ᠭᠤᠲᠤᠷᠠᠬᠤ ᠪᠤᠶᠤ ᠪᠡᠶ᠎ᠡ ᠪᠡᠨ ᠭᠣᠯᠣᠬᠤ ᠰᠡᠳᠬᠢᠴᠡ-ᠬᠡᠦᠬᠡᠳ ᠦᠨ ᠵᠠᠩ ᠰᠡᠳᠭᠢᠴᠡ ᠳᠦ ᠢᠯᠡᠷᠡᠵᠦ ᠪᠠᠢᠭ᠎ᠠ ᠠᠰᠠᠭᠤᠳᠠᠯ-ᠮᠣᠩᠭᠣᠯᠴᠤᠳ ᠤ᠋ᠨ ᠭᠡᠷ ᠪᠦᠯᠢ ᠶ᠋ᠢᠨ ᠬᠥᠮᠦᠵᠢᠯ2-11-ᠪᠣᠯᠣᠴᠢᠯᠠᠭᠤ
ᠭᠤᠲᠤᠷᠠᠬᠤ ᠪᠤᠶᠤ ᠪᠡᠶ᠎ᠡ ᠪᠡᠨ ᠭᠣᠯᠣᠬᠤ ᠰᠡᠳᠬᠢᠴᠡ
ᠪᠠᠭᠠᠴᠤᠤᠯ ᠵᠠᠯᠠᠭᠤᠴᠤᠳ ᠤ᠋ᠨ ᠳᠤᠮᠳᠠ ᠭᠤᠲᠤᠷᠠᠩᠭᠤᠢ ᠦᠵᠡᠯᠲᠡ ᠲᠡᠢ ᠪᠡᠶ᠎ᠡ ᠪᠡᠨ ᠭᠣᠯᠣᠬᠤ ᠰᠡᠳᠬᠢᠴᠡ ᠲᠡᠢ ᠬᠥᠮᠦᠨ ᠣᠯᠠᠰᠢᠷᠠᠬᠤ ᠬᠠᠨᠳᠤᠰᠢ ᠲᠠᠢ ᠪᠠᠢᠨ᠎ᠠ᠃ ᠡᠨᠡᠬᠦ ᠰᠡᠳᠬᠢᠴᠡ ᠶ᠋ᠢ ᠪᠣᠢ ᠪᠣᠯᠭᠠᠭᠰᠠᠨ ᠭᠣᠣᠯ ᠰᠢᠯᠲᠠᠭᠠᠨ ᠨᠢ ᠠᠵᠢᠯ ᠰᠤᠷᠤᠯᠭ᠎ᠠ ᠪᠣᠯᠤᠨ ᠶᠡᠬᠡ ᠦᠢᠯᠡᠰ ᠪᠦᠲᠦᠭᠡᠬᠦ ᠶ᠋ᠢ ᠰᠠᠨᠠᠬᠤ ᠬᠦᠰᠡᠯ ᠮᠥᠷᠥᠭᠡᠳᠦᠯ ᠦ᠋ᠨ ᠳᠠᠷᠤᠭᠠᠰᠤ ᠠ᠋ᠴᠠ ᠭᠠᠳᠠᠨ᠎ᠠ ᠠᠮᠢᠳᠤᠷᠠᠯ ᠢ᠋ᠶ᠋ᠠᠨ ᠣᠯᠠᠨ ᠲᠠᠯ᠎ᠠ ᠪᠠᠷ ᠬᠠᠷᠢᠯᠴᠠᠨ ᠠᠳᠠᠯᠢᠳᠬᠠᠬᠤ ᠡᠯᠳᠡᠪ ᠮᠠᠭᠤ ᠰᠤᠷᠲᠠᠯ ᠠ᠋ᠴᠠ ᠪᠣᠯᠵᠠᠢ᠃ ᠬᠡᠦᠬᠡᠳ ᠳᠥᠩᠭᠡᠵᠢ ᠴᠡᠴᠡᠷᠯᠢᠭ ᠲᠤ ᠣᠷᠣᠬᠤ ᠠ᠋ᠴᠠ ᠪᠠᠨ ᠠᠪᠤᠭᠠᠳ ᠪᠠᠭ᠎ᠠ ᠳᠤᠮᠳᠠᠳᠤ ᠰᠤᠷᠭᠠᠭᠤᠯᠢ ᠲᠡᠭᠦᠰᠲᠡᠯ᠎ᠡ ᠪᠡᠨ ᠠᠪᠤ ᠡᠵᠢ ᠶ᠋ᠢᠨ ᠢ᠋ᠶ᠋ᠡᠨ ᠡᠷᠬᠡ ᠲᠤᠰᠢᠶᠠᠯ᠂ ᠤᠨᠤᠵᠤ ᠪᠠᠢᠬᠤ ᠮᠠᠰᠢᠨ ᠲᠡᠷᠭᠡ᠂ ᠥᠪᠡᠷᠰᠡᠳ ᠦ᠋ᠨ ᠵᠠᠷᠤᠵᠤ ᠪᠠᠷᠢᠵᠤ ᠪᠠᠢᠭ᠎ᠠ ᠡᠳ᠋ᠯᠡᠯ ᠬᠡᠷᠡᠭᠰᠡᠯ᠂ ᠡᠮᠦᠰᠬᠡᠯ ᠵᠡᠭᠦᠯᠲᠡ ᠡᠴᠡ᠂ ᠪᠡᠶ᠎ᠡ ᠭᠠᠯᠪᠢᠷ ᠠᠯᠬᠤᠵᠤ ᠭᠢᠰᠬᠢᠬᠦ ᠳ᠋ᠦ᠍ ᠪᠡᠨ ᠬᠦᠷᠲᠡᠯ᠎ᠡ ᠠᠳᠠᠯᠢᠳᠬᠠᠬᠤ ᠪᠣᠯᠵᠤ ᠪᠠᠢᠨ᠎ᠠ᠃ ᠬᠥᠳᠡᠭᠡ ᠡᠴᠡ ᠬᠣᠲᠠ ᠣᠷᠣᠵᠤ ᠬᠥᠯᠥᠰᠥᠨ ᠦ᠌ ᠵᠢᠵᠢᠭ ᠪᠠᠢᠰᠢᠩ ᠳ᠋ᠤ᠌ ᠰᠠᠭᠤᠵᠤ ᠪᠠᠢᠬᠤ ᠬᠡᠦᠬᠡᠳ ᠠᠪᠤ ᠡᠵᠢ ᠡᠴᠡ ᠪᠡᠨ ᠰᠠᠯᠤᠭᠠᠳ ᠥᠨᠥᠴᠢᠷᠡᠵᠦ ᠪᠠᠢᠬᠤ ᠰᠡᠳᠬᠢᠯ ᠳᠡᠭᠡᠷ᠎ᠡ ᠪᠠᠰᠠ ᠬᠣᠲᠠ ᠶ᠋ᠢᠨ ᠴᠡᠪᠡᠷ ᠴᠡᠮᠴᠡᠭᠡᠷ ᠠᠰᠠᠷ ᠪᠠᠢᠰᠢᠩ ᠳ᠋ᠤ᠌ ᠰᠠᠭᠤᠵᠤ ᠪᠠᠢᠬᠤ ᠬᠠᠮᠲᠤ ᠨᠥᠬᠥᠳ ᠲᠡᠢ ᠪᠡᠨ ᠢᠳᠡᠬᠦ ᠡᠮᠦᠰᠬᠦ ᠶᠠᠪᠤᠵᠤ ᠰᠠᠭᠤᠬᠤ ᠭᠡᠳ ᠣᠯᠠᠨ ᠠᠮᠢᠳᠤᠷᠠᠯ ᠤ᠋ᠨ ᠵᠥᠷᠢᠶ᠎ᠡ ᠡᠭᠦᠰᠦᠨ᠎ᠡ᠃ ᠡᠳᠡᠭᠡᠷ ᠨᠢ ᠬᠡᠦᠬᠡᠳ ᠪᠠᠭᠠᠴᠤᠳ ᠤ᠋ᠨ ᠰᠡᠳᠬᠢᠯ ᠦ᠋ᠨ ᠲᠡᠩᠴᠡᠭᠦᠷᠢ ᠶ᠋ᠢ ᠠᠯᠳᠠᠭᠤᠯᠵᠤ᠂ ᠪᠢ ᠶᠠᠭᠠᠬᠢᠭᠠᠳ ᠪᠠᠶᠠᠨ ᠠᠢᠯ ᠳ᠋ᠤ᠌ ᠲᠥᠷᠥᠭᠰᠡᠨ ᠦᠭᠡᠢ ᠪᠣᠢ? ᠪᠢ ᠶᠠᠭᠠᠬᠢᠭᠠᠳ ᠬᠣᠲᠠ ᠳ᠋ᠤ᠌ ᠲᠥᠷᠥᠭᠰᠡᠨ ᠦᠭᠡᠢ ᠪᠣᠢ? ᠮᠢᠨᠦ ᠠᠪᠤ ᠳᠠᠷᠤᠭ᠎ᠠ ᠪᠠᠢᠭᠰᠠᠨ ᠪᠣᠯ ᠶᠠᠮᠠᠷ ᠭᠣᠶᠣ ᠪᠣᠢ? ᠭᠡᠬᠦ ᠮᠡᠲᠦ ᠦᠯᠦ ᠮᠡᠳᠡᠮᠡ ᠭᠣᠮᠣᠷᠬᠠᠯ ᠭᠤᠲᠤᠷᠠᠯ ᠤ᠋ᠨ ᠰᠡᠳᠬᠢᠯᠭᠡ ᠳᠠᠯᠳᠠ ᠤᠬᠠᠮᠰᠠᠷ ᠲᠤ ᠨᠢ ᠪᠣᠢ ᠪᠣᠯᠵᠤ᠂ ᠰᠠᠨᠠᠭ᠎ᠠ ᠪᠣᠳᠣᠯ ᠢ᠋ ᠨᠢ ᠪᠤᠬᠢᠨᠢᠳᠤᠭᠤᠯᠤᠨ᠎ᠠ᠂ ᠡᠳᠡᠭᠡᠷ ᠥᠪᠡᠷ ᠢ᠋ᠶ᠋ᠡᠨ ᠴᠦ᠍ ᠦᠯᠦ ᠮᠡᠳᠡᠬᠦ ᠰᠣᠨᠢᠨ ᠬᠠᠴᠢᠨ ᠪᠣᠳᠣᠯ ᠰᠡᠳᠬᠢᠯᠭᠡ ᠶ᠋ᠢᠨ ᠳᠠᠷᠤᠮᠲᠠ ᠨᠢ ᠡᠳᠦᠷ ᠦ᠋ᠨ ᠤᠳᠠᠭᠠᠨ ᠳ᠋ᠤ᠌ ᠪᠠᠨ ᠬᠤᠷᠠᠮᠳᠤᠨ ᠲᠤᠨᠤᠭᠰᠠᠭᠠᠷ ᠪᠠᠢᠵᠤ ᠳᠣᠲᠣᠭᠠᠳᠤ ᠶᠢᠷᠲᠢᠨᠴᠦ ᠳ᠋ᠦ᠍ ᠨᠢ ᠭᠤᠲᠤᠷᠠᠩᠭᠤᠢ ᠪᠤᠶᠤ ᠪᠡᠶ᠎ᠡ ᠪᠡᠨ ᠭᠣᠯᠣᠬᠤ ᠰᠡᠳᠬᠢᠴᠡ ᠪᠣᠯᠵᠤ ᠪᠦᠷᠢᠯᠳᠦᠨ᠎ᠡ᠃
ᠲᠡᠢᠮᠦ ᠡᠴᠡ ᠭᠡᠷ ᠦ᠋ᠨ ᠠᠬᠠᠮᠠᠳ ᠪᠣᠯᠣᠭᠰᠠᠳ ᠬᠡᠦᠬᠡᠳ ᠦ᠋ᠨ ᠡᠮᠦᠨ᠎ᠡ ᠠᠲᠠᠭᠠᠷᠬᠠᠬᠤ ᠵᠢᠲᠥᠭᠡᠷᠬᠡᠬᠦ ᠰᠡᠳᠬᠢᠯ ᠢ᠋ᠶ᠋ᠡᠷ ᠲᠠᠨᠢᠬᠤ ᠮᠡᠳᠡᠬᠦ ᠬᠥᠮᠦᠰ ᠦ᠋ᠨ ᠢ᠋ᠶ᠋ᠡᠨ ᠠᠵᠢᠯ ᠠᠮᠢᠳᠤᠷᠠᠯ ᠪᠠᠶᠠᠨ ᠶᠠᠳᠠᠭᠤ ᠶ᠋ᠢ ᠢᠯᠠᠨ ᠳᠠᠯᠠᠨ ᠦᠭᠡᠢ ᠶᠠᠷᠢᠬᠤ ᠪᠠᠨ ᠬᠢᠴᠢᠶᠡᠬᠦ ᠶᠣᠰᠣᠲᠠᠢ᠂ ᠶᠠᠷᠢᠭᠰᠠᠨ ᠴᠤ᠌ ᠵᠥᠪ ᠭᠣᠣᠯᠴᠢ ᠦᠵᠡᠯᠲᠡ ᠪᠡᠷ ᠪᠤᠰᠤᠳ ᠤ᠋ᠨ ᠠᠮᠢᠳᠤᠷᠠᠯ ᠢ᠋ ᠦᠨᠡᠯᠡᠬᠦ ᠨᠢ ᠶᠡᠬᠡ ᠴᠢᠬᠤᠯᠠ᠃ ᠲᠡᠷᠡ ᠠᠢᠯ ᠤ᠋ᠨ ᠬᠢ ᠶᠠᠭᠠᠬᠢᠵᠤ ᠴᠢᠷᠮᠠᠢᠵᠤ ᠪᠠᠢᠭᠠᠳ ᠬᠡᠴᠢᠨᠡᠨ ᠬᠥᠳᠡᠯᠮᠦᠷᠢ ᠣᠶᠤᠨ ᠤᠬᠠᠭᠠᠨ ᠢ᠋ᠶ᠋ᠠᠨ ᠵᠠᠷᠤᠴᠠᠭᠤᠯᠵᠤ ᠪᠠᠢᠭᠠᠳ ᠪᠠᠶᠠᠨ ᠴᠢᠨᠡᠭᠡᠯᠢᠭ ᠪᠣᠯᠤᠭᠰᠠᠨ ᠲᠤᠬᠠᠢ ᠠᠮᠢᠳᠤᠷᠠᠯ ᠳ᠋ᠤ᠌ ᠪᠠᠨ ᠬᠡᠪ ᠳᠠᠭᠤᠷᠢᠶᠠᠯ ᠪᠣᠯᠭᠠᠬᠤ ᠰᠡᠳᠬᠢᠴᠡ ᠡᠴᠡ ᠬᠡᠦᠬᠡᠳ ᠲᠦ᠍ ᠪᠡᠨ ᠶᠠᠷᠢᠵᠤ ᠪᠠᠢᠬᠤ ᠨᠢ ᠬᠡᠦᠬᠡᠳ ᠲᠦ᠍ ᠵᠥᠪ ᠬᠥᠮᠦᠵᠢᠯ ᠪᠣᠯᠤᠨ᠎ᠠ ᠭᠡᠳᠡᠭ ᠢ᠋ ᠮᠠᠲᠠᠯᠲᠠᠢ᠃ ᠰᠢᠳᠤᠷᠭᠤ ᠭᠣᠣᠯᠴᠢ ᠬᠥᠮᠦᠰ ᠢ᠋ ᠬᠡᠦᠬᠡᠳ ᠲᠦ᠍ ᠪᠡᠨ ᠬᠡᠪ ᠳᠠᠭᠤᠷᠢᠶᠠᠯ ᠪᠣᠯᠭᠠᠨ ᠮᠠᠭᠲᠠᠵᠤ ᠶᠠᠷᠢᠬᠤ ᠨᠢ ᠵᠥᠪ᠂ ᠳᠣᠷᠣᠢ ᠨᠣᠮᠣᠢ ᠴᠢᠳᠠᠯ ᠦᠭᠡᠢ ᠭᠡᠮᠡᠨ ᠶᠠᠷᠢᠪᠠᠯ ᠠᠯᠳᠠᠰ ᠪᠣᠯᠤᠨ᠎ᠠ᠃ ᠬᠥᠳᠡᠯᠮᠦᠷᠢᠴᠢ ᠪᠣᠷᠣᠭᠵᠢᠭᠤᠨ ᠬᠥᠮᠦᠰ ᠢ᠋ ᠪᠠᠬᠠᠷᠬᠠᠵᠤ ᠶᠠᠷᠢᠬᠤ ᠨᠢ ᠪᠤᠶᠠᠨ ᠪᠣᠯᠤᠨ᠎ᠠ᠂ ᠠᠲᠠᠭᠠᠷᠬᠠᠵᠤ ᠨᠢᠳᠦ ᠤᠯᠠᠢᠵᠤ ᠶᠠᠷᠢᠪᠠᠯ ᠬᠡᠦᠬᠡᠳ ᠲᠦ᠍ ᠪᠡᠨ《ᠪᠤᠷᠤᠭᠤ ᠨᠣᠮ ᠤᠩᠰᠢᠵᠤ ᠭᠠᠵᠢᠭᠤ ᠵᠠᠮ ᠢ᠋ᠶ᠋ᠠᠷ ᠬᠥᠲᠥᠯᠦᠭᠰᠡᠨ》 ᠭᠡᠵᠦ ᠮᠡᠳᠡᠭᠡᠷᠡᠢ᠃ ᠵᠠᠯᠠᠭᠤᠴᠤᠳ ᠪᠠᠭᠠᠴᠤᠳ ᠤ᠋ᠨ ᠪᠡᠶ᠎ᠡ ᠪᠡᠨ ᠭᠣᠯᠣᠬᠤ ᠭᠤᠲᠤᠷᠠᠬᠤ ᠪᠤᠶᠤ ᠠᠲᠠᠭᠠᠷᠬᠠᠵᠤ ᠵᠢᠲᠥᠭᠡᠷᠬᠡᠬᠦ ᠮᠡᠲᠦ ᠡᠷᠡᠭᠦᠯ ᠪᠤᠰᠤ ᠰᠡᠳᠬᠢᠴᠡ ᠪᠣᠢ ᠪᠣᠯᠤᠭᠰᠠᠨ ᠭᠣᠣᠯ ᠰᠢᠯᠲᠠᠭᠠᠨ ᠨᠢ ᠪᠦᠷ ᠮᠠᠨ ᠤ᠋ ᠭᠡᠷ ᠦ᠋ᠨ ᠠᠬᠠᠮᠠᠳ ᠪᠣᠯᠣᠭᠰᠠᠳ ᠤ᠋ᠨ ᠠᠵᠢᠯ ᠠᠮᠢᠳᠤᠷᠠᠯ ᠬᠥᠮᠦᠨ ᠦ᠌ ᠬᠠᠷᠢᠴᠠᠭᠠᠨ ᠳ᠋ᠤ᠌ ᠡᠷᠡᠭᠦᠯ ᠪᠤᠰᠤ ᠰᠡᠳᠬᠢᠯᠭᠡ ᠪᠡᠷ ᠬᠠᠨᠳᠤᠭᠰᠠᠨ ᠠ᠋ᠴᠠ ᠪᠣᠯᠵᠤ ᠪᠠᠢᠬᠤ ᠶ᠋ᠢ ᠮᠡᠳᠡᠬᠦ ᠬᠡᠷᠡᠭᠲᠡᠢ᠃ ᠬᠡᠦᠬᠡᠳ ᠮᠠᠨᠢ ᠡᠢᠮᠦᠷᠬᠦ ᠡᠷᠡᠭᠦᠯ ᠪᠤᠰᠤ ᠰᠡᠳᠬᠢᠴᠡ ᠲᠡᠢ ᠪᠣᠯᠴᠢᠬᠠᠪᠠᠯ ᠪᠡᠶ᠎ᠡ ᠳ᠋ᠦ᠍ ᠪᠡᠨ ᠢᠲᠡᠭᠡᠯ ᠦᠭᠡᠢ ᠠᠵᠢᠯ ᠰᠤᠷᠤᠯᠭ᠎ᠠ ᠳ᠋ᠤ᠌ ᠪᠠᠨ ᠬᠠᠯᠠᠭᠤᠨ ᠰᠡᠳᠬᠢᠯᠭᠡ ᠦᠭᠡᠢ ᠪᠣᠯᠵᠤ ᠰᠤᠷᠤᠯᠭ᠎ᠠ ᠠᠮᠢᠳᠤᠷᠠᠯ ᠢ᠋ ᠨᠢ ᠪᠦᠷ ᠨᠠᠵᠠᠭᠠᠢ ᠪᠠᠷ ᠨᠥᠯᠥᠭᠡᠯᠡᠨ᠎ᠡ᠃
ᠦᠰᠦᠭ ᠠᠮᠢᠯᠠᠭᠤᠯᠤᠭᠴᠢ᠄ ᠱᠠᠭᠰᠠᠯ
ᠬᠢᠨᠠᠭᠴᠢ᠄ ᠭᠠᠷᠮ᠎ᠠ