋ᠢ ᠬᠡᠷᠬᠢᠨ ᠪᠦᠬᠦ ᠰᠤᠷᠤᠭᠴᠢᠳ ᠲᠤ᠌ ᠬᠠᠨᠳᠤᠭᠤᠯᠬᠤ ᠲᠤᠬᠠᠢ ᠮᠥᠴᠢᠳ ᠥᠭᠦᠯᠡᠬᠦ ᠨᠢ- ᠣᠤᠠᠬᠠᠨᠰᠣ ‍ᠠ᠋ ᠲᠣᠷᠭᠠᠨ ᠵᠢᠯᠣᠭᠣ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠵᠢᠭᠠᠨ ᠰᠤᠷᠭᠠᠯᠲᠠ ᠶ᠋ᠢ ᠬᠡᠷᠬᠢᠨ ᠪᠦᠬᠦ ᠰᠤᠷᠤᠭᠴᠢᠳ ᠲᠤ᠌ ᠬᠠᠨᠳᠤᠭᠤᠯᠬᠤ ᠲᠤᠬᠠᠢ ᠮᠥᠴᠢᠳ ᠥᠭᠦᠯᠡᠬᠦ ᠨᠢ- ᠣᠤᠠᠬᠠᠨᠰᠣ ‍ᠠ᠋

ᠵᠢᠭᠠᠨ ᠰᠤᠷᠭᠠᠯᠲᠠ ᠶ᠋ᠢ ᠬᠡᠷᠬᠢᠨ ᠪᠦᠬᠦ ᠰᠤᠷᠤᠭᠴᠢᠳ ᠲᠤ᠌ ᠬᠠᠨᠳᠤᠭᠤᠯᠬᠤ ᠲᠤᠬᠠᠢ ᠮᠥᠴᠢᠳ ᠥᠭᠦᠯᠡᠬᠦ ᠨᠢ- ᠣᠤᠠᠬᠠᠨᠰᠣ ‍ᠠ᠋

2023-06-08

238

ᠵᠢᠭᠠᠨ ᠰᠤᠷᠭᠠᠯᠲᠠ ᠶ᠋ᠢ ᠬᠡᠷᠬᠢᠨ ᠪᠦᠬᠦ ᠰᠤᠷᠤᠭᠴᠢᠳ ᠲᠤ᠌ ᠬᠠᠨᠳᠤᠭᠤᠯᠬᠤ ᠲᠤᠬᠠᠢ ᠮᠥᠴᠢᠳ ᠥᠭᠦᠯᠡᠬᠦ ᠨᠢ


        ᠪᠤᠭᠤᠲᠤ ᠬᠣᠲᠠ ᠶ᠋ᠢᠨ ᠲᠡᠭᠦᠷᠭᠡ ᠶ᠋ᠢᠨ ᠮᠣᠩᠭᠣᠯ ᠪᠠᠭ᠎ᠠ ᠰᠤᠷᠭᠠᠭᠤᠯᠢ

                           ᠣᠤᠠᠬᠠᠨᠰᠣ ‍ᠠ᠋

  ᠰᠤᠷᠤᠭᠴᠢ ᠶ᠋ᠢ ᠰᠤᠷᠭᠠᠬᠤ ᠪᠣᠯ ᠪᠠᠭᠰᠢ ᠶ᠋ᠢᠨ ᠲᠤᠰᠬᠠᠶ᠋ᠢᠯᠠᠭᠰᠠᠨ ᠠᠵᠢᠯ ᠪᠥᠭᠡᠳ ᠪᠠᠭᠰᠢ ᠳ᠋ᠤ᠌ ᠳᠠᠭᠠᠭᠠᠯᠭᠠᠭᠰᠠᠨ ᠨᠡᠶ᠋ᠢᠭᠡᠮ ᠦ᠋ᠨ ᠠᠵᠢᠯ ᠤ᠋ᠨ ᠬᠤᠪᠢᠶᠠᠷᠢ ᠮᠥᠨ᠃ ᠪᠠᠭᠰᠢ ᠶ᠋ᠢᠨ ᠡᠭᠦᠷᠭᠡ ᠪᠣᠯ ᠡᠬᠡ ᠤᠯᠤᠰ ᠲᠠᠭᠠᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ ᠪᠦᠬᠦ ᠲᠠᠯ᠎ᠠ ᠪᠠᠷ ᠬᠥᠭᠵᠢᠭᠰᠡᠨ ᠰᠤᠷᠤᠭᠴᠢ ᠶ᠋ᠢ ᠬᠥᠮᠦᠵᠢᠭᠦᠯᠬᠦ ᠶᠠᠪᠤᠳᠠᠯ ᠮᠥᠨ᠃
ᠡᠭᠦᠨ ᠳ᠋ᠦ᠍ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠦ᠋ᠨ ᠪᠠᠭᠰᠢ ᠶ᠋ᠢᠨ ᠣᠨᠴᠣᠭᠣᠢ ᠡᠭᠦᠷᠭᠡ ᠬᠠᠷᠢᠭᠤᠴᠠᠯᠭ᠎ᠠ ᠪᠣᠯ ᠪᠠᠭ᠎ᠠ ᠰᠤᠷᠭᠠᠭᠤᠯᠢ ᠶ᠋ᠢᠨ ᠰᠤᠷᠭᠠᠨ ᠬᠥᠮᠦᠵᠢᠯ ᠦ᠋ᠨ ᠲᠥᠯᠥᠪᠯᠡᠭᠡ ᠶ᠋ᠢ ᠦᠨᠳᠦᠰᠦᠯᠡᠵᠦ ᠂ ᠰᠤᠷᠤᠭᠴᠢᠳ ᠲᠤ᠌ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ ᠊ᠢ ᠵᠢᠭᠠᠨ ᠰᠤᠷᠭᠠᠬᠤ ᠱᠠᠭᠠᠷᠳᠠᠯᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠵᠦ᠂ ᠰᠤᠷᠤᠭᠴᠢᠳ ᠤ᠋ᠨ ᠦᠰᠦᠭ ᠲᠠᠨᠢᠬᠤ᠂ ᠨᠣᠮ ᠤᠩᠰᠢᠬᠤ᠂ ᠵᠣᠬᠢᠶᠠᠨ ᠪᠢᠴᠢᠬᠦ ᠴᠢᠳᠠᠪᠤᠷᠢ ᠶ᠋ᠢ ᠬᠥᠮᠦᠵᠢᠭᠦᠯᠬᠦ ᠶ᠋ᠢᠨ ᠰᠠᠭᠤᠷᠢ ᠮᠥᠨ᠃ ᠴᠢᠳᠠᠪᠤᠷᠢᠲᠠᠨ ᠊ᠢ ᠬᠥᠮᠦᠵᠢᠭᠦᠯᠬᠦ ᠳ᠋ᠦ᠍ ᠪᠠᠭ᠎ᠠ ᠰᠤᠷᠭᠠᠭᠤᠯᠢ ᠶ᠋ᠢᠨ ᠰᠤᠷᠭᠠᠨ ᠬᠥᠮᠦᠵᠢᠯ ᠰᠠᠭᠤᠷᠢ ᠪᠣᠯᠬᠤ ᠪᠥᠭᠡᠳ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠪᠠᠰᠠ ᠪᠤᠰᠤᠳ ᠲᠥᠷᠥᠯ ᠦ᠋ᠨ ᠬᠢᠴᠢᠶᠡᠯ ᠊ᠢ ᠰᠤᠷᠬᠤ ᠰᠠᠭᠤᠷᠢ ᠪᠣᠯᠳᠠᠭ᠃ ᠤᠴᠢᠷ ᠨᠢ ᠪᠤᠰᠤᠳ ᠲᠥᠷᠥᠯ ᠦ᠋ᠨ ᠬᠢᠴᠢᠶᠡᠯ ᠊ᠢ ᠪᠦᠷ ᠦᠭᠡ ᠬᠡᠯᠡ ᠪᠡᠷ ᠬᠡᠯᠡᠵᠦ᠂ ᠦᠰᠦᠭ ᠪᠢᠴᠢᠭ ᠢ᠋ᠶ᠋ᠡᠷ ᠲᠡᠮᠳᠡᠭᠯᠡᠵᠦ ᠪᠠᠶ᠋ᠢᠲᠠᠭ ᠪᠣᠯᠬᠣᠷ ᠰᠤᠷᠤᠭᠴᠢᠳ ᠦᠨᠳᠦᠰᠦᠨ ᠬᠡᠯᠡᠨ ᠦ᠌ ᠪᠡᠨ ᠰᠠᠭᠤᠷᠢ ᠦᠭᠡᠢ ᠪᠣᠯ ᠪᠤᠰᠤᠳ ᠲᠥᠷᠥᠯ ᠦ᠋ᠨ ᠬᠢᠴᠢᠶᠡᠯ ᠊ᠢ ᠡᠵᠡᠮᠰᠢᠬᠦ ᠳ᠋ᠦ᠍ ᠬᠦᠴᠢᠷᠲᠡᠢ ᠪᠠᠶ᠋ᠢᠲᠠᠭ᠃
ᠬᠡᠯᠡ ᠪᠢᠴᠢᠭ ᠦ᠋ᠨ ᠠᠯᠳᠠᠷᠲᠤ ᠡᠷᠳᠡᠮᠲᠡᠨ ᠶᠧ ᠱᠸᠩ ᠲᠤᠤ ᠨᠠᠰᠤᠲᠠᠨ᠄ 《 ᠵᠢᠭᠠᠬᠤ ᠨᠢ ᠵᠢᠭᠠᠬᠤ ᠴᠢᠬᠤᠯᠠ ᠦᠭᠡᠢ ᠪᠣᠯᠭᠠᠬᠤ ᠶ᠋ᠢᠨ ᠲᠥᠯᠥᠭᠡ ᠶᠦ᠍ᠮ 》 ᠭᠡᠵᠡᠢ᠃ ᠡᠨᠡ ᠪᠣᠯ ᠬᠡᠯᠡ ᠪᠢᠴᠢᠭ ᠵᠢᠭᠠᠬᠤ ᠳ᠋ᠠᠭᠠᠨ ᠪᠦᠬᠦ ᠠᠩᠭᠢ ᠶ᠋ᠢᠨ ᠰᠤᠷᠤᠭᠴᠢᠳ ᠲᠤ᠌ ᠪᠡᠶ᠎ᠡ ᠪᠡᠨ ᠳᠠᠭᠠᠭᠠᠵᠤ ᠰᠤᠷᠤᠯᠴᠠᠬᠤ ᠴᠢᠳᠠᠪᠤᠷᠢ ᠶ᠋ᠢ ᠬᠥᠮᠦᠵᠢᠭᠦᠯᠵᠦ᠂ ᠬᠣᠵᠢᠮ ᠥᠪᠡᠷᠲᠡᠭᠡᠨ ᠰᠤᠷᠬᠤ ᠴᠢᠳᠠᠪᠤᠷᠢᠲᠠᠢ ᠪᠣᠯᠭᠠᠬᠤ ᠪᠣᠯ ᠬᠡᠯᠡ ᠪᠢᠴᠢᠭ ᠵᠢᠭᠠᠬᠤ ᠭᠣᠣᠯ ᠵᠣᠷᠢᠯᠭ᠎ᠠ ᠪᠣᠯᠬᠤ ᠶ᠋ᠢ ᠬᠠᠷᠠᠭᠤᠯᠵᠤ ᠪᠠᠶ᠋ᠢᠨ᠎ᠠ᠃
  ᠲᠡᠭᠡᠪᠡᠯ ᠪᠦᠬᠦ ᠠᠩᠭᠢ ᠶ᠋ᠢᠨ ᠰᠤᠷᠤᠭᠴᠢ ᠶ᠋ᠢᠨ ᠢ᠋ᠶ᠋ᠡᠨ ᠰᠤᠷᠤᠯᠭ᠎ᠠ ᠶ᠋ᠢ ᠨᠡᠶ᠋ᠢᠲᠡᠮ ᠳ᠋ᠦ᠍ᠨᠢ ᠳᠡᠭᠡᠭᠰᠢᠯᠡᠭᠦᠯᠦᠶ᠎ᠡ ᠭᠡᠪᠡᠯ ᠶᠠᠭᠤᠨ ᠤ᠋ ᠤᠷᠢᠳ ᠰᠤᠷᠤᠭᠴᠢᠳ ᠤ᠋ᠨ ᠦᠵᠡᠯ ᠰᠠᠨᠠᠭ᠎ᠠ᠂ ᠵᠠᠩ ᠮᠣᠷᠠᠯ᠂ ᠶᠣᠰᠣ ᠰᠤᠷᠲᠠᠬᠤᠨ ᠤ᠋ ᠲᠠᠯ᠎ᠠ ᠪᠠᠷ ᠬᠢ ᠬᠥᠮᠦᠵᠢᠯ ᠊ᠢ ᠴᠢᠩᠭ᠎ᠠ ᠠᠳᠬᠤᠬᠤ ᠴᠢᠬᠤᠯᠠ ᠲᠠᠢ ᠪᠠᠶ᠋ᠢᠨ᠎ᠠ᠃
ᠰᠤᠷᠤᠭᠴᠢᠳ ᠲᠤ᠌ ᠣᠶᠤᠨ ᠤ᠋ ᠮᠡᠳᠡᠯᠭᠡ ᠳᠤᠲᠠᠭᠳᠠᠵᠤ ᠪᠣᠯᠣᠰᠢ ᠦᠭᠡᠢ ᠭᠡᠬᠦ ᠳ᠋ᠦ᠍ ᠶᠣᠰᠣ ᠰᠤᠷᠲᠠᠬᠤᠨ ᠤ᠋ ᠬᠥᠮᠦᠵᠢᠯ ᠊ᠢ ᠪᠠᠰᠠ ᠮᠠᠷᠲᠠᠵᠤ ᠪᠣᠯᠬᠤ ᠦᠭᠡᠢ ᠶᠦ᠍ᠮ᠃ ᠨᠢᠭᠡ ᠬᠥᠮᠦᠨ ᠳ᠋ᠦ᠍ ᠬᠡᠷᠪᠡ ᠶᠣᠰᠣ ᠰᠤᠷᠲᠠᠬᠤᠨ ᠤ᠋ ᠰᠢᠮ᠎ᠡ ᠲᠡᠵᠢᠭᠡᠯ ᠢ᠋ᠶ᠋ᠡᠷ ᠳᠤᠲᠠᠭᠳᠠᠵᠤ᠂ ᠦᠵᠡᠯ ᠰᠠᠨᠠᠭ᠎ᠠ ᠵᠠᠩ ᠮᠣᠷᠠᠯ ᠤ᠋ᠨ ᠪᠣᠯᠪᠠᠰᠤᠷᠠᠯ ᠢ᠋ᠶ᠋ᠠᠷ ᠬᠦᠷᠦᠯᠴᠡᠬᠦ ᠦᠭᠡᠢ᠃ ᠵᠢᠷᠭᠠᠯ ᠊ᠢ ᠮᠡᠳᠡᠭᠡᠳ ᠵᠣᠪᠠᠯᠠᠩ ᠊ᠢ ᠮᠡᠳᠡᠬᠦ ᠦᠭᠡᠢ᠂ ᠬᠢᠯᠪᠠᠷᠬᠠᠨ ᠊ᠢ ᠮᠡᠳᠡᠭᠡᠳ ᠬᠦᠴᠢᠷ ᠊ᠢ ᠮᠡᠳᠡᠬᠦ ᠦᠭᠡᠢ ᠡᠷᠬᠡ ᠶ᠋ᠢ ᠡᠲᠯᠡᠬᠦ ᠶ᠋ᠢ ᠮᠡᠳᠡᠭᠡᠳ ᠡᠭᠦᠷᠭᠡ ᠬᠠᠷᠢᠭᠤᠴᠠᠯᠭ᠎ᠠ ᠶ᠋ᠢ ᠮᠡᠳᠡᠬᠦ ᠦᠭᠡᠢ ᠪᠣᠯ ᠨᠡᠶ᠋ᠢᠭᠡᠮ ᠨᠡᠶ᠋ᠢᠲᠡ ᠳ᠋ᠦ᠍ ᠬᠡᠷᠡᠭᠴᠡᠭᠡ ᠦᠭᠡᠢ ᠶᠦ᠍ᠮ᠃ ᠬᠡᠷᠪᠡ ᠵᠢᠭᠠᠭᠴᠢ ᠪᠠᠭᠰᠢ ᠠ᠋ᠴᠠ ᠰᠤᠷᠤᠭᠴᠢ ᠶ᠋ᠢᠨ ᠦᠵᠡᠯ ᠰᠠᠨᠠᠭ᠎ᠠ᠂ ᠵᠠᠩ ᠮᠣᠷᠠᠯ ᠊ᠢ ᠬᠠᠮᠢᠶᠠᠷᠬᠤ ᠦᠭᠡᠢ᠂ ᠪᠦᠯᠬᠦᠮᠳᠡᠯ ᠊ᠢ ᠠᠳᠬᠤᠬᠤ ᠦᠭᠡᠢ ᠵᠥᠪᠬᠡᠨ ᠵᠢᠭᠠᠬᠤ ᠠᠭᠤᠯᠭ᠎ᠠ ᠳ᠋ᠠᠭᠠᠨ ᠡᠭᠦᠷᠲᠦᠪᠡᠯ᠂ ᠪᠠᠭᠰᠢ ᠠᠮᠠ ᠪᠠᠨ ᠬᠠᠲᠠᠲᠠᠯ᠎ᠠ ᠲᠠᠶ᠋ᠢᠯᠪᠤᠷᠢᠯᠠᠵᠤ᠂ ᠰᠤᠷᠤᠭᠴᠢᠳ ᠭᠠᠷ ᠢ᠋ᠶ᠋ᠠᠨ ᠴᠢᠯᠡᠲᠡᠯ᠎ᠡ ᠲᠡᠮᠳᠡᠭᠯᠡᠭᠡᠳ ᠠᠯᠢᠪᠠ ᠴᠠᠭ ᠤ᠋ᠨ ᠭᠠᠷᠤᠵᠠ ᠪᠣᠯᠵᠤ᠂ ᠣᠷᠣᠭᠤᠯᠤᠭᠰᠠᠨ ᠬᠦᠴᠦ ᠨᠢ ᠶᠡᠬᠡ᠂ ᠣᠯᠤᠭᠰᠠᠨ ᠠᠮᠵᠢᠯᠲᠠ ᠨᠢ ᠪᠠᠭ᠎ᠠ ᠪᠣᠯᠳᠠᠭ ᠪᠢᠯᠡ᠃
《 ᠡᠷᠳᠡᠮ ᠴᠢᠳᠠᠪᠤᠷᠢ 》 ᠪᠣᠯ ᠰᠤᠷᠤᠭᠴᠢ ᠪᠠᠭᠠᠴᠤᠳ ᠤ᠋ᠨ 《 ᠵᠢᠭᠦᠷ ᠳᠠᠯᠠᠪᠴᠢ 》 ᠮᠥᠨ᠃ ᠲᠡᠷᠡ ᠨᠢ ᠪᠠᠭᠠᠴᠤᠳ ᠬᠡᠦᠬᠡᠳ ᠊ᠢ ᠬᠥᠬᠡ ᠣᠭᠲᠠᠷᠭᠤᠢ ᠳ᠋ᠤ᠌ ᠬᠥᠪᠦᠨ ᠨᠢᠰᠦᠭᠦᠯᠳᠡᠭ ᠭᠡᠵᠦ ᠦᠵᠡᠪᠡᠯ 《 ᠶᠣᠰᠣ ᠰᠤᠷᠲᠠᠬᠤᠨ 》 ᠪᠣᠯ ᠳᠠᠷᠤᠢ ᠬᠡᠦᠬᠡᠳ ᠪᠠᠭᠠᠴᠤᠳ ᠤ᠋ᠨ 《 ᠠᠮᠢᠨ ᠰᠤᠳᠠᠰᠤ 》 ᠨᠢ ᠮᠥᠨ᠃ ᠲᠡᠷᠡ ᠨᠢ ᠰᠤᠷᠤᠭᠴᠢ ᠪᠠᠭᠠᠴᠤᠳ ᠤ᠋ᠨ ᠴᠢᠭᠯᠡᠯ ᠊ᠢ ᠵᠢᠭᠠᠵᠤ ᠬᠦᠰᠡᠯᠡᠩ ᠊ᠢ ᠰᠢᠢᠳᠪᠦᠷᠢᠯᠡᠳᠡᠭ᠃
ᠡᠭᠦᠨ ᠳ᠋ᠦ᠍ ᠰᠤᠷᠤᠭᠴᠢᠳ ᠤ᠋ᠨ ᠦᠵᠡᠯ ᠰᠠᠨᠠᠭ᠎ᠠ ᠶ᠋ᠢ ᠤᠬᠠᠮᠰᠠᠷᠲᠤ ᠴᠢᠨᠠᠷ ᠪᠦᠬᠦᠢ ᠪᠣᠯᠪᠠᠰᠤᠨ ᠮᠣᠷᠠᠯ ᠲᠠᠢ᠂ ᠳᠠᠪᠰᠢᠩᠭᠤᠢ ᠦᠵᠡᠯ ᠰᠠᠨᠠᠭ᠎ᠠ ᠲᠠᠢ ᠠᠩᠭᠢ ᠨᠢᠭᠡᠴᠡ ᠶ᠋ᠢ ᠬᠥᠮᠦᠵᠢᠭᠦᠯᠬᠦ ᠳ᠋ᠦ᠍ ᠪᠠᠭᠰᠢ ᠥᠪᠡᠷ ᠦ᠋ᠨ ᠪᠡᠶ᠎ᠡ ᠪᠡᠷ ᠢ᠋ᠶ᠋ᠡᠨ ᠬᠡᠪ ᠳᠦᠷᠢᠮ ᠪᠣᠯᠬᠤ ᠨᠢ ᠬᠠᠮᠤᠭ ᠤ᠋ᠨ ᠴᠢᠬᠤᠯᠠ ᠪᠠᠶ᠋ᠢᠲᠠᠭ᠃ ᠰᠤᠷᠤᠭᠴᠢ ᠪᠣᠯ ᠴᠢᠨᠦ ᠳᠤᠷ᠎ᠠ ᠲᠠᠢ ᠂ ᠳᠤᠷ᠎ᠠ ᠦᠭᠡᠢ ᠶ᠋ᠢ ᠬᠠᠮᠢᠶᠠᠷᠬᠤ ᠦᠭᠡᠢ᠂ ᠳᠠᠭᠤᠷᠢᠶᠠᠵᠤ ᠯᠠ ᠪᠠᠶ᠋ᠢᠲᠠᠭ ᠪᠣᠯᠬᠣᠷ ᠪᠠᠭᠰᠢ ᠪᠣᠯᠣᠭᠰᠠᠳ ᠰᠤᠷᠤᠭᠴᠢᠳ ᠢ᠋ᠶ᠋ᠠᠨ ᠡᠬᠡ ᠤᠯᠤᠰ ᠢ᠋ᠶ᠋ᠠᠨ ᠬᠠᠶ᠋ᠢᠷᠠᠯᠠᠬᠤ ᠬᠡᠷᠡᠭᠲᠡᠢ ᠭᠡᠪᠡᠯ᠂ ᠪᠠᠭᠰᠢ ᠥᠪᠡᠷᠲᠡᠭᠡᠨ ᠡᠷᠬᠡᠪᠰᠢ ᠨᠢᠭᠡᠨ ᠡᠬᠡ ᠤᠯᠤᠰ ᠢ᠋ᠶ᠋ᠠᠨ ᠬᠠᠶ᠋ᠢᠷᠠᠯᠠᠭᠴᠢ ᠪᠠᠶ᠋ᠢᠬᠤ ᠬᠡᠷᠡᠭᠲᠡᠢ᠃ ᠰᠤᠷᠤᠭᠴᠢ ᠪᠠᠨ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ ᠊ᠢ ᠬᠦᠨᠳᠦᠳᠬᠡᠨ ᠰᠤᠷᠤᠯᠴᠠᠬᠤ ᠬᠡᠷᠡᠭᠲᠡᠢ ᠭᠡᠪᠡᠯ ᠪᠠᠭᠰᠢ ᠥᠪᠡᠷᠲᠡᠭᠡᠨ ᠦᠨᠳᠦᠰᠦᠲᠡᠨ ᠢ᠋ᠶ᠋ᠡᠨ ᠬᠠᠶ᠋ᠢᠷᠠᠯᠠᠵᠤ᠂ ᠦᠨᠳᠦᠰᠦᠲᠡᠨ ᠦ᠌ ᠪᠡᠨ ᠦᠭᠡ ᠬᠡᠯᠡ᠂ ᠦᠰᠦᠭ ᠪᠢᠴᠢᠭ ᠊ᠢ ᠵᠢᠱ᠌ᠢᠶᠡᠴᠢ ᠪᠡᠷ ᠬᠡᠷᠡᠭᠯᠡᠬᠦ ᠬᠡᠷᠡᠭᠲᠡᠢ᠃ ᠰᠤᠷᠤᠭᠴᠢ ᠪᠠᠨ ᠦᠨᠡᠨᠴᠢ ᠰᠢᠳᠤᠷᠭᠤ ᠂ ᠵᠣᠷᠢᠭ ᠰᠥᠰᠥ ᠲᠡᠢ ᠪᠠᠶ᠋ᠢᠬᠤ ᠬᠡᠷᠡᠭᠲᠡᠢ ᠭᠡᠪᠡᠯ ᠪᠠᠭᠰᠢ ᠥᠪᠡᠷ ᠢ᠋ᠶ᠋ᠡᠨ ᠡᠷᠬᠡᠪᠰᠢ ᠭᠠᠵᠢᠭᠤ ᠰᠤᠷᠲᠠᠯ᠂ ᠪᠤᠷᠤᠭᠤ ᠬᠡᠯᠪᠡᠷᠢᠯ ᠲᠡᠢ ᠡᠷᠡᠰ ᠲᠡᠮᠡᠴᠡᠯ ᠬᠢᠬᠦ ᠬᠡᠷᠡᠭᠲᠡᠢ᠃ ᠰᠤᠷᠤᠭᠴᠢ ᠪᠠᠨ ᠬᠠᠲᠠᠭᠤᠵᠢᠯᠲᠠᠢ ᠰᠤᠷᠤᠯᠴᠠᠬᠤ ᠬᠡᠷᠡᠭᠲᠡᠢ ᠭᠡᠪᠡᠯ ᠪᠠᠭᠰᠢ ᠥᠪᠡᠷᠲᠡᠭᠡᠨ ᠬᠢᠴᠢᠶᠡᠯ ᠢ᠋ᠶ᠋ᠡᠨ ᠨᠠᠷᠢᠨ ᠬᠢᠨᠠᠮᠠᠭᠠᠢ ᠪᠡᠯᠡᠳᠬᠡᠨ᠂ ᠳᠠᠰᠬᠠᠯ ᠳᠠᠭᠠᠭᠠᠯᠭᠠᠪᠤᠷᠢ ᠪᠠᠨ ᠴᠠᠭ ᠲᠤᠬᠠᠢ ᠳ᠋ᠤᠨᠢ ᠨᠠᠷᠢᠨ ᠨᠢᠮᠪᠠᠢ ᠦᠵᠡᠵᠦ᠂ ᠬᠠᠯᠠᠰᠢᠷᠠᠯ ᠦᠭᠡᠢ ᠳᠠᠷᠤᠤ ᠬᠢᠴᠢᠶᠡᠩᠭᠦᠢ ᠪᠡᠷ ᠠᠵᠢᠯᠯᠠᠬᠤ ᠬᠡᠷᠡᠭᠲᠡᠢ᠃ ᠰᠤᠷᠤᠭᠴᠢ ᠪᠠᠨ ᠶᠣᠰᠣ ᠮᠣᠷᠠᠯ ᠲᠠᠢ᠂ ᠠᠵᠢᠯᠴᠢ ᠬᠥᠳᠡᠯᠮᠦᠷᠢᠴᠢ ᠪᠣᠯᠬᠤ ᠬᠡᠷᠡᠭᠲᠡᠢ ᠭᠡᠪᠡᠯ ᠪᠠᠭᠰᠢ ᠥᠪᠡᠷᠲᠡᠭᠡᠨ ᠲᠥᠪ ᠶᠣᠰᠣᠷᠬᠠᠭ᠂ ᠴᠡᠪᠡᠷ ᠪᠣᠯᠪᠠᠰᠤᠨ᠂ ᠠᠵᠢᠯᠴᠢ ᠬᠥᠳᠡᠯᠮᠦᠷᠢᠴᠢ ᠪᠠᠶ᠋ᠢᠬᠤ ᠬᠡᠷᠡᠭᠲᠡᠢ᠃ ᠰᠤᠷᠤᠭᠴᠢ ᠪᠠᠨ ᠴᠠᠭ ᠊ᠢ ᠠᠮᠵᠢᠨ ᠴᠢᠷᠮᠠᠶ᠋ᠢᠨ ᠰᠤᠷᠤᠯᠴᠠᠬᠤ ᠬᠡᠷᠡᠭᠲᠡᠢ ᠭᠡᠪᠡᠯ ᠪᠠᠭᠰᠢ ᠥᠪᠡᠷᠲᠡᠭᠡᠨ ᠠᠵᠢᠯᠯᠠᠬᠤ ᠬᠢᠴᠢᠶᠡᠯᠯᠡᠬᠦ ᠴᠠᠭ ᠢ᠋ᠶ᠋ᠠᠨ ᠡᠷᠬᠡᠪᠰᠢ ᠪᠠᠷᠢᠮᠲᠠᠯᠠᠬᠤ ᠬᠡᠷᠡᠭᠲᠡᠢ ᠃ ᠢᠩᠭᠢᠵᠦ ᠬᠢᠪᠡᠯ ᠪᠦᠬᠦ ᠰᠤᠷᠤᠭᠴᠢᠳ ᠤ᠋ᠨ ᠰᠤᠷᠤᠯᠴᠠᠬᠤ ᠤᠷᠮ᠎ᠠ ᠵᠣᠷᠢᠭ ᠊ᠢ ᠬᠥᠭᠵᠢᠭᠡᠨ᠂ ᠪᠠᠭᠰᠢ ᠪᠠᠷ ᠱᠠᠭᠠᠷᠳᠠᠭᠤᠯᠬᠤ ᠦᠭᠡᠢ᠂ ᠰᠤᠷᠤᠯᠭ᠎ᠠ ᠳ᠋ᠠᠭᠠᠨ ᠤᠬᠠᠮᠰᠠᠷ ᠠ᠋ᠴᠠ ᠪᠠᠨ ᠴᠢᠷᠮᠠᠶ᠋ᠢᠵᠤ᠂ ᠰᠤᠷᠤᠯᠭ᠎ᠠ ᠶ᠋ᠢᠨ ᠬᠢᠨᠢ ᠴᠢᠨᠠᠷ ᠴᠢᠨᠰᠠᠭ᠎ᠠ ᠴᠤ᠌ ᠮᠡᠲᠡᠭᠲᠡᠬᠦᠶ᠋ᠢᠴᠡ ᠳᠡᠭᠡᠭᠰᠢᠯᠡᠬᠦ ᠶᠦ᠍ᠮ᠃
  ᠶᠠᠮᠠᠷᠪᠠ ᠠᠵᠢᠯ ᠳ᠋ᠤ᠌ ᠦᠷ᠎ᠡ ᠪᠦᠲᠦᠭᠡᠯ ᠭᠠᠷᠭᠠᠭᠰᠠᠨ ᠬᠥᠮᠦᠨ ᠪᠣᠯ ᠴᠥᠮ ᠥᠪᠡᠷ ᠦ᠋ᠨ ᠠᠵᠢᠯ ᠳ᠋ᠠᠭᠠᠨ ᠬᠠᠶ᠋ᠢᠷᠠᠲᠠᠢ ᠭᠡᠳᠡᠭ ᠊ᠢ ᠨᠡᠶ᠋ᠢᠭᠡᠮ ᠦ᠋ᠨ ᠪᠣᠳᠠᠲᠤ ᠦᠢᠯᠡᠳᠦᠯᠭᠡ ᠭᠡᠷᠡᠴᠢᠯᠡᠵᠦ ᠪᠠᠶ᠋ᠢᠨ᠎ᠠ᠃ ᠥᠪᠡᠷ ᠦ᠋ᠨ ᠠᠵᠢᠯ ᠢ᠋ᠶ᠋ᠠᠨ ᠬᠠᠯᠠᠭᠤᠨ ᠢ᠋ᠶ᠋ᠠᠷ ᠬᠠᠶ᠋ᠢᠷᠠᠯᠠᠪᠠᠯ ᠰᠠᠶᠢ ᠥᠪᠡᠷ ᠦ᠋ᠨ ᠪᠣᠢ ᠪᠦᠬᠦᠢ ᠬᠦᠴᠦ ᠴᠢᠳᠠᠯ᠂ ᠣᠶᠤᠨ ᠤᠬᠠᠭᠠᠨ᠂ ᠠᠷᠭ᠎ᠠ ᠰᠠᠮᠪᠠᠭ᠎ᠠ᠂ ᠣᠢ ᠪᠢᠯᠢᠭ ᠢ᠋ᠶ᠋ᠡᠨ ᠠᠵᠢᠯ ᠳ᠋ᠠᠭᠠᠨ ᠵᠣᠷᠢᠭᠤᠯᠵᠤ᠂ ᠬᠡᠳᠦᠢ ᠬᠦᠴᠦ ᠭᠠᠷᠭᠠᠬᠤ ᠲᠤᠲᠤᠮ ᠲᠡᠳᠦᠢ ᠪᠣᠯᠪᠠᠰᠤᠷᠠᠩᠭᠤᠢ ᠪᠣᠯᠵᠤ᠂ ᠬᠥᠳᠡᠯᠮᠦᠷᠢ ᠬᠥᠮᠦᠨ ᠊ᠢ ᠭᠣᠮᠣᠳᠠᠭᠠᠬᠤ ᠦᠭᠡᠢ ᠭᠡᠳᠡᠭ ᠢ᠋ᠶ᠋ᠡᠷ ᠶᠡᠬᠡ ᠬᠦᠴᠦ ᠭᠠᠷᠭᠠᠪᠠᠯ ᠶᠡᠬᠡ ᠠᠮᠵᠢᠯᠲᠠ ᠣᠯᠵᠤ᠂ ᠪᠠᠭ᠎ᠠ ᠬᠦᠴᠦ ᠭᠠᠷᠭᠠᠪᠠᠯ ᠪᠠᠭ᠎ᠠ ᠠᠮᠵᠢᠯᠲᠠ ᠣᠯᠵᠤ᠂ ᠬᠦᠴᠦ ᠭᠠᠷᠭᠠᠬᠤ ᠦᠭᠡᠢ ᠪᠣᠯ ᠠᠮᠵᠢᠯᠲᠠ ᠦᠭᠡᠢ ᠭᠡᠰᠡᠨ ᠦᠨᠡᠨ ᠶᠣᠰᠣ ᠶ᠋ᠢ ᠳᠤᠰᠬᠠᠬᠤ ᠨᠢ ᠳᠠᠮᠵᠢᠭ ᠦᠭᠡᠢ ᠪᠢᠯᠡ᠃

     ᠦᠰᠦᠭ ᠠᠮᠢᠯᠠᠭᠤᠯᠤᠭᠴᠢ᠄ ᠣᠤᠠᠬᠠᠨᠰᠣ ‍ᠠ᠋

※ ᠢᠷᠡᠯᠲᠡ ᠄
ᠪᠤᠭᠤᠲᠤ ᠬᠣᠲᠠ ᠶ᠋ᠢᠨ ᠲᠡᠭᠦᠷᠭᠡ ᠶ᠋ᠢᠨ ᠰᠤᠷᠭᠠᠨ ᠬᠥᠮᠦᠵᠢᠯ ᠦ᠋ᠨ ᠲᠣᠪᠴᠢᠶ᠎ᠠ ᠠ᠋ᠴᠠ ᠡᠷᠬᠢᠯᠡᠨ ᠶᠠᠪᠤᠭᠳᠠᠭᠤᠯᠤᠭᠰᠠᠨ ᠪᠠᠭ᠎ᠠ ᠰᠤᠷᠭᠠᠭᠤᠯᠢ ᠶ᠋ᠢᠨ ᠪᠠᠭᠰᠢ ᠨᠠᠷ ᠤ᠋ᠨ ᠰᠢᠯᠢᠳᠡᠭ ᠵᠣᠬᠢᠶᠠᠯ ᠤ᠋ᠨ ᠰᠣᠩᠭᠣᠮᠠᠯ ᠠ᠋ᠴᠠ
1995᠂12 ᠰᠠᠷ᠎ᠠ ᠳ᠋ᠤ᠌ ᠪᠢᠴᠢᠪᠡ᠃