ᠬᠥᠬᠡ ᠰᠤᠳᠤᠷ < ᠭᠤᠲᠠᠭᠠᠷ >- ᠢᠨᠵᠠᠨᠨᠠᠰᠢ Хөх судар < Гудгар >- Инжинаш ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠥᠬᠡ ᠰᠤᠳᠤᠷ < ᠭᠤᠲᠠᠭᠠᠷ >- ᠢᠨᠵᠠᠨᠨᠠᠰᠢ Хөх судар < Гудгар >- Инжинаш

ᠬᠥᠬᠡ ᠰᠤᠳᠤᠷ < ᠭᠤᠲᠠᠭᠠᠷ >- ᠢᠨᠵᠠᠨᠨᠠᠰᠢ Хөх судар < Гудгар >- Инжинаш

ᠠᠩᠭᠢᠯᠠᠯ:ᠲᠡᠦᠬᠡ ᠰᠣᠶᠣᠯ
2023-11-07

502

< ᠬᠥᠬᠡ ᠰᠤᠳᠤᠷ > ᠭᠤᠲᠠᠭᠠᠷ ᠳᠡᠪᠲᠡᠷ ᠦ᠋ᠨ
ᠦᠰᠦᠭ ᠠᠮᠢᠯᠠᠭᠤᠯᠬᠤ᠂ ᠬᠢᠨᠠᠬᠤ ᠠᠵᠢᠯ ᠳ᠋ᠤ᠌
ᠣᠷᠣᠯᠴᠠᠭᠰᠠᠨ ᠬᠥᠮᠦᠰ ᠦ᠋ᠨ ᠳᠥᠭᠥᠮ ᠲᠠᠨᠢᠯᠴᠠᠭᠤᠯᠭ᠎ᠠ

ᠠᠮᠢᠳᠤ ᠦᠰᠦᠭ ᠨᠢᠭᠡᠳᠦᠭᠡᠷ ᠬᠣᠯᠪᠣᠭᠠᠨ ᠠ᠋ᠴᠠ ᠦᠰᠦᠭ ᠬᠢᠨᠠᠭᠴᠢ :
ᠠᠯᠲᠠᠨᠰᠦ᠋ᠬᠡ - ᠬᠥᠯᠥᠨ ᠪᠤᠢᠷ ᠠᠢᠮᠠᠭ ᠤ᠋ᠨ ᠰᠢᠨ᠎ᠡ ᠪᠠᠷᠭᠤ ᠵᠡᠭᠦᠨ ᠬᠤᠰᠢᠭᠤᠨ ᠤ᠋ ᠵᠢᠪᠬᠤᠯᠠᠩᠲᠤ ᠰᠤᠮᠤ ᠶ᠋ᠢᠨ ᠬᠣᠯᠪᠣᠭᠠᠲᠤ ᠭᠠᠴᠠᠭᠠᠨ ᠤ᠋ ᠮᠠᠯᠴᠢᠨ ᠃
ᠡᠷᠳᠡᠨᠢ - ᠰᠢᠨᠵᠢᠶᠠᠩ ᠤ᠋ᠨ ᠪᠣᠷᠣᠲᠠᠯ᠎ᠠ ᠮᠣᠩᠭᠣᠯ ᠥᠪᠡᠷᠲᠡᠭᠡᠨ ᠵᠠᠰᠠᠬᠤ ᠵᠧᠦ ᠶ᠋ᠢᠨ ᠪᠣᠷᠣᠲᠠᠯ᠎ᠠ ᠬᠣᠲᠠ ᠶ᠋ᠢᠨ ᠬᠥᠮᠦᠨ᠂ ᠤᠷᠲᠤᠪᠤᠯᠠᠭ ᠪᠠᠯᠭᠠᠰᠤ ᠶ᠋ᠢᠨ ᠮᠠᠯ ᠠᠵᠤ ᠠᠬᠤᠢ ᠶ᠋ᠢᠨ ᠥᠷᠲᠡᠭᠡ ᠳ᠋ᠦ᠍ ᠠᠵᠢᠯᠯᠠᠵᠤ ᠪᠣᠢ᠃
ᠥᠷᠯᠥᠭ - ᠤᠯᠠᠭᠠᠨᠬᠠᠳᠠ ᠬᠣᠲᠠ ᠶ᠋ᠢᠨ ᠪᠠᠭᠠᠷᠢᠨ ᠵᠡᠭᠦᠨ ᠬᠤᠰᠢᠭᠤᠨ ᠤ᠋ ᠪᠠᠶᠠᠨ᠌ᠠ᠋ᠭᠤᠯᠠ ᠪᠠᠯᠭᠠᠰᠤ ᠃
ᠪᠤᠤ ᠿᠦᠩ ᠬᠤᠸᠠ - ᠲᠦᠩᠯᠢᠶᠣᠣ ᠬᠣᠲᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠤ᠋ ᠨᠤᠭᠤᠰᠤᠲᠠᠢ ᠭᠣᠣᠯ ᠪᠠᠭ᠎ᠠ ᠰᠤᠷᠭᠠᠭᠤᠯᠢ ᠶ᠋ᠢᠨ ᠪᠠᠭᠰᠢ ᠃
ᠪᠠᠶᠠᠨᠪᠤᠯᠠᠭ - ᠵᠢᠷᠢᠮ ᠠᠢᠮᠠᠭ ᠤ᠋ᠨ ᠨᠠᠢ᠍ᠮᠠᠨ ᠬᠤᠰᠢᠭᠤᠨ ᠤ᠋ ᠬᠣᠩᠬᠣᠷᠳᠠᠯ᠎ᠠ ᠰᠤᠮᠤ ᠶ᠋ᠢᠨ ᠮᠠᠯᠴᠢᠨ ᠃
ᠬᠠᠨᠲᠠᠵᠠᠪ - ᠬᠥᠯᠥᠨ ᠪᠤᠢᠷ ᠠᠢᠮᠠᠭ ᠤ᠋ᠨ ᠡᠸᠡᠩᠬᠢ ᠬᠤᠰᠢᠭᠤᠨ ᠤ᠋ ᠰᠢᠨᠡᠬᠡᠨ ᠵᠡᠭᠦᠨ ᠰᠤᠮᠤᠨ ᠤ᠋ ᠮᠠᠯ ᠤ᠋ᠨ ᠡᠮᠴᠢ ᠶ᠋ᠢᠨ ᠮᠡᠷᠭᠡᠵᠢᠯ ᠲᠡᠢ᠂ ᠮᠠᠯ ᠤ᠋ᠨ ᠡᠮ ᠦ᠋ᠨ ᠳᠡᠯᠭᠡᠭᠦᠷ ᠡᠷᠬᠢᠯᠡᠵᠦ ᠪᠣᠢ᠃
ᠰᠠᠷᠠᠨ᠎ᠠ - ᠥᠪᠥᠷ ᠮᠣᠩᠭᠣᠯ ᠤ᠋ᠨ ᠲᠦᠩᠯᠢᠶᠣᠣ ᠬᠣᠲᠠ ᠶ᠋ᠢᠨ ᠨᠠᠢ᠍ᠮᠠᠨ ᠬᠤᠰᠢᠭᠤᠨ ᠤ᠋ ᠳᠠᠴᠢᠨᠲᠠᠯ᠎ᠡ ᠪᠠᠯᠭᠠᠰᠤ ᠪᠠᠷ ᠨᠤᠲᠤᠭ ᠲᠠᠢ ᠂ ᠬᠤᠪᠢ ᠶ᠋ᠢᠨ ᠠᠵᠤ ᠠᠬᠤᠢᠯᠠᠯᠲᠠᠨ ᠃
ᠲ ·ᠪᠠᠶᠠᠷ ( ᠮᠣᠩᠭᠣᠯ ᠨᠤᠲᠤᠭ ) - ᠨᠠᠢ᠍ᠮᠠᠨ ᠬᠤᠰᠢᠭᠤᠨ ᠤ᠋ ᠳᠠᠴᠢᠨᠲᠠᠯ᠎ᠠ ᠪᠠᠯᠭᠠᠰᠤᠨ ᠤ᠋ ᠵᠡᠭᠡᠰᠦᠲᠡᠢ ᠭᠠᠴᠠᠭ᠎ᠠ ( ᠤᠤᠯ ᠤ᠋ᠨ ᠪᠠᠭᠠᠪᠡᠷᠬᠡ ᠰᠤᠮᠤ ᠶ᠋ᠢᠨ ᠱᠸᠵᠢᠨ ᠭᠠᠴᠠᠭ᠎ᠠ ) ᠃
ᠳᠠᠯᠠᠢᠪᠠᠶᠠᠷ - ᠬᠥᠯᠥᠨ ᠪᠤᠢᠷ ᠠᠢᠮᠠᠭ ᠤ᠋ᠨ ᠰᠢᠨ᠎ᠡ ᠪᠠᠷᠭᠤ ᠪᠠᠷᠠᠭᠤᠨ ᠬᠤᠰᠢᠭᠤᠨ ᠤ᠋ ᠬᠡᠷᠦᠯᠦᠨ ᠰᠤᠮᠤ ᠶ᠋ᠢᠨ ᠪᠠᠶᠠᠨᠬᠦ᠋ᠷᠢᠶ᠎ᠡ ᠭᠠᠴᠠᠭᠠᠨ ᠤ᠋ ᠮᠠᠯᠴᠢᠨ ᠃
ᠴᠸᠨ ᠬᠤᠪᠢᠰᠬᠠᠯ - ᠨᠠᠢ᠍ᠮᠠᠨ ᠬᠤᠰᠢᠭᠤᠨ ᠤ᠋ ᠪᠠᠢᠰᠢᠩᠲᠤ ᠪᠠᠯᠭᠠᠰᠤᠨ ᠤ᠋ ᠪᠠᠢᠰᠢᠩᠲᠤ ᠳᠤᠮᠳᠠᠳᠤ ᠰᠤᠷᠭᠠᠭᠤᠯᠢ ᠶ᠋ᠢᠨ ᠬᠢᠮᠢ ᠶ᠋ᠢᠨ ᠲᠠᠰᠤᠭ ᠤ᠋ᠨ ᠪᠠᠭᠰᠢ ᠃
ᠪᠤᠤ ᠸᠧᠨ ᠬᠤᠸᠠ ( ᠬᠡᠯᠡᠰᠣᠶᠣᠯ ) : ᠲᠦᠩᠯᠢᠶᠣᠣ ᠬᠣᠲᠠ᠂ ᠬᠦᠷᠢᠶ᠎ᠡ ᠬᠣᠰᠢᠭᠤ᠂ ᠮᠠᠩᠬᠠᠨ ᠰᠤᠮᠤ᠂ ᠰᠢᠷᠠᠬᠣᠣᠯᠠᠢ ᠨᠤᠲᠤᠭ ᠲᠠᠢ᠃

ᠠᠮᠢᠳᠤ ᠦᠰᠦᠭ ᠭᠤᠷᠪᠠᠳᠤᠭᠠᠷ ᠬᠣᠯᠪᠣᠭᠠᠨ ᠠ᠋ᠴᠠ ᠦᠰᠦᠭ ᠬᠢᠨᠠᠭᠴᠢ :
ᠰᠠᠮᠳᠠᠨᠭᠡᠷᠡᠯ - ᠰᠢᠯᠢᠨ ᠭᠣᠣᠯ ᠠᠢᠮᠠᠭ ᠤ᠋ᠨ ᠰᠢᠯᠢ ᠶ᠋ᠢᠨ ᠬᠣᠲᠠ ᠶ᠋ᠢᠨ ᠰᠠᠭᠤᠭᠠᠯᠢ ᠲᠣᠭᠣᠷᠢᠭ ᠤ᠋ᠨ ᠳᠡᠳ᠋ ᠱᠦᠵᠢ ᠃
ᠱᠠᠭᠰᠠᠯ - ᠬᠥᠯᠥᠨ ᠪᠤᠢᠷ ᠠᠢᠮᠠᠭ ᠤ᠋ᠨ ᠰᠢᠨ᠎ᠡ ᠪᠠᠷᠭᠤ ᠵᠡᠭᠦᠨ ᠬᠤᠰᠢᠭᠤᠨ ᠤ᠋ ᠵᠢᠪᠬᠤᠯᠠᠩᠲᠤ ᠰᠤᠮᠤ ᠃
ᠥᠭᠡᠳᠡᠯᠡᠬᠦ - ᠰᠢᠯᠢ ᠶ᠋ᠢᠨ ᠭᠣᠣᠯ ᠠᠢᠮᠠᠭ ᠤ᠋ᠨ ᠪᠠᠷᠠᠭᠤᠨ ᠦᠵᠦᠮᠦᠴᠢᠨ ᠬᠤᠰᠢᠭᠤᠨ ᠤ᠋ ᠤᠤᠯ ᠤ᠋ᠨ ᠪᠠᠴᠢ ᠰᠤᠮᠤᠨ ᠤ᠋ ᠰᠤᠷᠭᠠᠭᠤᠯᠢ ᠳ᠋ᠤ᠌ ᠪᠠᠭᠰᠢᠯᠠᠵᠤ ᠪᠠᠢᠪᠠ᠃ ᠰᠡᠭᠦᠯᠡᠷ ᠨᠢ ᠰᠤᠷᠭᠠᠭᠤᠯᠢ ᠨᠡᠢᠯᠡᠭᠡᠳ ᠭᠤᠷᠪᠠᠳᠤᠭᠠᠷ ᠪᠠᠭ᠎ᠠ ᠰᠤᠷᠭᠠᠭᠤᠯᠢ ᠠ᠋ᠴᠠ ᠠᠵᠢᠯ ᠤ᠋ᠨ ᠠᠮᠠᠷᠠᠯᠲᠠ ᠪᠠᠨ ᠠᠪᠴᠠᠢ᠃
ᠢᠦᠢ ᠷᠦᠩ - ᠬᠥᠯᠥᠨ ᠪᠤᠢᠷ ᠠᠢᠮᠠᠭ ᠤ᠋ᠨ ᠬᠠᠭᠤᠴᠢᠨ ᠪᠠᠷᠭᠤ ᠬᠤᠰᠢᠭᠤᠨ ᠤ᠋ ᠦᠨᠳᠦᠰᠦᠲᠡᠨ ᠦ᠌ ᠳᠤᠮᠳᠠᠳᠤ ᠰᠤᠷᠭᠠᠭᠤᠯᠢ ᠠ᠋ᠴᠠ ᠠᠵᠢᠯ ᠤ᠋ᠨ ᠠᠮᠠᠷᠠᠯᠲᠠ ᠪᠠᠨ ᠠᠪᠤᠭᠰᠠᠨ ᠪᠠᠭᠰᠢ ᠃
ᠪᠣᠷᠵᠢᠭᠢᠨ ᠣ᠂ ᠪᠤᠶᠠᠡᠡᠥ᠋ᠯᠵᠠᠢ - ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠤᠰᠢᠭᠤᠨ ᠤ᠋ ᠤᠤᠯ ᠤ᠋ᠨ ᠴᠠᠭᠠᠨᠨᠠᠭᠤᠷ ᠰᠤᠮᠤᠨ ᠤ᠋ ᠬᠥᠭᠵᠢᠯᠲᠦ ᠭᠠᠴᠠᠭ᠎ᠠ᠃ ᠲᠡᠷᠡ1998 ᠣᠨ ᠳ᠋ᠤ᠌ ᠠᠩᠬᠠᠨ ᠤ᠋ ᠪᠦᠲᠦᠭᠡᠯ 《 ᠮᠢᠨᠦ ᠡᠵᠢ ᠮᠠᠯᠴᠢᠨ ᠬᠥᠮᠦᠨ》 ᠭᠡᠬᠦ ᠰᠢᠯᠦᠭ ᠢ᠋ᠶ᠋ᠡᠷ ᠰᠢᠯᠢ ᠶ᠋ᠢᠨ ᠭᠣᠣᠯ ᠤ᠋ᠨ ᠡᠳᠦᠷ ᠦ᠋ᠨ ᠰᠣᠨᠢᠨ ᠤ᠋ 《 ᠡᠵᠢ ᠨᠠᠭᠤᠷ》 ᠲᠤᠰᠬᠠᠢ ᠪᠤᠯᠤᠩ ᠳ᠋ᠤ᠌ ᠨᠡᠢᠲᠡᠯᠡᠭᠦᠯᠦᠭᠰᠡᠨ ᠡᠴᠡ ᠨᠠᠭᠠᠰᠢ ᠢᠷᠠᠭᠤ ᠨᠠᠢᠷᠠᠭ᠂ ᠨᠠᠢᠷᠠᠭᠤᠯᠤᠯ᠂ ᠳᠠᠭᠤᠨ ᠤ᠋ ᠦᠭᠡ ᠂ ᠦᠰᠦᠨ ᠪᠢᠷ ᠦ᠋ᠨ ᠤᠷᠠᠨ ᠪᠢᠴᠢᠯᠭᠡ ᠵᠡᠷᠭᠡ ᠪᠦᠲᠦᠭᠡᠯ ᠢ᠋ᠶ᠋ᠡᠷ ᠲᠥᠪ ᠪᠤᠶᠤ ᠡᠯ᠎ᠡ ᠣᠷᠣᠨ ᠠᠢᠮᠠᠭ ᠤ᠋ᠨ ᠷᠠᠳᠢᠣ᠋ ᠲᠧᠯᠸᠢᠰ᠂ ᠰᠣᠨᠢᠨ ᠰᠡᠳᠬᠦᠯ ᠳ᠋ᠦ᠍( ᠮᠡᠳᠡᠭᠡᠯᠡᠯ ᠴᠢᠮᠡᠭᠡᠯᠡᠯ)1000 ᠰᠢᠬᠠᠮ ᠡᠬᠡ ᠪᠢᠴᠢᠭ ᠢ᠋ᠶ᠋ᠡᠨ ᠳᠠᠮᠵᠢᠭᠤᠯᠤᠨ ᠨᠡᠢᠲᠡᠯᠡᠭᠦᠯᠵᠦ ᠢᠷᠡᠵᠡᠢ᠃ ᠣᠳᠣ ᠲᠡᠷᠡ ᠮᠠᠨᠢ ᠮᠥᠨ ᠮᠣᠩᠭᠣᠯ ᠰᠣᠶᠣᠯ ᠤ᠋ᠨ ᠢ᠋ᠶ᠋ᠠᠨ ᠲᠤᠯᠭ᠎ᠠ ᠶ᠋ᠢᠨ ᠭᠤᠷᠪᠠᠨ ᠴᠢᠯᠠᠭᠤ ᠳ᠋ᠤ᠌ ᠭᠠᠯ ᠨᠡᠮᠡᠵᠦ ᠮᠣᠷᠢᠲᠠᠢ ᠬᠡᠢᠮᠣᠷᠢ ᠪᠠᠨ ᠮᠠᠨᠳᠤᠭᠤᠯᠵᠤ ᠢᠷᠠᠭᠤ ᠨᠠᠢᠷᠠᠭ ᠢ᠋ᠶ᠋ᠠᠨ ᠪᠢᠴᠢᠵᠦ ᠶᠠᠪᠤᠨᠠᠮ᠃

ᠠᠮᠢᠳᠤ ᠦᠰᠦᠭ ᠲᠠᠪᠤᠳᠤᠭᠠᠷ ᠬᠣᠯᠪᠣᠭᠠᠨ ᠠ᠋ᠴᠠ ᠦᠰᠦᠭ ᠬᠢᠨᠠᠭᠴᠢ :
ᠲᠠᠨ᠎ᠠ - ᠰᠢᠯᠢ ᠶ᠋ᠢᠨ ᠭᠣᠣᠯ ᠠᠢᠮᠠᠭ ᠤ᠋ᠨ ᠵᠡᠭᠦᠨ ᠰᠥᠨᠢᠳ ᠬᠣᠰᠢᠭᠤ ᠃
ᠭᠡᠷᠡᠯ - ᠣᠷᠳᠣᠰ ᠬᠣᠲᠠ ᠶ᠋ᠢᠨ ᠦᠦᠰᠢᠨ ᠬᠣᠰᠢᠭᠤ ᠃
ᠣᠳᠣᠨ - ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠣᠰᠢᠭᠤ ᠃
ᠤᠷᠠᠨ - ᠤᠯᠠᠭᠠᠨᠬᠠᠳᠠ ᠬᠣᠲᠠ ᠶ᠋ᠢᠨ ᠬᠡᠰᠢᠭᠲᠡᠨ ᠬᠤᠰᠢᠭᠤᠨ ᠤ᠋ ᠳᠠᠯᠠᠢᠨᠠᠭᠣᠷ ᠦᠨᠳᠦᠰᠦᠲᠡᠨ ᠦ᠌ ᠲᠤᠷᠰᠢᠯᠲᠠ ᠶ᠋ᠢᠨ ᠪᠠᠭ᠎ᠠ ᠰᠤᠷᠭᠠᠭᠤᠯᠢ ᠳ᠋ᠤ᠌ ᠠᠵᠢᠯᠯᠠᠵᠤ ᠪᠣᠢ ᠃
ᠨᠠᠷᠠᠨᠵᠦ᠋ᠭ - ᠨᠡᠷ᠎ᠡ ᠭᠧᠨ ᠰᠢᠶᠣᠤ ᠂ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠤᠰᠢᠭᠤᠨ ᠤ᠋ ᠬᠣᠨᠳᠣ ᠪᠠᠯᠭᠠᠰᠤᠨ ᠤ᠋ ᠃
ᠰᠠᠷᠠᠨᠲᠤᠶᠠᠭ᠎ᠠ - ᠣᠷᠳᠣᠰ ᠬᠣᠲᠠ ᠶ᠋ᠢᠨ ᠣᠲᠣᠭ ᠬᠣᠰᠢᠭᠤ ᠥᠪᠥᠷ ᠮᠣᠩᠭᠣᠯ ᠤ᠋ᠨ ᠦᠨᠳᠦᠰᠦᠲᠡᠨ ᠦ᠌ ᠴᠡᠴᠡᠷᠯᠢᠭ ᠦ᠋ᠨ ᠪᠠᠭᠰᠢ ᠶ᠋ᠢᠨ ᠲᠤᠰᠬᠠᠢ ᠮᠡᠷᠭᠡᠵᠢᠯ ᠦ᠋ᠨ ᠳᠡᠭᠡᠳᠦ ᠰᠤᠷᠭᠠᠭᠤᠯᠢ ᠳ᠋ᠤ᠌ ᠪᠠᠭᠰᠢ ᠶ᠋ᠢᠨ ᠠᠯᠪᠠ ᠲᠠᠢ ᠃
ᠪᠤᠤ ᠴᠢᠩ ᠬᠡᠦ - ᠲᠦᠩᠯᠢᠶᠣᠣ ᠬᠣᠲᠠ ᠶ᠋ᠢᠨ ᠬᠦᠷᠢᠶ᠎ᠡ ᠬᠤᠰᠢᠭᠤᠨ ᠤ᠋ ᠮᠠᠩᠬᠠᠨ ᠰᠤᠮᠤ ᠃
ᠪᠠᠯᠵᠢ (ᠬᠥᠬᠡ ᠮᠣᠩᠭᠣᠯ ) - ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠃
ᠰ ᠂ ᠵᠢᠷᠭᠠᠯ - ᠤᠯᠠᠭᠠᠨᠬᠠᠳᠠ ᠬᠣᠲᠠ ᠶ᠋ᠢᠨ ᠬᠡᠰᠢᠭᠲᠡᠨ ᠬᠤᠰᠢᠭᠤᠨ ᠤ᠋ ᠤᠤᠭᠠᠯ ᠃
ᠤᠶᠠᠩᠭ᠎ᠠ - ᠲᠦᠩᠯᠢᠶᠣᠣ ᠬᠣᠲᠠ ᠶ᠋ᠢᠨ ᠵᠠᠷᠤᠳ ᠬᠤᠰᠢᠭᠤᠨ ᠤ᠋ ᠠᠵᠢᠯ ᠠ᠋ᠴᠠ ᠪᠠᠨ ᠠᠮᠠᠷᠠᠭᠰᠠᠨ ᠪᠠᠭᠰᠢ᠃
ᠵᠢᠩᠯᠢᠬᠤᠸᠠᠷ - ᠣᠷᠳᠣᠰ ᠬᠣᠲᠠ ᠶ᠋ᠢᠨ ᠦᠦᠰᠢᠨ ᠬᠤᠰᠢᠭᠤᠨ ᠤ᠋ ᠠᠵᠢᠯ ᠠ᠋ᠴᠠ ᠪᠠᠨ ᠠᠮᠠᠷᠠᠭᠰᠠᠨ ᠪᠠᠭᠰᠢ ᠃

ᠺᠣᠮᠫᠢᠦ᠋ᠲ᠋ᠧᠷ ᠦ᠋ᠨ ᠬᠢᠨᠠᠭᠴᠢ ᠪᠠᠭᠰᠢ ᠨᠠᠷ ᠄
ᠰᠢᠯᠤᠭᠤᠨ - ᠬᠣᠷᠴᠢᠨ ᠠᠢᠮᠠᠭ ᠤ᠋ᠨ ᠨᠠᠢ᠍ᠮᠠᠨ ᠬᠣᠰᠢᠭᠤ ᠨᠤᠲᠤᠭ ᠲᠠᠢ᠂ ᠬᠠᠢᠯᠠᠷ ᠲᠤ᠌ ᠠᠵᠢᠯᠯᠠᠵᠤ ᠪᠠᠢᠨ᠎ᠠ᠃ ᠮᠣᠩᠭᠣᠯ ᠰᠣᠶᠣᠯ ᠳ᠋ᠤ᠌ ᠪᠠᠨ ᠬᠠᠢᠷᠠᠲᠠᠢ ᠵᠢᠷ ᠦ᠋ᠨ ᠨᠢᠭᠡᠨ ᠮᠣᠩᠭᠣᠯ ᠬᠥᠮᠦᠨ ᠃
ᠮᠥᠴᠢᠷ - ᠲᠦᠩᠯᠢᠶᠣᠣ ᠬᠣᠲᠠ ᠶ᠋ᠢᠨ ᠨᠠᠢ᠍ᠮᠠᠨ ᠬᠤᠰᠢᠭᠤᠨ ᠤ᠋ ᠲᠦᠯᠡᠭᠡᠨᠲᠠᠯ᠎ᠠ ᠪᠠᠭ᠎ᠠ ᠰᠤᠷᠭᠠᠭᠤᠯᠢ ᠃
ᠬᠠᠢ ᠵᠢᠶᠦ᠋ᠨ - ᠤᠯᠠᠭᠠᠨᠬᠠᠳᠠ ᠬᠣᠲᠠ ᠶ᠋ᠢᠨ ᠪᠠᠭᠠᠷᠢᠨ ᠪᠠᠷᠠᠭᠤᠨ ᠬᠤᠰᠢᠭᠤᠨ ᠤ᠋ ᠰᠠᠢᠬᠠᠨ ᠵᠡᠭᠡᠯᠢ ᠭᠤᠳᠤᠮᠵᠢ ᠶ᠋ᠢᠨ ᠬᠠᠮᠢᠶᠠᠷᠤᠯᠲᠠ ᠶ᠋ᠢᠨ ᠠᠯᠪᠠᠨ ᠭᠡᠷ ᠦ᠋ᠨ ᠠᠵᠢᠯᠲᠠᠨ ᠃
ᠪᠤᠤ ᠳᠣᠷᠣᠨ᠎ᠠ - ᠪᠤᠤ ᠿᠦᠩ ᠬᠤᠸᠠ᠃ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠤ᠋ ᠨᠤᠭᠤᠰᠤᠲᠠᠢ ᠪᠠᠯᠭᠠᠰᠤᠨ ᠤ᠋ ᠭᠣᠣᠯ ᠪᠠᠭ᠎ᠠ ᠰᠤᠷᠭᠠᠭᠤᠯᠢ ᠶ᠋ᠢᠨ ᠲᠣᠭᠠᠨ ᠤ᠋ ᠤᠬᠠᠭᠠᠨ ᠤ᠋ ᠪᠠᠭᠰᠢ ᠃
ᠳᠣᠷᠣᠨ᠎ᠠ - ᠬᠡᠰᠢᠭᠲᠡᠨ ᠬᠣᠰᠢᠭᠤ ᠪᠠᠷ ᠨᠤᠲᠤᠭᠲᠠᠢ ᠂ ᠲᠦᠩᠯᠢᠶᠣᠣ ᠬᠣᠲᠠ ᠶ᠋ᠢᠨ 《 ᠠᠯᠲᠠᠨ ᠦᠨᠳᠦᠰᠦ 》 ᠰᠡᠳᠬᠦᠯ ᠦ᠋ᠨ ᠮᠣᠩᠭᠣᠯ ᠬᠡᠯᠡᠨ ᠦ᠌ ᠨᠠᠢᠷᠠᠭᠤᠯᠤᠭᠴᠢ ᠃
ᠰ᠂ ᠳᠣᠷᠣᠨ᠎ᠠ - ᠰᠢᠯᠢ ᠶ᠋ᠢᠨ ᠭᠣᠣᠯ ᠠᠢᠮᠠᠭ ᠤ᠋ᠨ ᠡᠷᠢᠶᠡᠨ ᠬᠣᠲᠠ ᠶ᠋ᠢᠨ ᠮᠣᠩᠭᠣᠯ ᠪᠠᠭ᠎ᠠ ᠰᠤᠷᠭᠠᠭᠤᠯᠢ ᠶ᠋ᠢᠨ ᠪᠠᠭᠰᠢ ᠃
ᠰᠡᠴᠡᠨᠴᠢᠮᠡᠭ - ᠲᠦᠩᠯᠢᠶᠣᠣ ᠬᠣᠲᠠ ᠶ᠋ᠢᠨ ᠨᠠᠢ᠍ᠮᠠᠨ ᠬᠤᠰᠢᠭᠤᠨ ᠤ᠋ ᡁᠢ ᠠᠨ ᠮᠣᠩᠭᠣᠯ ᠪᠠᠭ᠎ᠠ ᠰᠤᠷᠭᠠᠭᠤᠯᠢ ᠶ᠋ᠢᠨ ᠪᠠᠭᠰᠢ ᠃
ᠱᠤᠸᠠᠩ ᠤ᠋ᠨ ᠬᠤᠸᠠ - ᠲᠥᠷᠥᠭᠰᠡᠨ ᠨᠤᠲᠤᠭ ᠲᠦᠩᠯᠢᠶᠣᠣ ᠬᠣᠲᠠ ᠶ᠋ᠢᠨ ᠬᠦᠷᠢᠶ᠎ᠡ ᠬᠣᠰᠢᠭᠤ᠂ ᠣᠳᠣ ᠤᠯᠠᠭᠠᠨᠴᠠᠪ ᠬᠣᠲᠠ ᠶ᠋ᠢᠨ ᠰᠢᠩ ᠾᠧ ᠰᠢᠶᠠᠨ ᠤ᠋ ᠬᠥᠳᠡᠭᠡ ᠲᠣᠰᠬᠣᠨ ᠢ᠋ ᠬᠥᠭᠵᠢᠭᠦᠯᠬᠦ ᠲᠣᠪᠴᠢᠶᠠᠨ ᠳ᠋ᠤ᠌ ᠠᠵᠢᠯᠯᠠᠵᠤ ᠪᠣᠢ ᠃
ᠲᠦᠯᠡᠭᠡᠴᠢᠨ ᠵ᠂ ᠴᠡᠴᠡᠭ - ᠣᠷᠳᠣᠰ ᠣᠲᠣᠭ ᠬᠣᠰᠢᠭᠤ ᠂ Atomyᠨᠣᠭᠣᠭᠠᠨ ᠪᠷᠠᠨᠳ᠋ ᠴᠠᠬᠢᠮ ᠬᠤᠳᠠᠯᠳᠤᠭᠠᠨ ᠤ᠋ ᠳᠡᠯᠭᠡᠭᠦᠷ ᠠᠵᠢᠯᠯᠠᠭᠤᠯᠳᠠᠭ᠃
ᠿᠦᠩ ᠰᠢ - ᠲᠦᠩᠯᠢᠶᠣᠣ ᠬᠣᠲᠠ ᠶ᠋ᠢᠨ ᠬᠦᠷᠢᠶ᠎ᠡ ᠬᠤᠰᠢᠭᠤᠨ ᠤ᠋ ᠬᠦᠷᠢᠶ᠎ᠡ ᠪᠠᠯᠭᠠᠰᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠵᠢᠯᠲᠠᠨ
ᠭᠡᠭᠡᠨᠲᠠᠨ᠎ᠠ - ᠪᠠᠶᠠᠨᠨᠠᠭᠤᠷ ᠠᠢᠮᠠᠭ ᠤ᠋ᠨ ᠤᠷᠠᠳ ᠤ᠋ᠨ ᠬᠣᠢᠲᠤ ᠬᠤᠰᠢᠭᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠳ᠋ᠦ᠍ ᠠᠵᠢᠯᠯᠠᠵᠤ ᠪᠣᠢ᠃
ᠪᠠᠳᠮ᠎ᠠ - ᠣᠷᠳᠣᠰ ᠬᠣᠲᠠ ᠶ᠋ᠢᠨ ᠬᠠᠩᠭᠢᠨ ᠬᠤᠰᠢᠭᠤᠨ ᠤ᠋ ᠰᠢᠨᠡᠪᠠᠯᠭᠠᠰᠤ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠠᠵᠢᠯᠲᠠᠨ᠃
ᠬᠠᠰᠤᠩᠭᠤᠸ᠎ᠡ ( ᠭᠠᠸᠠ) - ᠳᠠᠯᠠᠨ ᠨᠠᠰᠤ ᠲᠠᠢ᠂ ᠵᠢᠷᠢᠮ ᠠᠢᠮᠠᠭ ᠂ ᠡᠮᠴᠢ ᠶ᠋ᠢᠨ ᠠᠯᠪᠠ ᠠ᠋ᠴᠠ ᠠᠮᠠᠷᠠᠯᠲᠠ ᠪᠠᠨ ᠠᠪᠤᠭᠰᠠᠨ ᠃
ᠮᠥᠩᠬᠡᠵᠢᠷᠭᠠᠯ ᠪᠤᠭᠤᠲᠤ ᠬᠣᠲᠠ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠨᠤᠲᠤᠭ ᠲᠠᠢ᠂ ᠬᠠᠷᠢᠶᠠᠲᠤ ᠳᠤᠮᠳᠠᠳᠤ ᠰᠤᠷᠭᠠᠭᠤᠯᠢ ᠠ᠋ᠴᠠ ᠲᠡᠭᠦᠰᠦᠭᠰᠡᠨ᠃
ᠰᠠᠷᠠᠨ᠎ᠠ - ᠵᠠᠷᠤᠳ ᠬᠣᠰᠢᠭᠤ ᠨᠤᠲᠤᠭ ᠲᠠᠢ᠂ ᠣᠳᠣᠬᠠᠨ ᠳ᠋ᠤ᠌ ᠤᠯᠠᠭᠠᠨᠴᠠᠪ ᠬᠣᠲᠠ ᠶ᠋ᠢᠨ ᠠᠵᠢᠯ ᠮᠡᠷᠭᠡᠵᠢᠯ ᠦ᠋ᠨ ᠰᠤᠷᠭᠠᠭᠤᠯᠢ ᠳ᠋ᠤ᠌ ᠠᠵᠢᠯᠯᠠᠵᠤ ᠪᠠᠢᠨ᠎ᠠ ᠃
ᠦᠯᠵᠡᠢᠪᠦ᠋ᠷᠢᠨ - ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠶ᠋ᠢᠨ ᠹᠢᠽᠢᠺ ᠦ᠋ᠨ ᠪᠠᠭᠰᠢ ᠃
ᠯᠦᠩ ᠳᠠᠩ - ᠵᠣᠣ ᠤᠳᠠ ᠶ᠋ᠢᠨ ᠴᠢᠭᠤᠯᠭᠠᠨ ᠤ᠋ ᠠᠷᠤ ᠬᠣᠷᠴᠢᠨ ᠤ᠋ ᠤᠤᠭᠠᠯ᠂ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ ᠠ᠋ᠴᠠ ᠠᠵᠢᠯ ᠤ᠋ᠨ ᠠᠮᠠᠷᠠᠯᠲᠠ ᠪᠠᠨ ᠠᠪᠤᠭᠰᠠᠨ᠂ ᠳᠤᠮᠳᠠᠳᠤ ᠰᠤᠷᠭᠠᠭᠤᠯᠢ ᠶ᠋ᠢᠨ ᠳᠡᠭᠡᠳᠦ ᠳᠡᠰ ᠦ᠋ᠨ ᠮᠡᠷᠭᠡᠵᠢᠯ ᠦ᠋ᠨ ᠴᠣᠯᠠ ᠲᠠᠢ ᠵᠢᠷ ᠦ᠋ᠨ ᠨᠢᠭᠡ ᠲᠣᠭᠠᠨ ᠤ᠋ ᠤᠬᠠᠭᠠᠨ ᠤ᠋ ᠪᠠᠭᠰᠢ᠃
ᠲᠤᠭᠴᠢ ᠰᠠᠷᠠᠨ᠎ᠠ - ᠪᠡᠭᠡᠵᠢᠩ ᠬᠣᠲᠠ ( ᠶᠠᠫᠣᠨ ᠤ᠋ ᠰᠥᠩ ᠰᠢᠶᠠ ᠪᠦᠯᠦᠭᠯᠡᠯ ᠦ᠋ᠨ ᠮᠡᠷᠭᠡᠵᠢᠯ ᠦ᠋ᠨ ᠰᠠᠯᠪᠤᠷᠢ )
ᠣᠳᠬᠠᠨᠰᠸ᠎ᠠ - ᠪᠤᠭᠤᠲᠤ ᠬᠣᠲᠠ ᠶ᠋ᠢᠨ ᠵᠧᠦ ᠶᠤᠸᠠᠨ ᠲᠣᠭᠣᠷᠢᠭ ᠤ᠋ᠨ ᠮᠣᠩᠭᠣᠯ ᠪᠠᠭ᠎ᠠ ᠰᠤᠷᠭᠠᠭᠤᠯᠢ ᠶ᠋ᠢᠨ ᠠᠵᠢᠯ ᠠ᠋ᠴᠠ ᠪᠠᠨ ᠠᠮᠠᠷᠠᠭᠰᠠᠨ ᠮᠣᠩᠭᠣᠯ ᠬᠡᠯᠡᠨ ᠦ᠌ ᠪᠠᠭᠰᠢ ( ᠥᠨᠳᠥᠷ ᠳᠡᠰ ) ᠃