ᠮᠣᠩᠭᠣᠯ ᠰᠣᠶᠣᠯ ᠢ᠋ᠶ᠋ᠠᠨ ᠬᠦᠨᠳᠦᠳᠬᠡᠵᠦ ᠶᠠᠪᠤᠶ᠎ᠠ- ᠴᠠᠭᠠᠨᠴᠡᠴᠡᠭМонгол соёлоо хүндэтгэж явъя-Цагаанцэцэг ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠩᠭᠣᠯ ᠰᠣᠶᠣᠯ ᠢ᠋ᠶ᠋ᠠᠨ ᠬᠦᠨᠳᠦᠳᠬᠡᠵᠦ ᠶᠠᠪᠤᠶ᠎ᠠ- ᠴᠠᠭᠠᠨᠴᠡᠴᠡᠭМонгол соёлоо хүндэтгэж явъя-Цагаанцэцэг

ᠮᠣᠩᠭᠣᠯ ᠰᠣᠶᠣᠯ ᠢ᠋ᠶ᠋ᠠᠨ ᠬᠦᠨᠳᠦᠳᠬᠡᠵᠦ ᠶᠠᠪᠤᠶ᠎ᠠ- ᠴᠠᠭᠠᠨᠴᠡᠴᠡᠭМонгол соёлоо хүндэтгэж явъя-Цагаанцэцэг

2023-11-10

547

ᠮᠣᠩᠭᠣᠯ ᠰᠣᠶᠣᠯ ᠢ᠋ᠶ᠋ᠠᠨ ᠬᠦᠨᠳᠦᠳᠬᠡᠵᠦ ᠶᠠᠪᠤᠶ᠎ᠠ

                       ᠴᠠᠭᠠᠨᠴᠡᠴᠡᠭ
     ᠨᠢᠭᠡ ᠦᠨᠳᠦᠰᠦᠲᠡᠨ ᠦ᠌ ᠬᠥᠭᠵᠢᠯ ᠮᠠᠨᠳᠤᠯ ᠳᠤ ᠰᠣᠶᠣᠯ ᠨᠢ ᠪᠣᠯ ᠭᠣᠣᠯ ᠴᠢᠮᠥᠭᠡ ᠨᠢ ᠪᠥᠭᠡᠳ ᠮᠥᠨᠴᠥ ᠨᠢᠭᠡ ᠦᠨᠳᠦᠰᠦᠲᠡᠨ ᠦ᠌ ᠬᠠᠮᠤᠭ ᠤ᠋ᠨ ᠦᠨᠡᠲᠦ ᠥᠪ ᠬᠥᠷᠥᠩᠭᠡ ᠮᠥᠨ ᠭᠡᠳᠡᠭ᠃ ᠡᠢᠮᠦ ᠡᠴᠡ ᠪᠢᠳᠡ ᠥᠪᠡᠷ ᠦ᠋ᠨ ᠦᠨᠳᠦᠰᠦᠲᠡᠨ ᠦ᠌ ᠪᠡᠨ ᠰᠣᠶᠣᠯ ᠢ᠋ ᠬᠠᠮᠠᠭᠠᠯᠠᠵᠤ᠂ ᠤᠯᠠᠮᠵᠢᠯᠠᠵᠤ ᠶᠠᠪᠤᠬᠤ ᠨᠢ ᠬᠠᠮᠤᠭ ᠤ᠋ᠨ ᠴᠢᠬᠤᠯᠠ ᠶᠤᠮ᠃ ᠣᠳᠣ ᠨᠡᠢᠭᠡᠮ ᠬᠥᠭᠵᠢᠵᠦ᠂ ᠠᠷᠠᠳ ᠤ᠋ᠨ ᠠᠮᠢᠳᠤᠷᠠᠯ ᠨᠢᠰᠬᠦ ᠮᠡᠲᠦ ᠲᠦᠷᠭᠡᠨ ᠳᠡᠭᠡᠭᠰᠢᠯᠡᠬᠦ ᠶ᠋ᠢ ᠳᠠᠭᠠᠯᠳᠤᠨ ᠮᠠᠨ ᠤ᠋ ᠠᠮᠢᠳᠤᠷᠠᠯ ᠳ᠋ᠤ᠌ ᠲᠤᠩ ᠶᠡᠬᠡ ᠬᠤᠪᠢᠷᠠᠯᠲᠠ ᠭᠠᠷᠴᠤ ᠪᠠᠢᠨ᠎ᠠ᠂ ᠨᠡᠩ ᠴᠤ᠌ ᠬᠥᠳᠡᠭᠡ ᠶ᠋ᠢᠨ ᠮᠠᠯᠴᠢᠳ ᠬᠣᠲᠠ ᠣᠷᠣᠵᠤ ᠰᠠᠭᠤᠵᠤ ᠮᠠᠯᠵᠢᠬᠤ ᠠᠮᠢᠳᠤᠷᠠᠯ ᠠ᠋ᠴᠠ ᠪᠠᠨ ᠬᠣᠯᠠᠳᠠᠭᠰᠠᠨ ᠠ᠋ᠴᠠ ᠮᠠᠨ ᠤ᠋ ᠬᠡᠦᠬᠡᠳ ᠪᠠᠭᠠᠴᠤᠳ ᠥᠪᠡᠷ ᠦ᠋ᠨ ᠲᠥᠷᠥᠯᠬᠢ ᠬᠡᠯᠡ᠂ ᠥᠪ ᠰᠣᠶᠣᠯ ᠠ᠋ᠴᠠ ᠪᠠᠨ ᠵᠠᠢᠳᠠᠵᠤ ᠪᠠᠢᠭ᠎ᠠ ᠦᠵᠡᠭᠳᠡᠯ ᠣᠯᠠᠰᠢᠷᠠᠵᠤ ᠪᠠᠢᠨ᠎ᠠ᠃ ᠪᠢᠳᠡᠨ ᠦ᠌ ᠪᠠᠭ᠎ᠠ ᠪᠠᠢᠬᠤ ᠳ᠋ᠤ᠌᠂ ᠨᠡᠢᠭᠡᠮ ᠬᠡᠳᠦᠢᠪᠡᠷ ᠲᠡᠢᠮᠦ ᠶᠡᠬᠡ ᠬᠥᠭᠵᠢᠬᠦ ᠪᠣᠯᠤᠭᠠᠳᠤᠢ ᠪᠠᠢᠭᠰᠠᠨ ᠴᠤ᠌᠂ ᠮᠠᠨ ᠤ ᠬᠥᠳᠡᠭᠡ ᠨᠤᠲᠤᠭ ᠮᠠᠯᠵᠢᠬᠤ ᠠᠮᠢᠳᠤᠷᠠᠯ ᠴᠣᠯ ᠮᠣᠩᠭᠣᠯ ᠢᠶᠠᠷ ᠢ᠋ᠶ᠋ᠠᠨ ᠪᠠᠢᠭᠰᠠᠨ᠂ ᠪᠠᠢᠭᠠᠯᠢ ᠠᠬᠤᠢ ᠴᠤ᠌ ᠴᠡᠪᠡᠷ ᠴᠡᠩᠭᠡᠭ ᠢ᠋ᠶ᠋ᠡᠷ ᠪᠠᠢᠭᠰᠠᠨ᠂ ᠪᠢᠳᠡ ᠴᠤ᠌ ᠬᠠᠷᠠᠬᠠᠨ ᠪᠠᠭ᠎ᠠ ᠠ᠋ᠴᠠ ᠪᠠᠨ ᠠᠵᠢᠯ ᠬᠥᠳᠡᠯᠮᠦᠷᠢ ᠳ᠋ᠦ᠍ ᠣᠷᠣᠯᠴᠠᠵᠤ᠂ ᠠᠵᠢᠯᠴᠢ ᠪᠣᠷᠣᠭᠵᠢᠭᠤᠨ ᠰᠠᠢᠬᠠᠨ ᠮᠣᠷᠠᠯ ᠰᠤᠷᠲᠠᠯ ᠲᠠᠢ ᠥᠰᠦᠭᠰᠡᠨ ᠶᠦᠮ᠃ ᠣᠳᠣ ᠪᠢᠳᠡ ᠮᠣᠩᠭᠣᠯ ᠦᠨᠳᠦᠰᠦᠲᠡᠨ ᠦ᠌ ᠪᠡᠨ ᠦᠨ᠎ᠡ ᠴᠠᠨ᠎ᠠ ᠲᠠᠢ ᠥᠪ ᠰᠣᠶᠣᠯ ᠢ᠋ᠶ᠋ᠠᠨ ᠦᠷ᠎ᠡ ᠬᠡᠦᠬᠡᠳ ᠲᠡᠭᠡᠨ ᠲᠠᠨᠢᠭᠤᠯᠵᠤ᠂ ᠥᠪᠯᠡᠨ ᠤᠯᠠᠮᠵᠢᠯᠠᠭᠤᠯᠵᠤ ᠬᠥᠭᠵᠢᠭᠦᠯᠵᠦ᠂ ᠲᠡᠳᠡᠨ ᠳ᠋ᠦ᠍ ᠥᠪᠡᠷ ᠦ᠋ᠨ ᠦᠨᠳᠦᠰᠦᠲᠡᠨ ᠦ᠌ ᠪᠠᠨ ᠰᠣᠶᠣᠯ ᠳ᠋ᠤ᠌ ᠬᠠᠢᠷᠠᠲᠠᠢ ᠪᠠᠢᠬᠤ ᠪᠠ ᠰᠣᠶᠣᠯ ᠢ᠋ᠶ᠋ᠠᠨ ᠪᠢᠰᠢᠷᠡᠵᠦ ᠬᠦᠨᠳᠦᠳᠬᠡᠬᠦ ᠲᠠᠯ᠎ᠠ ᠶ᠋ᠢᠨ ᠬᠥᠮᠦᠵᠢᠯ ᠢ᠋ ᠴᠠᠭ ᠢᠮᠠᠭᠲᠠ ᠰᠠᠢᠨ ᠬᠢᠵᠦ ᠪᠠᠢᠪᠠᠯ ᠰᠠᠶᠢ ᠥᠪ ᠰᠣᠶᠣᠯ ᠢᠶᠠᠨ  ᠪᠠᠷᠢᠮᠲᠠᠯᠠᠵᠤ ᠬᠥᠭᠵᠢᠭᠦᠯᠬᠦ ᠳᠤ ᠥᠴᠦᠬᠡᠨ ᠴᠤ᠌ ᠭᠡᠰᠡᠨ ᠬᠤᠪᠢ ᠨᠡᠮᠡᠷᠢ ᠪᠡᠨ ᠦᠵᠡᠭᠦᠯᠵᠦ ᠴᠢᠳᠠᠨ᠎ᠠ᠂ ᠮᠥᠨᠴᠥ ᠪᠢᠳᠡᠨ  ᠦ ᠬᠢᠬᠦ ᠶᠣᠰᠣᠲᠠᠢ ᠠᠵᠢᠯ ᠪᠠᠢᠬᠤ ᠭᠡᠵᠦ ᠪᠣᠳᠣᠨ᠎ᠠ᠃

     ᠲᠠᠪᠤᠨ ᠬᠣᠰᠢᠭᠤ ᠮᠠᠯ
ᠮᠠᠨ ᠤ᠋ ᠮᠣᠩᠭᠣᠯᠴᠤᠳ ᠡᠷᠲᠡ ᠳᠡᠭᠡᠳᠦ ᠡᠴᠡ ᠪᠡᠨ ᠠᠪᠤᠭᠠᠳ ᠲᠠᠪᠤᠨ ᠬᠣᠰᠢᠭᠤ ᠮᠠᠯ ᠳ᠋ᠠᠭᠠᠨ ᠲᠦᠰᠢᠭᠯᠡᠵᠦ ᠠᠮᠢᠳᠤᠷᠠᠯ ᠠᠬᠤᠢ ᠪᠠᠨ ᠴᠣᠭᠴᠠᠯᠠᠭᠰᠠᠭᠠᠷ ᠢᠷᠡᠵᠡᠢ᠃ ᠮᠥᠨᠴᠥ ᠲᠠᠪᠤᠨ ᠬᠣᠰᠢᠭᠤ ᠮᠠᠯ ᠤ᠋ᠨ ᠢ᠋ᠶ᠋ᠠᠨ ᠨᠣᠣᠰᠣ ᠨᠣᠯᠤᠤᠷ ᠢ᠋ᠶ᠋ᠠᠷ ᠠᠮᠢᠳᠤᠷᠠᠯ ᠤ᠋ᠨ ᠢ᠋ᠶ᠋ᠠᠨ ᠪᠦᠬᠦ ᠢᠷᠡᠯᠲᠡ ᠪᠡᠨ ᠪᠣᠯᠭᠠᠵᠤ᠂ ᠮᠢᠬ᠎ᠠ ᠰᠦ ᠪᠡᠷ ᠨᠢ ᠢᠳᠡᠭᠡᠨ ᠦ᠌ ᠳᠡᠭᠡᠵᠢ ᠪᠡᠨ ᠪᠣᠯᠭᠠᠵᠤ᠂ ᠮᠣᠷᠢ ᠲᠡᠮᠡᠭᠡ ᠪᠡᠷ ᠢ᠋ᠶ᠋ᠡᠨ ᠬᠦᠯᠦᠭ ᠢ᠋ᠶ᠋ᠡᠨ ᠪᠣᠯᠭᠠᠵᠤ᠂ ᠪᠦᠷ ᠯᠡ ᠮᠠᠯ ᠤ᠋ᠨ ᠢ᠋ᠶ᠋ᠠᠨ ᠬᠡᠰᠢᠭ ᠪᠤᠶᠠᠨ ᠳ᠋ᠤ᠌ ᠲᠦᠰᠢᠭᠯᠡᠵᠦ ᠠᠮᠢᠳᠤᠷᠠᠭᠰᠠᠭᠠᠷ ᠢᠷᠡᠭᠰᠡᠨ ᠶᠦᠮ᠃ ᠡᠢᠮᠦ ᠡᠴᠡ ᠮᠠᠨ ᠤ᠋ ᠮᠣᠩᠭᠣᠯᠴᠤᠳ ᠲᠠᠪᠤᠨ ᠬᠣᠰᠢᠭᠤ ᠮᠠᠯ ᠢ᠋ᠶ᠋ᠠᠨ《 ᠲᠠᠪᠤᠨ ᠡᠷᠳᠡᠨᠢ》 ᠭᠡᠮᠡᠨ ᠰᠢᠳᠦᠨ ᠳᠡᠭᠡᠳᠦᠯᠡᠵᠦ ᠢᠷᠡᠭᠰᠡᠨ ᠶᠦᠮ᠃ ᠵᠠ᠂ ᠲᠠᠪᠤᠨ ᠬᠣᠰᠢᠭᠤ ᠮᠠᠯ ᠮᠢᠨᠢ ᠲᠠᠯ᠎ᠠ ᠳᠦᠭᠦᠷᠡᠩ ᠦᠷᠡᠵᠢᠵᠦ ᠲᠠᠩᠰᠤᠭ ᠰᠠᠢᠬᠠᠨ ᠠᠮᠢᠳᠤᠷᠠᠯ ᠮᠢᠨᠢ ᠡᠳᠦᠷ ᠡᠴᠡ ᠡᠳᠦᠷ ᠥᠭᠡᠳᠡᠯᠡᠨ ᠳᠡᠭᠵᠢᠷᠡᠬᠦ ᠪᠣᠯᠲᠤᠭᠠᠢ!

     ᠮᠣᠩᠭᠣᠯ ᠪᠦᠰᠡᠭᠦᠢᠴᠦᠳ

ᠮᠣᠩᠭᠣᠯ ᠦᠨᠳᠦᠰᠦᠲᠡᠨ ᠦ᠌ ᠪᠡᠨ ᠡᠷᠬᠢᠮ ᠳᠡᠭᠡᠳᠦ ᠵᠠᠩ ᠴᠢᠨᠠᠷ ᠢ᠋ ᠥᠨᠢᠳᠡ ᠤᠯᠠᠮᠵᠢᠯᠠᠨ ᠪᠠᠳᠠᠷᠠᠭᠤᠯᠵᠤ ᠢᠷᠡᠭᠰᠡᠨ ᠮᠠᠨ ᠤ᠋ ᠮᠣᠩᠭᠣᠯ ᠪᠦᠰᠡᠭᠦᠢᠴᠦᠳ ᠡᠯ᠎ᠡ ᠠᠵᠢᠯ ᠤ᠋ᠨ ᠪᠠᠢᠷᠢ ᠳᠡᠭᠡᠷ᠎ᠡ ᠪᠡᠨ ᠭᠣᠶᠠᠴᠢ ᠦᠭᠡᠢ ᠵᠢᠳᠬᠦᠵᠦ᠂ ᠥᠪᠡᠷ ᠦ᠋ᠨ ᠤᠷ᠎ᠠ ᠤᠬᠠᠭᠠᠨ᠂
ᠣᠶᠤᠨᠴᠢ ᠬᠥᠳᠡᠯᠮᠦᠷᠢ ᠪᠡᠷ ᠢ᠋ᠶ᠋ᠡᠨ ᠠᠮᠢᠳᠤᠷᠠᠯ ᠠᠬᠤᠢ ᠪᠠᠨ ᠵᠣᠬᠢᠴᠠᠭᠤᠯᠵᠤ ᠢᠷᠡᠵᠡᠢ᠃ ᠨᠡᠩ ᠢᠯᠠᠩᠭᠤᠶ᠎ᠠ ᠮᠠᠨ ᠤ᠋ ᠦᠨᠳᠦᠰᠦᠲᠡᠨ ᠦ᠌ ᠪᠡᠨ ᠥᠪ ᠰᠣᠶᠣᠯ ᠪᠣᠯᠬᠤ ᠮᠠᠯᠵᠢᠬᠤ ᠦᠢᠯᠡᠳᠪᠦᠷᠢᠯᠡᠯ ᠳ᠋ᠡᠭᠡᠨ ᠭᠣᠣᠯᠯᠠᠭᠴᠢ ᠬᠦᠴᠦᠨ ᠵᠢᠳᠬᠦᠯ ᠢ᠋ᠶ᠋ᠡᠨ ᠡᠷᠭᠦᠵᠦ᠂ ᠲᠠᠪᠤᠨ ᠬᠣᠰᠢᠭᠤ ᠮᠠᠯ ᠢ᠋ᠶ᠋ᠠᠨ ᠲᠡᠭᠰᠢ ᠪᠡᠷ ᠥᠰᠬᠡᠨ ᠦᠷᠡᠵᠢᠭᠦᠯᠵᠦ ᠪᠠᠢᠬᠤ ᠶ᠋ᠢᠨ ᠬᠠᠮᠲᠤ᠂ ᠠᠢᠯ ᠭᠡᠷ ᠢ᠋ᠶ᠋ᠡᠨ ᠳᠣᠳᠣᠮᠳᠠᠵᠤ᠂ ᠨᠠᠰᠤᠲᠠᠢᠴᠤᠳ ᠢ᠋ᠶ᠋ᠠᠨ ᠠᠰᠠᠷᠠᠨ ᠬᠠᠷᠠᠭᠠᠯᠵᠠᠵᠤ᠂ ᠦᠷ᠎ᠡ ᠬᠡᠦᠬᠡᠳ ᠢ᠋ᠶ᠋ᠡᠨ ᠥᠰᠬᠡᠨ ᠬᠥᠮᠦᠵᠢᠭᠦᠯᠬᠦ ᠵᠡᠷᠭᠡ ᠠᠵᠢᠯ ᠢ᠋ᠶ᠋ᠠᠨ ᠠᠯᠢ ᠶ᠋ᠢ ᠨᠢ ᠴᠦ᠍ ᠠᠯᠭᠠᠰᠠᠯ ᠦᠭᠡᠢ᠂ ᠰᠢᠷ᠎ᠠ ᠨᠠᠷᠠ ᠪᠣᠷᠣ ᠬᠣᠨᠣᠭ ᠢ᠋ ᠪᠣᠷᠪᠢ ᠨᠤᠭᠤᠷᠠᠯ ᠦᠭᠡᠢ ᠠᠮᠵᠢᠭᠤᠯᠵᠤ ᠪᠠᠢᠳᠠᠭ ᠨᠢ ᠡᠭᠡᠯ ᠵᠢᠷ ᠦ᠋ᠨ ᠮᠣᠩᠭᠣᠯ ᠪᠦᠰᠡᠭᠦᠢᠴᠦᠳ ᠦ᠋ᠨ ᠪᠡᠶ᠎ᠡ ᠳᠡᠭᠡᠷ᠎ᠡ ᠡᠴᠡ ᠯᠡ ᠬᠠᠷᠠᠭᠳᠠᠳᠠᠭ ᠠᠵᠢᠯᠴᠢ ᠤᠬᠠᠭᠠᠯᠢᠭ ᠵᠠᠩ ᠴᠢᠨᠠᠷ ᠪᠢᠯᠡ᠂ ᠣᠳᠣ ᠤᠯᠤᠰ ᠣᠷᠣᠨ ᠬᠥᠭᠵᠢᠨ ᠪᠤᠵᠠᠭᠠᠢᠷᠠᠵᠤ᠂ ᠠᠷᠠᠳ ᠤ᠋ᠨ ᠠᠮᠢᠳᠤᠷᠠᠯ ᠲᠠᠰᠤᠷᠠᠯᠲᠠ ᠦᠭᠡᠢ ᠳᠡᠭᠡᠭᠰᠢᠯᠡᠵᠦ ᠪᠠᠢᠭ᠎ᠠ ᠡᠨᠡ ᠴᠠᠭ ᠡᠷᠢᠨ ᠳ᠋ᠦ᠍ ᠮᠥᠨ ᠯᠡ ᠥᠪᠡᠷ ᠥᠪᠡᠷ ᠦ᠋ᠨ ᠤᠷ᠎ᠠ ᠠᠪᠢᠶᠠᠰ ᠢ᠋ᠶ᠋ᠠᠨ ᠪᠠᠳᠠᠷᠠᠭᠤᠯᠵᠤ ᠨᠡᠢᠭᠡᠮ ᠦ᠋ᠨ ᠡᠯ᠎ᠡ ᠡᠲᠡᠭᠡᠳ ᠲᠡᠢ ᠮᠥᠷᠥ ᠵᠡᠷᠭᠡᠴᠡᠨ ᠭᠢᠯᠠᠷᠠᠭᠤᠯᠵᠤ ᠶᠠᠪᠤᠭ᠎ᠠ ᠶᠤᠮ᠃

     ᠦᠰᠦᠭ ᠠᠮᠢᠯᠠᠭᠤᠯᠤᠭᠴᠢ᠄ ᠣᠳᠬᠠᠨᠴᠡᠴᠡᠭ
     ᠬᠢᠨᠠᠭᠴᠢ ᠪᠠᠭᠰᠢ᠄ ᠣᠳᠬᠠᠨᠰᠤ᠎ᠠ᠂ ᠵ᠂ ᠪᠤᠶᠠᠨᠲᠣᠭᠲᠠᠬᠤ᠂ ᠭᠠᠷᠮ᠎ᠠ