1. ᠲᠡᠷᠢᠭᠦᠨ ᠨᠢᠭᠤᠷ >
  2. ᠨᠡᠪᠲᠡᠷᠡᠭᠦᠯᠭᠡ >
  3. ᠡᠷᠲᠡ ᠢᠨᠠᠭᠯᠠᠬᠤ-ᠬᠡᠦᠬᠡᠳ ᠦᠨ ᠵᠠᠩ ᠰᠡᠳᠭᠢᠴᠡ ᠳᠦ ᠢᠯᠡᠷᠡᠵᠦ ᠪᠠᠢᠭ᠎ᠠ ᠠᠰᠠᠭᠤᠳᠠᠯ-ᠮᠣᠩᠭᠣᠯᠴᠤᠳ ᠤ᠋ᠨ ᠭᠡᠷ ᠪᠦᠯᠢ ᠶ᠋ᠢᠨ ᠬᠥᠮᠦᠵᠢᠯ2-12-ᠪᠣᠯᠣᠴᠢᠯᠠᠭᠤ

ᠡᠷᠲᠡ ᠢᠨᠠᠭᠯᠠᠬᠤ-ᠬᠡᠦᠬᠡᠳ ᠦᠨ ᠵᠠᠩ ᠰᠡᠳᠭᠢᠴᠡ ᠳᠦ ᠢᠯᠡᠷᠡᠵᠦ ᠪᠠᠢᠭ᠎ᠠ ᠠᠰᠠᠭᠤᠳᠠᠯ-ᠮᠣᠩᠭᠣᠯᠴᠤᠳ ᠤ᠋ᠨ ᠭᠡᠷ ᠪᠦᠯᠢ ᠶ᠋ᠢᠨ ᠬᠥᠮᠦᠵᠢᠯ2-12-ᠪᠣᠯᠣᠴᠢᠯᠠᠭᠤ

2023-12-08

756

ᠡᠷᠲᠡ ᠢᠨᠠᠭᠯᠠᠬᠤ 

      ᠣᠳᠣ ᠶ᠋ᠢᠨ ᠪᠠᠭ᠎ᠠ ᠰᠤᠷᠭᠠᠭᠤᠯᠢ ᠶ᠋ᠢᠨ ᠳᠡᠭᠡᠳᠦ ᠠᠩᠭᠢ ᠶ᠋ᠢᠨ ᠬᠡᠦᠬᠡᠳ ᠡᠴᠡ ᠡᠬᠢᠯᠡᠭᠡᠳ ᠢᠨᠠᠭᠯᠠᠬᠤ ᠦᠵᠡᠭᠳᠡᠯ ᠭᠠᠷᠴᠤ᠂ ᠠᠩᠬ᠎ᠠ ᠳᠤᠮᠳᠠᠳᠤ ᠶ᠋ᠢᠨ ᠱᠠᠲᠤᠨ ᠳ᠋ᠤ᠌ ᠣᠷᠣᠪᠠᠯ ᠰᠤᠷᠤᠭᠴᠢ ᠶ᠋ᠢᠨ ᠰᠡᠳᠬᠢᠴᠡ ᠶ᠋ᠢᠨ ᠬᠤᠪᠢᠷᠠᠯᠲᠠ ᠪᠣᠢᠵᠢᠯᠲᠠ ᠵᠢᠴᠢ ᠰᠤᠷᠤᠯᠭ᠎ᠠ ᠠᠮᠢᠳᠤᠷᠠᠯ᠂ ᠨᠥᠬᠥᠳ ᠦ᠋ᠨ ᠬᠠᠷᠢᠴᠠᠭᠠᠨ ᠳ᠋ᠤ᠌ ᠪᠦᠷ ᠥᠷᠭᠡᠨ ᠨᠥᠯᠥᠭᠡ ᠦᠵᠡᠭᠦᠯᠬᠦ ᠪᠣᠯᠵᠠᠢ᠃ ᠡᠨᠡᠬᠦ ᠪᠠᠢᠳᠠᠯ ᠳ᠋ᠤ᠌ ᠨᠡᠢᠭᠡᠮ᠂ ᠰᠤᠷᠭᠠᠭᠤᠯᠢ᠂ ᠭᠡᠷ ᠦ᠋ᠨ ᠠᠬᠠᠮᠠᠳ ᠪᠦᠷ ᠰᠠᠨᠠᠭ᠎ᠠ ᠵᠣᠪᠠᠵᠤ ᠶᠠᠭᠠᠬᠢᠵᠤ ᠵᠢᠯᠣᠭᠣᠳᠬᠤ ᠪᠠᠨ ᠣᠯ ᠶᠠᠳᠠᠨ᠂ ᠬᠣᠷᠢᠭᠯᠠᠵᠤ ᠵᠠᠩᠳᠤᠷᠬᠤ ᠨᠢ ᠳᠡᠢᠯᠦᠩᠬᠡᠢ ᠪᠠᠢᠵᠤ᠂ ᠦᠷ᠎ᠡ ᠠᠰᠢᠭ ᠢ᠋ᠶ᠋ᠠᠷ ᠢᠯᠡᠷᠬᠡᠢ ᠪᠢᠰᠢ ᠪᠠᠢᠨ᠎ᠠ᠃ ᠶᠠᠭᠤᠨ ᠤ᠋ ᠡᠮᠦᠨ᠎ᠡ ᠡᠨᠡᠬᠦ ᠦᠵᠡᠭᠳᠡᠯ ᠪᠣᠢ ᠪᠣᠯᠵᠤ ᠪᠠᠢᠭ᠎ᠠ ᠦᠨᠳᠦᠰᠦᠨ ᠰᠢᠯᠲᠠᠭᠠᠨ ᠢ᠋ ᠰᠠᠢᠨ ᠣᠢᠯᠠᠭᠠᠵᠤ᠂ ᠳᠠᠷᠠᠭ᠎ᠠ ᠨᠢ ᠬᠡᠦᠬᠡᠳ ᠦ᠋ᠨ ᠪᠣᠳᠠᠲᠤ ᠪᠠᠢᠳᠠᠯ ᠰᠡᠳᠬᠢᠴᠡ ᠶ᠋ᠢᠨ ᠣᠨᠴᠠᠯᠢᠭ ᠲᠤ᠌ ᠵᠣᠬᠢᠴᠠᠭᠤᠯᠵᠤ ᠵᠢᠭᠠᠨ ᠵᠢᠯᠣᠭᠣᠳᠤᠯᠭ᠎ᠠ ᠬᠢᠪᠡᠯ ᠰᠠᠶᠢ ᠮᠠᠨ ᠤ᠋ ᠵᠣᠷᠢᠯᠭ᠎ᠠ ᠳ᠋ᠤ᠌ ᠪᠠᠨ ᠬᠦᠷᠴᠦ᠂ ᠬᠡᠦᠬᠡᠳ ᠦ᠋ᠨ ᠰᠡᠳᠬᠢᠴᠡ ᠳᠡᠭᠡᠷᠡᠬᠢ ᠦᠰᠦᠨ ᠪᠣᠢᠵᠢᠯᠲᠠ ᠶ᠋ᠢᠨ ᠠᠶᠤᠯᠲᠠᠢ ᠬᠤᠭᠤᠴᠠᠭ᠎ᠠ ᠪᠣᠯᠬᠤ12-18 ᠬᠦᠷᠲᠡᠯᠡᠬᠢ ᠭᠡᠨᠡᠨ ᠨᠠᠰᠤ ᠶ᠋ᠢ ᠡᠷᠡᠭᠦᠯ ᠳᠡᠭᠵᠢᠨ ᠢ᠋ᠶ᠋ᠡᠷ ᠥᠩᠭᠡᠷᠡᠭᠦᠯᠵᠦ ᠴᠢᠳᠠᠬᠤ ᠪᠣᠯᠤᠨ᠎ᠠ᠃ ᠰᠡᠳᠬᠢᠴᠡ ᠶ᠋ᠢᠨ ᠠᠶᠤᠯᠲᠠᠢ ᠬᠤᠭᠤᠴᠠᠭᠠᠨ ᠳ᠋ᠠᠬᠢ ᠭᠣᠣᠯ ᠢᠯᠡᠷᠡᠯ ᠪᠣᠯ ᠪᠡᠶ᠎ᠡ ᠮᠠᠬᠠᠪᠣᠳ ᠤ᠋ᠨ ᠪᠣᠢᠵᠢᠯᠲᠠ ᠬᠤᠪᠢᠷᠠᠯᠲᠠ ᠲᠦᠷᠭᠡᠨ ᠪᠣᠯᠪᠠᠴᠤ ᠲᠣᠮᠣ ᠬᠥᠮᠦᠨ ᠪᠣᠯᠵᠤ ᠣᠯᠠᠨ ᠡᠭᠦᠷᠭᠡ ᠬᠠᠷᠢᠭᠤᠴᠠᠯᠭ᠎ᠠ ᠢᠷᠡᠬᠦ ᠡᠴᠡ ᠰᠦᠷᠳᠡᠬᠦ ᠰᠡᠳᠬᠢᠴᠡ ᠢᠯᠡᠷᠡᠵᠦ᠂ ᠰᠡᠳᠬᠢᠴᠡ ᠶ᠋ᠢᠨ ᠪᠣᠢᠵᠢᠯᠲᠠ ᠬᠠᠷᠢᠴᠠᠩᠭᠤᠢ ᠤᠳᠠᠭᠠᠰᠢᠷᠠᠬᠤ ᠮᠥᠷᠲᠡᠭᠡᠨ ᠳᠣᠯᠭᠢᠰᠤᠯ ᠶᠡᠬᠡᠲᠡᠢ ᠬᠡᠪᠡᠷᠡᠭ ᠪᠠᠢᠳᠠᠭ᠂ ᠣᠯᠠᠨ ᠬᠦᠰᠡᠯ ᠮᠥᠷᠥᠭᠡᠳᠦᠯ ᠲᠡᠢ ᠪᠠᠢᠵᠤ ᠭᠡᠨᠡᠨ ᠴᠦᠯᠲᠦ ᠠᠵᠢᠯᠯᠠᠭ᠎ᠠ ᠬᠢᠬᠦ ᠨᠢ ᠣᠯᠠᠨ ᠪᠣᠯᠪᠠᠴᠤ ᠨᠡᠢᠭᠡᠮ ᠦ᠋ᠨ ᠲᠤᠷᠰᠢᠯᠭ᠎ᠠ ᠥᠩᠭᠡᠷᠡᠯᠲᠡ ᠨᠢᠮᠭᠡᠨ ᠪᠣᠯᠬᠣᠷ᠂ ᠪᠠᠭ᠎ᠠ ᠰᠠᠭ᠎ᠠ ᠬᠦᠴᠢᠷ ᠪᠡᠷᠬᠡᠰᠢᠶᠡᠯ ᠪᠦᠳᠦᠷᠢᠯ ᠦ᠋ᠨ ᠡᠮᠦᠨ᠎ᠡ ᠠᠮᠠᠷᠬᠠᠨ ᠵᠣᠷᠢᠭ ᠮᠣᠬᠣᠵᠤ ᠤᠷᠮ᠎ᠠ ᠬᠠᠷᠢᠳᠠᠭ᠂ ᠡᠨᠡ ᠦᠶᠡᠰ ᠪᠠᠭᠰᠢ ᠭᠡᠷ ᠦ᠋ᠨ ᠠᠬᠠᠮᠠᠳ ᠤ᠋ᠨ ᠵᠣᠷᠢᠭᠵᠢᠭᠤᠯᠤᠯ ᠳᠡᠮᠵᠢᠯᠭᠡ ᠲᠤᠩ ᠪᠠᠴᠢᠮ ᠱᠠᠭᠠᠷᠳᠠᠭᠳᠠᠨ᠎ᠠ᠃ ᠪᠠᠭᠰᠢ ᠭᠡᠷ ᠦ᠋ᠨ ᠠᠬᠠᠮᠠᠳ ᠤ᠋ᠨ ᠰᠡᠳᠬᠢᠴᠡ ᠶ᠋ᠢᠨ ᠵᠢᠯᠣᠭᠣᠳᠤᠯᠭ᠎ᠠ ᠳᠤᠲᠠᠮᠠᠭ ᠠ᠋ᠴᠠ ᠪᠣᠯᠵᠤ᠂ ᠣᠯᠠᠩᠬᠢ ᠵᠠᠯᠠᠭᠤᠰ ᠣᠯᠠᠨ ᠵᠦᠢᠯ ᠦ᠋ᠨ ᠳᠤᠷ᠎ᠠ ᠰᠣᠨᠢᠷᠬᠠᠯ ᠬᠥᠭᠡᠭᠡᠴᠡᠯᠳᠦᠯ ᠦ᠋ᠨ ᠳᠤᠮᠳᠠ ᠰᠣᠩᠭᠣᠯᠲᠠ ᠣᠯᠬᠤ ᠦᠭᠡᠢ ᠲᠥᠭᠡᠷᠢᠭᠳᠡᠵᠦ ᠪᠠᠢᠳᠠᠭ᠂ ᠡᠨᠡ ᠦᠶᠡᠰ ᠭᠡᠷ ᠦ᠋ᠨ ᠠᠬᠠᠮᠠᠳ ᠵᠣᠬᠢᠰᠲᠠᠢ ᠵᠥᠪᠳᠡᠯ ᠥᠭᠬᠦ ᠦᠭᠡᠢ ᠮᠥᠷᠲᠡᠭᠡᠨ ᠥᠪᠡᠷᠰᠡᠳ ᠦ᠋ᠨ ᠳᠤᠷ᠎ᠠ ᠵᠣᠷᠢᠭ ᠢ᠋ᠶ᠋ᠠᠷ ᠶᠠᠪᠤᠭᠤᠯᠬᠤ ᠭᠡᠮᠡᠨ ᠮᠤᠰᠬᠢᠵᠦ ᠪᠠᠢᠭᠰᠠᠭᠠᠷ ᠭᠡᠷ ᠦ᠋ᠨ ᠠᠬᠠᠮᠠᠳ ᠬᠡᠦᠬᠡᠳ ᠦ᠋ᠨ ᠳᠤᠮᠳᠠ ᠵᠥᠷᠢᠴᠡᠯ ᠮᠥᠷᠭᠥᠯᠳᠦᠭᠡᠨ ᠡᠭᠦᠰᠬᠦ ᠡᠴᠡ ᠪᠣᠯᠵᠤ᠂ ᠵᠠᠷᠢᠮ ᠬᠡᠦᠬᠡᠳ ᠨᠢ ᠠᠯᠢᠪᠠ ᠬᠦᠰᠡᠯ ᠵᠣᠷᠢᠯᠲᠠ ᠪᠠᠨ ᠲᠠᠶᠠᠭᠳᠠᠵᠤ᠂ ᠪᠡᠶ᠎ᠡ ᠪᠡᠨ ᠬᠠᠶᠠᠵᠤ᠂ ᠶᠠᠭᠤᠨ ᠳ᠋ᠤ᠌ ᠴᠤ᠌ ᠳᠤᠷ᠎ᠠ ᠰᠣᠨᠢᠷᠬᠠᠯ ᠦᠭᠡᠢ ᠶᠠᠭᠤ ᠴᠤ᠌ ᠬᠠᠮᠢᠶᠠᠷᠬᠤ ᠦᠭᠡᠢ ᠲᠤᠢᠯᠰᠢᠷᠠᠭᠰᠠᠨ ᠪᠠᠢᠳᠠᠯ ᠳ᠋ᠤ᠌ ᠣᠷᠣᠬᠤ ᠮᠡᠲᠦ ᠣᠯᠠᠨ ᠠᠰᠠᠭᠤᠳᠠᠯ ᠢᠯᠡᠷᠡᠳᠡᠭ ᠡᠴᠡ ᠬᠡᠦᠬᠡᠳ ᠦ᠋ᠨ ᠵᠠᠩ ᠰᠡᠳᠬᠢᠴᠡ ᠬᠢᠯᠪᠠᠷᠬᠠᠨ ᠡᠪᠳᠡᠷᠡᠵᠦ ᠡᠬᠢᠯᠡᠳᠡᠭ᠃ ᠵᠠᠩ ᠰᠡᠳᠬᠢᠴᠡ ᠡᠪᠳᠡᠷᠡᠭᠰᠡᠨ ᠬᠣᠢᠨ᠎ᠠ ᠵᠠᠰᠠᠵᠤ ᠵᠠᠯᠠᠬᠤ ᠳ᠋ᠤ᠌ ᠲᠤᠩ ᠬᠦᠴᠢᠷ ᠪᠣᠯᠳᠠᠭ᠃ ᠲᠡᠢᠮᠦ ᠡᠴᠡ ᠬᠡᠦᠬᠡᠳ ᠦ᠋ᠨ ᠰᠢᠯᠵᠢᠯᠲᠡ ᠶ᠋ᠢᠨ ᠨᠠᠰᠤᠨ ᠤ᠋ ᠰᠡᠳᠬᠢᠴᠡ ᠬᠤᠪᠢᠷᠠᠯᠲᠠ ᠣᠯᠠᠨ ᠮᠥᠷᠲᠡᠭᠡᠨ ᠲᠣᠭᠲᠠᠪᠤᠷᠢ ᠦᠭᠡᠢ ᠬᠡᠪᠡᠷᠡᠭ ᠪᠠᠢᠳᠠᠭ ᠮᠡᠲᠦ ᠣᠨᠴᠠᠯᠢᠭ ᠰᠢᠨᠵᠢ ᠶ᠋ᠢ ᠪᠠᠭᠰᠢ ᠭᠡᠷ ᠦ᠋ᠨ ᠠᠬᠠᠮᠠᠳ ᠰᠠᠢᠨ ᠣᠢᠯᠠᠭᠠᠵᠤ ᠵᠣᠬᠢᠰᠲᠠᠢ ᠬᠠᠯᠠᠮᠵᠢᠯᠠᠬᠤ ᠶ᠋ᠢ ᠠᠩᠬᠠᠷᠬᠤ ᠬᠡᠷᠡᠭᠲᠡᠢ᠃
ᠬᠡᠦᠬᠡᠳ ᠦ᠋ᠨ ᠡᠷᠲᠡ ᠤᠷᠤᠭ ᠬᠡᠯᠡᠯᠴᠡᠬᠦ ᠪᠠᠢᠳᠠᠯ ᠢᠯᠡᠷᠡᠵᠦ ᠪᠠᠢᠭ᠎ᠠ ᠰᠢᠯᠲᠠᠭᠠᠨ ᠳ᠋ᠤ᠌ ᠪᠡᠯᠭᠡ ᠶ᠋ᠢᠨ ᠪᠣᠢᠵᠢᠯᠲᠠ ᠡᠷᠲᠡ ᠪᠣᠯᠤᠭᠰᠠᠨ ( ᠰᠢᠮ᠎ᠡ ᠲᠡᠵᠢᠭᠡᠯ ᠬᠡᠲᠦᠷᠡᠭᠰᠡᠨ ᠪᠤᠶᠤ ᠬᠣᠷᠮᠣᠨ ᠢ᠋ᠶ᠋ᠠᠷ ᠲᠡᠵᠢᠭᠡᠵᠦ ᠲᠠᠷᠭᠤᠯᠠᠭᠤᠯᠤᠭᠰᠠᠨ ᠲᠠᠬᠢᠶᠠᠨ ᠮᠢᠬ᠎ᠠ ᠮᠡᠲᠦ ᠬᠣᠭ ᠤ᠋ᠨ ᠢᠳᠡᠭᠡᠨ ᠶᠡᠬᠡ ᠢᠳᠡᠭᠰᠡᠨ)᠂ ᠲᠧᠯᠸᠢᠰ ᠰᠦᠯᠵᠢᠶ᠎ᠡ ᠡᠴᠡ《ᠠᠮᠢᠳᠤᠷᠠᠯ 》 ᠲᠠᠢ ᠺᠢᠨᠣ᠋ ᠵᠦᠴᠦᠭᠡ ᠨᠢᠯᠬ᠎ᠠ ᠠ᠋ᠴᠠ ᠦᠵᠡᠬᠦ ᠪᠣᠯᠤᠭᠰᠠᠨ ᠵᠢᠴᠢ ᠢᠨᠠᠭ ᠬᠠᠢᠷ᠎ᠠ ᠶ᠋ᠢᠨ ᠲᠤᠬᠠᠢ ᠡᠰᠡᠨ ᠪᠣᠰᠤᠨ ᠦᠭᠡᠢ ᠮᠡᠳᠡᠭᠡᠯᠡᠯ ᠬᠡᠳᠦ ᠣᠯᠠᠨ ᠣᠯᠵᠤ ᠦᠵᠡᠬᠦ ᠪᠣᠯᠤᠭᠰᠠᠨ᠂ ᠨᠡᠢᠭᠡᠮ ᠦ᠋ᠨ ᠬᠡᠪ ᠰᠤᠷᠲᠠᠯ ᠬᠡᠳᠦ ᠵᠠᠳᠠᠭᠠᠢᠷᠠᠵᠤ᠂ ᠲᠣᠮᠣᠴᠤᠤᠯ ᠨᠢ ᠬᠡᠦᠬᠡᠳ ᠦ᠋ᠨ ᠡᠮᠦᠨ᠎ᠡ ᠠᠮᠢᠳᠤᠷᠠᠯ ᠤ᠋ᠨ ᠬᠠᠮᠢᠶᠠᠲᠠᠢ ᠨᠠᠷᠭᠢᠶ᠎ᠠ ᠵᠣᠭᠣᠭ ᠢ᠋ ᠢᠯᠠᠨ ᠳᠠᠯᠠᠨ ᠦᠭᠡᠢ ᠶᠠᠷᠢᠬᠤ ᠪᠣᠯᠤᠭᠰᠠᠨ ᠵᠡᠷᠭᠡ ᠨᠥᠯᠥᠭᠡ ᠪᠠᠢᠬᠤ ᠠ᠋ᠴᠠ ᠭᠠᠳᠠᠨ᠎ᠠ ᠨᠡᠩ ᠴᠢᠬᠤᠯᠠ ᠨᠢ ᠬᠡᠦᠬᠡᠳ ᠲᠦ᠍ ᠭᠡᠷ ᠪᠦᠯᠢ ᠶ᠋ᠢᠨ ᠬᠠᠯᠠᠭᠤᠨ ᠳᠤᠯᠠᠭᠠᠨ ᠬᠠᠢᠷ᠎ᠠ ᠬᠠᠯᠠᠮᠵᠢ ᠳᠤᠲᠠᠭᠳᠠᠵᠤ ᠪᠠᠢᠬᠤ ᠲᠠᠢ ᠲᠤᠩ ᠶᠡᠬᠡ ᠬᠣᠯᠪᠣᠭ᠎ᠠ ᠲᠠᠢ ᠪᠠᠢᠨ᠎ᠠ᠃ ᠬᠡᠦᠬᠡᠳ ᠨᠢᠯᠬ᠎ᠠ ᠪᠠᠯᠴᠢᠷ ᠨᠠᠰᠤᠨ ᠳ᠋ᠤ᠌ ᠪᠠᠨ ᠠᠪᠤ ᠡᠵᠢ ᠶ᠋ᠢᠨ ᠡᠨᠡᠷᠢᠯ ᠬᠠᠢᠷ᠎ᠠ ᠭᠡᠷ ᠪᠦᠯᠢ ᠶ᠋ᠢᠨ ᠬᠠᠯᠠᠭᠤᠨ ᠳᠤᠯᠠᠭᠠᠨ ᠠᠭᠠᠷ ᠢ᠋ ᠦᠨᠡᠨ ᠬᠦ᠌ ᠮᠡᠳᠡᠷᠡᠵᠦ ᠳᠡᠢᠯᠬᠦ ᠦᠭᠡᠢ ᠪᠣᠯᠪᠠᠯ ᠰᠡᠳᠬᠢᠯ ᠦ᠋ᠨ ᠭᠦᠨ( ᠳᠠᠷᠤᠢ ᠳᠠᠯᠳᠠ ᠤᠬᠠᠮᠰᠠᠷ) ᠲᠤ᠌ ᠨᠢ ᠬᠠᠢᠷ᠎ᠠ ᠪᠠᠷ ᠭᠠᠩᠳᠠᠭᠰᠠᠨ ᠭᠣᠮᠣᠳᠠᠯ ᠮᠠᠨᠠᠭᠳᠠᠨ᠎ᠠ᠃ ᠬᠡᠦᠬᠡᠳ ᠥᠪᠡᠷ ᠢ᠋ᠶ᠋ᠡᠨ ᠴᠦ᠍ ᠦᠯᠦ ᠣᠢᠯᠠᠭᠠᠬᠤ ᠡᠨᠡᠬᠦ ᠭᠣᠮᠣᠳᠠᠯ ᠬᠣᠭᠣᠰᠣᠷᠠᠯ ᠨᠢ ᠲᠡᠳᠡᠨ ᠢ᠋ ᠲᠣᠮᠣ ᠪᠣᠯᠤᠭᠰᠠᠨ ᠤ᠋ ᠬᠢᠨᠢ ᠳᠠᠷᠠᠭ᠎ᠠ ᠶᠠᠭᠤᠮ᠎ᠠ ᠪᠦᠬᠦᠨ ᠳ᠋ᠦ᠍ ᠰᠢᠨᠤᠬᠤ ᠰᠡᠳᠬᠢᠴᠡ ᠶ᠋ᠢᠨ ᠭᠡᠮ ᠠᠷᠬᠠᠭ ᠪᠣᠯᠵᠤ ᠢᠯᠡᠷᠡᠳᠡᠭ᠃ ᠪᠣᠳᠠᠲᠠᠢ ᠢᠯᠡᠷᠡᠯ ᠨᠢ ᠣᠯᠠᠨᠲᠠ ᠢᠨᠠᠭᠯᠠᠬᠤ᠂ ᠠᠷᠢᠬᠢ ᠤᠤᠭᠤᠪᠠᠯ ᠠᠷᠢᠬᠢᠨ ᠳ᠋ᠤ᠌ ᠣᠷᠣᠬᠤ᠂ ᠲᠠᠮᠠᠬᠢ ᠲᠠᠲᠠᠪᠠᠯ ᠲᠠᠮᠠᠬᠢᠨ ᠴᠢᠳᠬᠥᠷ ᠪᠣᠯᠬᠤ᠂ ᠰᠦᠯᠵᠢᠶ᠎ᠡ ᠲᠣᠭᠯᠠᠭᠠᠮ᠂ ᠮᠥᠷᠥᠢ ᠲᠡᠢ ᠨᠠᠭᠠᠳᠤᠮ ᠳ᠋ᠤ᠌ ᠰᠢᠨᠤᠬᠤ᠂ ᠨᠡᠩ ᠠᠶᠤᠯᠲᠠᠢ ᠨᠢ ᠬᠠᠷ᠎ᠠ ᠲᠠᠮᠠᠬᠢ ᠣᠯᠳᠠᠬᠤ ᠶᠤᠮ ᠪᠣᠯ ᠪᠦᠷ ᠰᠢᠨᠤᠬᠤ ᠪᠣᠯᠤᠮᠵᠢ ᠲᠠᠢ ᠪᠠᠢᠳᠠᠭ᠃
      ᠲᠡᠭᠡᠬᠦ ᠪᠡᠷ ᠣᠳᠣ ᠶ᠋ᠢᠨ ᠬᠡᠦᠬᠡᠳ ᠦ᠋ᠨ ᠰᠠᠨᠠᠭ᠎ᠠ ᠰᠡᠳᠬᠢᠯ ᠲᠡᠨᠢᠭᠦᠨ ᠲᠣᠭᠲᠠᠭᠤᠨ ᠪᠢᠰᠢ᠂ ᠰᠡᠳᠬᠢᠯ ᠦ᠋ᠨ ᠭᠦᠨ ᠳ᠋ᠦ᠍ ᠨᠢ ᠥᠪᠡᠷᠰᠡᠳ ᠢ᠋ᠶ᠋ᠡᠨ ᠴᠦ᠍ ᠦᠯᠦ ᠣᠢᠯᠠᠭᠠᠬᠤ ᠣᠯᠠᠨ ᠠᠷᠪᠢᠨ ᠬᠠᠢᠷ᠎ᠠ ᠶ᠋ᠢᠨ ᠭᠣᠮᠣᠳᠠᠯ ᠳᠠᠷᠤᠭᠳᠠᠵᠤ ᠪᠠᠢᠳᠠᠭ ᠪᠣᠯᠬᠣᠷ᠂ ᠦᠶ᠎ᠡ ᠶ᠋ᠢᠨ ᠨᠥᠬᠥᠳ ᠲᠡᠢ ᠪᠡᠨ ᠰᠡᠳᠬᠢᠯ ᠦ᠋ᠨ ᠦᠭᠡ ᠰᠠᠨᠠᠭᠠᠨ ᠤ᠋ ᠵᠣᠭᠣᠭ ᠢ᠋ᠶ᠋ᠠᠨ ᠪᠠᠭ᠎ᠠ ᠯᠠ ᠳᠡᠯᠭᠡᠪᠡᠯ ᠲᠡᠷᠡ ᠨᠠᠢᠵᠠ ᠳ᠋ᠤ᠌ ᠪᠠᠨ ᠠᠯᠢᠪᠠ ᠪᠠᠨ ᠨᠠᠢᠳᠠᠬᠤ ᠰᠡᠳᠬᠢᠴᠡ ᠶ᠋ᠢᠨ ᠬᠠᠨᠳᠤᠰᠢ ᠭᠠᠷᠳᠠᠭ᠃ ᠡᠨᠡ ᠪᠣᠯ ᠥᠨᠥᠴᠢᠷᠡᠵᠦ ᠭᠠᠭᠴᠠᠭᠠᠷᠳᠠᠵᠤ ᠪᠠᠢᠭ᠎ᠠ ᠰᠡᠳᠬᠢᠯᠭᠡ ᠲᠡᠢ ᠬᠡᠦᠬᠡᠳ ᠪᠣᠯᠭᠠᠨ ᠳ᠋ᠤ᠌ ᠬᠢᠯᠪᠠᠷᠬᠠᠨ ᠢᠯᠡᠷᠡᠬᠦ ᠰᠡᠳᠬᠢᠴᠡ ᠶ᠋ᠢᠨ ᠦᠵᠡᠭᠳᠡᠯ᠂ ᠡᠢᠮᠦᠷᠬᠦ ᠰᠡᠳᠬᠢᠴᠡ ᠲᠡᠢ ᠬᠡᠦᠬᠡᠳ ᠦ᠋ᠨ ᠬᠠᠢᠷᠠᠯᠠᠬᠤ ᠨᠢ ᠪᠠᠰᠠ ᠠᠯᠪᠠᠳᠠᠯᠭ᠎ᠠ ᠶ᠋ᠢᠨ ᠴᠢᠨᠠᠷ ᠲᠠᠢ ᠪᠠᠢᠵᠤ᠂ ᠲᠠ ᠨᠠᠳᠠ ᠶ᠋ᠢ ᠬᠠᠢᠷᠠᠯᠠᠬᠤ ᠦᠭᠡᠢ ᠪᠣᠯ ᠪᠢ ᠠᠮᠢᠳᠤᠷᠠᠬᠤ ᠦᠭᠡᠢ᠂ ᠬᠣᠣᠷ ᠢᠳᠡᠨ᠎ᠡ ᠭᠡᠬᠦ ᠮᠡᠲᠦ ᠪᠡᠷ ᠨᠥᠭᠦᠭᠡ ᠡᠲᠡᠭᠡᠳ ᠢ᠋ᠶ᠋ᠡᠨ ᠠᠯᠪᠠᠲᠠᠨ ᠰᠦᠷᠳᠡᠭᠦᠯᠬᠦ ᠰᠡᠳᠬᠢᠴᠡ ᠶᠡᠬᠡ ᠪᠠᠢᠳᠠᠭ᠃ ᠲᠡᠭᠡᠬᠦ ᠪᠡᠷ ᠬᠡᠦᠬᠡᠳ ᠦ᠋ᠨ ᠡᠷᠲᠡ ᠢᠨᠠᠭᠯᠠᠵᠤ ᠪᠠᠢᠭ᠎ᠠ ᠨᠢ ᠠᠮᠢᠳᠤᠷᠠᠯ ᠬᠠᠢᠷ᠎ᠠ ᠶ᠋ᠢᠨ ᠤᠴᠢᠷ ᠲᠤ᠌ ᠤᠬᠠᠮᠰᠠᠷ᠂ ᠬᠠᠷᠢᠭᠤᠴᠠᠯᠭ᠎ᠠ᠂ ᠣᠢᠯᠠᠭᠠᠯᠲᠠ ᠨᠢ ᠪᠦᠷ ᠲᠣᠮᠣᠭᠠᠵᠢᠭᠠᠳ ᠡᠭᠦᠰᠴᠦ ᠪᠠᠢᠭ᠎ᠠ ᠦᠵᠡᠭᠳᠡᠯ ᠪᠢᠰᠢ᠂ ᠬᠠᠷᠢᠨ ᠰᠡᠳᠬᠢᠯᠭᠡ ᠬᠠᠢᠷ᠎ᠠ ᠶ᠋ᠢᠨ ᠥᠨᠥᠴᠢᠷᠡᠯ ᠭᠠᠭᠴᠠᠭᠠᠷᠳᠠᠯ ᠡᠯᠡᠢᠷᠡᠯ ᠡᠴᠡ ᠪᠣᠯᠵᠤ ᠢᠯᠡᠷᠡᠵᠦ ᠪᠠᠢᠭ᠎ᠠ ᠰᠡᠳᠬᠢᠴᠡ ᠶ᠋ᠢᠨ ᠠᠰᠠᠭᠤᠳᠠᠯ ᠤ᠋ᠳ ᠭᠣᠣᠯᠳᠠᠭᠤ ᠪᠠᠢᠨ᠎ᠠ᠃ ᠪᠠᠭᠰᠢ ᠭᠡᠷ ᠦ᠋ᠨ ᠠᠬᠠᠮᠠᠳ ᠬᠡᠦᠬᠡᠳ ᠦ᠋ᠨ ᠰᠡᠳᠬᠢᠴᠡ ᠶ᠋ᠢᠨ ᠪᠣᠢᠵᠢᠯᠲᠠ ᠶ᠋ᠢ ᠨᠠᠷᠢᠯᠢᠭ᠂ ᠪᠣᠳᠠᠲᠠᠢ᠂ ᠭᠦᠨᠵᠡᠭᠡᠢ ᠣᠢᠯᠠᠭᠠᠵᠤ ᠪᠠᠢᠮᠠᠨ᠂ ᠰᠡᠳᠬᠢᠴᠡ ᠶ᠋ᠢᠨ ᠵᠢᠯᠣᠭᠣᠳᠤᠯᠭ᠎ᠠ ᠪᠣᠯᠤᠨ ᠬᠠᠢᠷ᠎ᠠ ᠬᠠᠯᠠᠮᠵᠢ ᠶ᠋ᠢᠨ ᠬᠥᠮᠦᠵᠢᠯ ᠬᠢᠬᠦ ᠪᠡᠷ ᠭᠣᠣᠯᠳᠠᠭᠤᠯᠬᠤ ᠬᠡᠷᠡᠭᠲᠡᠢ᠃ ᠭᠡᠷ ᠦ᠋ᠨ ᠠᠬᠠᠮᠠᠳ ᠭᠡᠷ ᠪᠦᠯᠢ ᠶ᠋ᠢᠨ ᠡᠪ ᠵᠦᠢ ᠶ᠋ᠢ ᠬᠢᠴᠢᠶᠡᠨ᠂ ᠬᠡᠦᠬᠡᠳ ᠢ᠋ᠶ᠋ᠡᠨ ᠵᠥᠪ ᠬᠠᠢᠷᠠᠯᠠᠵᠤ᠂ ᠬᠡᠦᠬᠡᠳ ᠲᠦ᠍ ᠬᠠᠯᠠᠭᠤᠨ ᠳᠤᠯᠠᠭᠠᠨ ᠭᠡᠷ ᠪᠦᠯᠢ ᠶ᠋ᠢ ᠪᠣᠢ ᠪᠣᠯᠭᠠᠵᠤ ᠥᠭᠬᠦ᠂ ᠬᠡᠦᠬᠡᠳ ᠲᠡᠢ ᠪᠡᠨ ᠢᠯᠡᠭᠦᠬᠡᠨ ᠨᠠᠢᠵᠠᠯᠠᠵᠤ ᠰᠡᠳᠬᠢᠯ ᠢ᠋ᠶ᠋ᠡᠨ ᠣᠢᠯᠠᠭᠠᠯᠴᠠᠪᠠᠯ ᠰᠠᠶᠢ ᠡᠳᠡᠭᠡᠷ ᠤᠴᠢᠷ ᠲᠤ᠌ ᠦᠷ᠎ᠡ ᠪᠦᠲᠦᠮᠵᠢ ᠲᠡᠢ ᠠᠷᠭ᠎ᠠ ᠠᠪᠴᠠᠯ ᠠᠪᠴᠤ ᠦᠨᠳᠦᠰᠦᠨ ᠡᠴᠡ ᠨᠢ ᠰᠠᠢᠬᠠᠨ ᠰᠢᠢᠳᠪᠦᠷᠢᠯᠡᠵᠦ ᠳᠡᠢᠯᠬᠦ ᠪᠣᠯᠤᠨ᠎ᠠ᠃
      ᠦᠨᠡᠨ ᠳ᠋ᠦ᠍ ᠪᠡᠨ ᠬᠥᠮᠦᠰ ᠲᠦ᠍ ᠡᠨᠡ ᠲᠡᠷᠡ ᠭᠡᠮ ᠳᠣᠭᠣᠯᠳᠠᠯ ᠪᠠᠢᠬᠤ ᠪᠣᠯ ᠬᠡᠪ ᠦ᠋ᠨ ᠠᠰᠠᠭᠤᠳᠠᠯ᠂ ᠬᠠᠷᠢᠨ ᠬᠡᠷᠬᠢᠨ ᠵᠠᠰᠠᠵᠤ ᠵᠠᠯᠠᠷᠠᠭᠤᠯᠬᠤ ᠠᠷᠭ᠎ᠠ ᠤᠬᠠᠭᠠᠨ ᠪᠣᠯ ᠬᠠᠮᠤᠭ ᠤ᠋ᠨ ᠴᠢᠬᠤᠯᠠ᠂ ᠮᠠᠨᠤᠰ ᠤ᠋ᠨ ᠠᠪᠴᠤ ᠪᠠᠢᠳᠠᠭ ᠲᠦᠭᠡᠮᠡᠯ ᠮᠥᠷᠲᠡᠭᠡᠨ ᠲᠤᠢᠯ ᠤ᠋ᠨ ᠪᠤᠷᠤᠭᠤ ᠠᠷᠭ᠎ᠠ ᠠᠪᠴᠠᠯ ᠪᠣᠯ ᠡᠮᠵᠡᠭ ᠳᠤᠲᠠᠭᠳᠠᠯ ᠢ᠋ ᠨᠢ ᠡᠳᠦᠷᠵᠢᠨ ᠶᠠᠷᠢᠵᠤ ᠶᠠᠩᠰᠢᠭᠰᠠᠭᠠᠷ ᠪᠠᠢᠵᠤ ᠬᠡᠦᠬᠡᠳ ᠦ᠋ᠨ ᠳᠠᠯᠳᠠ ᠤᠬᠠᠮᠰᠠᠷ ᠲᠤ᠌ ᠨᠢ《ᠪᠢ ᠪᠣᠯ ᠲᠡᠢᠮᠦ ᠬᠥᠮᠦᠨ ᠮᠥᠨ》 ᠭᠡᠰᠡᠨ ᠭᠦᠨ ᠣᠢᠯᠠᠭᠠᠯᠲᠠ ᠦᠯᠡᠳᠡᠭᠡᠵᠦ᠂ ᠬᠡᠵᠢᠶᠡᠳᠡ ᠵᠠᠰᠠᠷᠠᠰᠢ ᠦᠭᠡᠢ ᠮᠤᠵᠢᠭᠤᠳᠠ ᠠᠷᠠᠨᠰᠢᠨ ᠲᠠᠢ ᠪᠣᠯᠭᠠᠳᠠᠭ ᠪᠠᠢᠨ᠎ᠠ᠃ ᠬᠡᠦᠬᠡᠳ ᠦ᠋ᠨ ᠠᠯᠳᠠᠭ᠎ᠠ ᠡᠮᠵᠡᠭ ᠢ᠋ ᠵᠠᠰᠠᠬᠤ ᠪᠦᠲᠦᠮᠵᠢᠲᠡᠢ ᠠᠷᠭ᠎ᠠ ᠪᠣᠯ ᠰᠠᠢᠨ ᠢᠯᠡᠷᠡᠯ ᠳᠠᠪᠠᠭᠤᠯᠢᠭ ᠲᠠᠯ᠎ᠠ ᠶ᠋ᠢ ᠨᠢ ᠢᠯᠡᠭᠦᠬᠡᠨ ᠠᠩᠬᠠᠷᠤᠭᠤᠯᠵᠤ ᠵᠣᠷᠢᠭᠵᠢᠭᠤᠯᠵᠤ ᠪᠠᠢᠪᠠᠯ ᠨᠠᠵᠠᠭᠠᠢ ᠲᠠᠯ᠎ᠠ ᠨᠢ ᠠᠶᠠᠨᠳᠠᠭᠠᠨ ᠮᠠᠷᠲᠠᠭᠳᠠᠵᠤ ᠳᠠᠷᠤᠭᠳᠠᠨ᠎ᠠ ᠭᠡᠳᠡᠭ ᠢ᠋ ᠶᠠᠭᠠᠬᠢᠭᠰᠠᠨ ᠴᠤ᠌ ᠴᠢᠩᠭ᠎ᠠ ᠪᠠᠷᠢᠮᠲᠠᠯᠠᠬᠤ ᠶ᠋ᠢ ᠪᠦᠬᠦ ᠭᠡᠷ ᠦ᠋ᠨ ᠠᠬᠠᠮᠠᠳ ᠪᠠᠭᠰᠢ ᠨᠠᠷ ᠲᠤ᠌ ᠰᠠᠨᠠᠭᠤᠯᠵᠤ ᠪᠠᠢᠨ᠎ᠠ᠃
      ᠵᠠ ᠲᠡᠭᠡᠪᠡᠯ ᠳᠡᠭᠡᠷ᠎ᠡ ᠶᠠᠷᠢᠭᠰᠠᠨ ᠡᠳᠡᠭᠡᠷ ᠠᠰᠠᠭᠤᠳᠠᠯ ᠠ᠋ᠴᠠ ᠭᠠᠳᠠᠨ᠎ᠠ ᠣᠳᠣ ᠶ᠋ᠢᠨ ᠬᠡᠦᠬᠡᠳ ᠲᠦ᠍ ᠡᠯ᠎ᠡ ᠵᠦᠢᠯ ᠦ᠋ᠨ ᠰᠦᠷᠳᠡᠯ ᠦ᠋ᠨ ᠭᠡᠮ᠂ ᠬᠣᠭᠣᠯᠠ ᠭᠣᠯᠣᠬᠤ᠂ ᠬᠡᠯᠡ ᠠᠮᠠᠨ ᠳ᠋ᠤ᠌ ᠪᠠᠨ ᠪᠢᠳᠠᠭᠤ ᠪᠤᠶᠤ ᠬᠡᠯᠡᠭᠡᠢᠷᠡᠬᠦ᠂ᠣᠷᠣᠨ ᠳ᠋ᠤ᠌ ᠪᠠᠨ ᠰᠢᠭᠡᠬᠦ᠂ ᠬᠥᠮᠦᠨ ᠮᠥᠰᠥ ᠶ᠋ᠢᠨ ᠭᠠᠵᠢᠭᠰᠢᠯ᠂ ᠵᠣᠪᠠᠭᠤᠷᠢᠯᠠᠬᠤ ᠭᠡᠮ᠂ ᠠᠯᠪᠠᠳᠠᠯᠭ᠎ᠠ ᠶ᠋ᠢᠨ ᠴᠢᠨᠠᠷ ᠲᠠᠢ ᠮᠡᠳᠡᠷᠡᠯ ᠦ᠋ᠨ ᠭᠡᠮ᠂ ᠨᠠᠭᠠᠳᠤᠮ ᠲᠣᠭᠯᠠᠭᠠᠮ ᠳ᠋ᠤ᠌ ᠰᠢᠨᠤᠬᠤ ᠭᠡᠮ᠂ ᠮᠠᠨᠠᠷᠠᠵᠤ ᠲᠤᠨᠤᠷᠠᠬᠤ ᠭᠡᠮ᠂ ᠬᠤᠷᠤᠭᠤ ᠬᠢᠮᠤᠰᠤ ᠬᠥᠳᠡᠯᠭᠡᠬᠦ ᠭᠡᠮ᠂ ᠡᠪᠳᠡᠯᠡᠵᠦ ᠪᠠᠯᠪᠠᠴᠢᠬᠤ ᠭᠡᠮ᠂ ᠪᠡᠶ᠎ᠡ ᠪᠡᠨ ᠰᠢᠷᠬᠠᠲᠤᠭᠤᠯᠬᠤ ᠭᠡᠮ ᠮᠡᠲᠦ ᠨᠡᠩ ᠣᠯᠠᠨ ᠰᠡᠳᠬᠢᠴᠡ ᠶ᠋ᠢᠨ ᠠᠰᠠᠭᠤᠳᠠᠯ ᠢᠯᠡᠷᠡᠵᠦ ᠪᠠᠢᠬᠤ ᠶ᠋ᠢ ᠭᠡᠷ ᠦ᠋ᠨ ᠠᠬᠠᠮᠠᠳ ᠨᠠᠷ ᠠᠩᠬᠠᠷᠤᠯ ᠳ᠋ᠤ᠌ ᠪᠠᠨ ᠠᠪᠬᠤ ᠴᠢᠬᠤᠯᠠ ᠲᠠᠢ ᠪᠣᠯᠤᠭᠠᠳ ᠪᠠᠢᠨ᠎ᠠ᠃ ᠬᠥᠭᠵᠢᠯᠲᠡ ᠬᠤᠪᠢᠷᠠᠯᠲᠠ ᠲᠦᠷᠭᠡᠨ ᠲᠡᠢ ᠣᠳᠣᠬᠠᠨ ᠤ᠋ ᠨᠡᠢᠭᠡᠮ ᠦ᠋ᠨ ᠣᠷᠴᠢᠨ ᠳ᠋ᠤ᠌ ᠲᠣᠮᠣᠴᠤᠤᠯ ᠨᠢ ᠴᠦ᠍ ᠬᠡᠴᠡᠭᠦᠳᠡᠵᠦ ᠪᠠᠢᠭ᠎ᠠ ᠪᠠᠢᠳᠠᠯ ᠳᠣᠣᠷ᠎ᠠ ᠬᠡᠦᠬᠡᠳ ᠦ᠋ᠨ ᠵᠠᠩ ᠰᠡᠳᠬᠢᠴᠡ ᠴᠦ᠍ ᠲᠤᠩ ᠪᠤᠳᠤᠯᠢᠶᠠᠨᠲᠠᠢ ᠪᠣᠯᠵᠤ ᠣᠯᠠᠨ ᠰᠡᠳᠬᠢᠴᠡ ᠶ᠋ᠢᠨ ᠭᠡᠮ ᠠᠷᠬᠠᠭ ᠢᠯᠡᠷᠡᠬᠦ ᠪᠣᠯᠵᠤ ᠪᠠᠢᠨ᠎ᠠ᠃ ᠮᠠᠨ ᠤ᠋ ᠭᠡᠷ ᠦ᠋ᠨ ᠠᠬᠠᠮᠠᠳ ᠤ᠋ᠨ ᠣᠯᠠᠩᠬᠢ ᠨᠢ ᠣᠳᠣ ᠶ᠋ᠢᠨ ᠬᠡᠦᠬᠡᠳ ᠪᠣᠯᠬᠤ ᠦᠭᠡᠢ ᠪᠠᠢᠨ᠎ᠠ ᠭᠡᠵᠦ ᠭᠠᠴᠢᠭᠳᠠᠨ ᠰᠠᠭᠤᠬᠤ ᠠ᠋ᠴᠠ ᠪᠢᠰᠢ ᠬᠡᠦᠬᠡᠳ ᠦ᠋ᠨ ᠡᠳᠡᠭᠡᠷ ᠵᠠᠩ ᠰᠡᠳᠬᠢᠴᠡ ᠶ᠋ᠢᠨ ᠠᠰᠠᠭᠤᠳᠠᠯ ᠶᠠᠭᠠᠬᠢᠵᠤ ᠪᠣᠢ ᠪᠣᠯᠤᠭᠰᠠᠨ ᠲᠤᠬᠠᠢ ᠣᠢᠯᠠᠭᠠᠬᠤ ᠦᠭᠡᠢ ᠪᠠᠢᠬᠤ ᠪᠤᠶᠤ ᠬᠡᠦᠬᠡᠳ ᠦ᠋ᠨ ᠠᠰᠠᠭᠤᠳᠠᠯ ᠳ᠋ᠤ᠌ ᠪᠢᠳᠡ ᠬᠡᠴᠢᠨᠡᠨ ᠬᠠᠷᠢᠭᠤᠴᠠᠯᠭ᠎ᠠ ᠬᠣᠯᠪᠣᠭ᠎ᠠ ᠲᠠᠢ ᠪᠠᠢᠬᠤ ᠪᠠᠨ ᠮᠡᠳᠡᠬᠦ ᠦᠭᠡᠢ ᠪᠠᠢᠭ᠎ᠠ ᠨᠢ ᠬᠠᠮᠤᠭ ᠶᠡᠬᠡ ᠳᠤᠲᠠᠭᠳᠠᠯ ᠰᠢᠦ᠃ ᠲᠡᠢᠮᠦ ᠡᠴᠡ ᠭᠡᠷ ᠦ᠋ᠨ ᠠᠬᠠᠮᠠᠳ ᠤ᠋ᠨ ᠰᠤᠷᠭᠠᠭᠤᠯᠢ ᠶ᠋ᠢᠨ ᠬᠥᠳᠡᠯᠭᠡᠭᠡᠨ ᠳ᠋ᠦ᠍ ᠢᠳᠡᠪᠬᠢᠲᠡᠢ ᠣᠷᠣᠯᠴᠠᠵᠤ᠂ ᠬᠡᠦᠬᠡᠳ ᠦ᠋ᠨ ᠠᠰᠠᠭᠤᠳᠠᠯ ᠳ᠋ᠤ᠌ ᠵᠣᠬᠢᠴᠠᠭᠤᠯᠤᠨ ᠢᠯᠡᠭᠦᠬᠡᠨ ᠰᠠᠨᠠᠭᠤᠯᠭ᠎ᠠ ᠵᠥᠪᠯᠡᠯᠭᠡ ᠠᠪᠴᠤ ᠪᠠᠢᠭᠠᠷᠠᠢ᠃

      ᠦᠰᠦᠭ ᠠᠮᠢᠯᠠᠭᠤᠯᠤᠭᠴᠢ᠄ ᠪᠠᠶᠠᠨᠰᠡᠷᠡᠩ
      ᠬᠢᠨᠠᠭᠴᠢ᠄ ᠭᠠᠷᠮ᠎ᠠ᠂ ᠵ· ᠪᠤᠶᠠᠨᠲᠣᠭᠲᠠᠬᠤ᠂ ᠂ ᠰᠡᠬᠡᠭᠡᠷᠡᠯ
      ᠶᠡᠷᠦᠩᠬᠡᠢ ᠬᠢᠨᠠᠭᠴᠢ᠄ ᠣᠳᠬᠠᠨᠰᠣ᠎ᠠ