ᠳ ᠰᠦᠬᠡᠪᠠᠭᠠᠲᠤᠷ-ᠪᠦᠬᠦ ᠴᠡᠷᠢᠭ ᠦ᠋ᠨ ᠵᠠᠩᠵᠤᠨД.Сүхбаатар-Бүх цэргийн жанжин ᠴᠤᠤᠲᠤ ᠬᠥᠮᠥᠰ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠳ ᠰᠦᠬᠡᠪᠠᠭᠠᠲᠤᠷ-ᠪᠦᠬᠦ ᠴᠡᠷᠢᠭ ᠦ᠋ᠨ ᠵᠠᠩᠵᠤᠨД.Сүхбаатар-Бүх цэргийн жанжин

ᠳ ᠰᠦᠬᠡᠪᠠᠭᠠᠲᠤᠷ-ᠪᠦᠬᠦ ᠴᠡᠷᠢᠭ ᠦ᠋ᠨ ᠵᠠᠩᠵᠤᠨД.Сүхбаатар-Бүх цэргийн жанжин

ᠠᠩᠭᠢᠯᠠᠯ:ᠴᠤᠤᠲᠤ ᠬᠥᠮᠥᠰ
2022-03-11

861

ᠲᠣᠪᠴᠢ ᠨᠠᠮᠲᠠᠷ

ᠳᠠᠮᠳᠢᠨ ᠤ᠋ ᠰᠦᠬᠡᠪᠠᠭᠠᠲᠤᠷ (1893 ᠣᠨ ᠤ᠋ 2 ᠰᠠᠷ᠎ᠠ ᠶ᠋ᠢᠨ 2- 1923 ᠣᠨ ᠤ᠋ 2 ᠰᠠᠷ᠎ᠠ ᠶ᠋ᠢᠨ 20) ᠨᠢ ᠮᠣᠩᠭᠣᠯ ᠤ᠋ᠨ ᠠᠷᠠᠳ ᠤ᠋ᠨ ᠨᠠᠮ᠂ ᠲᠥᠷᠥ ᠶ᠋ᠢ ᠡᠭᠦᠰᠬᠡᠨ ᠪᠠᠢᠭᠤᠯᠤᠭᠴᠢᠳ ᠤ᠋ᠨ ᠨᠢᠭᠡ᠂ ᠲᠥᠷᠥ ᠶ᠋ᠢᠨ ᠵᠢᠳᠬᠦᠯᠲᠡᠨ᠂ БНМАУ ᠦ᠌ ᠴᠡᠷᠢᠭ ᠦ᠋ᠨ ᠶᠠᠮᠤᠨ ᠤ᠋ ᠰᠠᠢᠳ᠂ ᠪᠦᠬᠦ ᠴᠡᠷᠢᠭ ᠦ᠋ᠨ ᠵᠠᠩᠵᠤᠨ ᠪᠠᠢᠭᠰᠠᠨ ᠬᠥᠮᠦᠨ ᠶᠤᠮ᠃ ᠣᠯᠠᠨ ᠲᠦᠮᠡᠨ ᠢ᠋ᠶ᠋ᠡᠨ ᠭᠤᠸᠠᠮᠢᠶᠠᠨ ᠪᠠᠭᠠᠲᠤᠷ ᠭᠡᠮᠡᠨ ᠠᠯᠳᠠᠷᠰᠢᠭᠰᠠᠨ᠃ ᠲᠡᠷᠡᠪᠡᠷ ᠥᠨᠥ ᠶ᠋ᠢᠨ ᠤᠯᠠᠭᠠᠨᠪᠠᠭᠠᠲᠤᠷ ᠬᠣᠲᠠ ᠪᠤᠶᠤ ᠲᠤᠬᠠᠢ ᠶ᠋ᠢᠨ ᠦᠶ᠎ᠡ ᠶ᠋ᠢᠨ ᠠᠮᠤᠭᠤᠯᠠᠩᠪᠠᠭᠠᠲᠤᠷ ᠬᠣᠲᠠ ᠳ᠋ᠤ᠌ ᠬᠠᠷᠠᠴᠠ ᠶᠠᠳᠠᠭᠤ ᠠᠷᠠᠳ ᠳᠠᠮᠳᠢᠨ ᠤ᠋ ᠬᠦᠦ ᠪᠣᠯᠤᠨ ᠮᠡᠨᠳᠦᠯᠡᠵᠡᠢ᠃
1893.02.02 ᠲᠤ᠌ ᠶᠠᠳᠠᠭᠤ ᠠᠷᠠᠳ ᠳᠠᠮᠳᠢᠨ ᠤ᠋ ᠭᠡᠷ ᠪᠦᠯᠢ ᠳ᠋ᠦ᠍ ᠲᠥᠷᠥᠭᠰᠡᠨ᠃ 14 ᠨᠠᠰᠤᠲᠠᠢ ᠳ᠋ᠤ᠌ ᠪᠠᠨ ᠪᠢᠴᠢᠭ ᠦᠰᠦᠭ ᠰᠤᠷᠴᠠᠢ᠃
1911 ᠣᠨ ᠳ᠋ᠤ᠌ ᠴᠡᠷᠢᠭ ᠦ᠋ᠨ ᠠᠯᠪᠠᠨ ᠳ᠋ᠤ᠌ ᠣᠷᠣᠵᠤ᠂ ᠫᠦᠯᠧᠮᠶᠣᠲ ᠰᠤᠮᠤᠨ ᠤ᠋  ᠳᠠᠷᠤᠭ᠎ᠠ ᠪᠠᠷ ᠠᠵᠢᠯᠯᠠᠭᠰᠠᠨ᠃
1918 ᠣᠨ ᠳ᠋ᠤ᠌ ᠡᠬᠡ ᠣᠷᠣᠨ ᠢ᠋ᠶ᠋ᠠᠨ ᠭᠠᠳᠠᠨ ᠤ᠋ ᠲᠦᠷᠢᠮᠡᠬᠡᠢᠯᠡᠯ ᠡᠴᠡ ᠴᠢᠯᠥᠭᠡᠯᠡᠬᠦ ᠲᠡᠢᠨ ᠳ᠋ᠦ᠍ ᠣᠷᠣᠯᠴᠠᠵᠤ ᠪᠠᠭᠠᠲᠤᠷ ᠴᠣᠯᠠ ᠪᠠᠷ ᠱᠠᠩᠨᠠᠭᠳᠠᠪᠠ᠃
1919 ᠣᠨ ᠤ᠋ ᠠᠷᠠᠳ ᠤ᠋ᠨ ᠬᠤᠪᠢᠰᠬᠠᠯ ᠤ᠋ᠨ ᠤᠳᠤᠷᠢᠳᠤᠭᠴᠢᠳ ᠤ᠋ᠨ ᠨᠢᠭᠡ᠂ ᠣᠷᠣᠰ ᠤ᠋ᠨ ᠬᠤᠪᠢᠰᠬᠠᠯᠴᠢᠳ ᠲᠠᠢ ᠬᠣᠯᠪᠣᠭ᠎ᠠ ᠲᠣᠭᠲᠠᠭᠠᠬᠤ ᠳ᠋ᠤ᠌ ᠣᠨᠴᠠᠭᠠᠢ ᠡᠭᠦᠷᠭᠡ ᠭᠦᠢᠴᠡᠳᠬᠡᠭᠰᠡᠨ᠃
1921.03.01 ᠳ᠋ᠦ᠍ МАН ᠶ᠋ᠢᠨ ᠠᠩᠬᠠᠳᠤᠭᠠᠷ ᠶᠡᠬᠡ ᠬᠤᠷᠠᠯ ᠳ᠋ᠤ᠌ ᠲᠥᠯᠥᠭᠡᠯᠡᠭᠴᠢ ᠪᠡᠷ ᠣᠷᠣᠯᠴᠠᠵᠠᠢ᠃
1921.11 ᠰᠠᠷ᠎ᠠ ᠳ᠋ᠤ᠌ ᠵᠥᠪᠯᠡᠯᠲᠦ ᠬᠣᠯᠪᠣᠭᠠᠲᠤ ᠤᠯᠤᠰ ᠲᠤ᠌ ᠣᠴᠢᠵᠤ ᠬᠣᠶᠠᠷ ᠤᠯᠤᠰ ᠤ᠋ᠨ ᠬᠣᠭᠣᠷᠣᠨᠳᠣᠬᠢ ᠨᠠᠢᠷᠠᠮᠳᠠᠯ ᠤ᠋ᠨ ᠬᠡᠷᠢᠶᠡᠨ ᠳ᠋ᠦ᠍ ᠭᠠᠷ ᠤ᠋ᠨ ᠦᠰᠦᠭ ᠵᠢᠷᠤᠵᠤ᠂ ᠵᠥᠪᠯᠡᠯᠲᠦ ᠶ᠋ᠢᠨ ᠤᠳᠤᠷᠢᠳᠤᠭᠴᠢ ᠸᠯᠠᠳᠢᠮᠢᠷ ᠢᠯᠢᠴ ᠯᠧᠨᠢᠨ ᠲᠡᠢ ᠠᠭᠤᠯᠵᠠᠪᠠ᠃
1922.07 ᠰᠠᠷ᠎ᠠ ᠳ᠋ᠤ᠌ ᠴᠡᠷᠢᠭ ᠦ᠋ᠨ ᠶᠠᠮᠤᠨ ᠤ᠋ ᠰᠠᠢᠳ᠂ ᠪᠦᠬᠦ ᠴᠡᠷᠢᠭ ᠦ᠋ᠨ ᠵᠠᠩᠵᠤᠨ ᠢ᠋ᠶ᠋ᠠᠷ ᠲᠣᠮᠢᠯᠠᠭᠳᠠᠭᠰᠠᠨ᠃
1923.02.20 ᠳ᠋ᠤ᠌ 30 ᠤ᠋ ᠨᠠᠰᠤᠲᠠᠢ ᠳ᠋ᠤ᠌ ᠪᠠᠨ ᠲᠠᠭᠠᠯᠠᠯ ᠲᠡᠭᠦᠰᠦᠭᠰᠡᠨ᠃ (ᠬᠣᠣᠷᠯᠠᠭᠳᠠᠵᠤ ᠨᠠᠰᠤ ᠪᠠᠷᠠᠭᠰᠠᠨ ᠭᠡᠵᠦ ᠦᠵᠡᠳᠡᠭ)᠃