ᠰᠤᠷᠭᠠᠭᠤᠯᠢ ᠨᠡᠢᠭᠡᠮ ᠲᠡᠢ ᠰᠠᠢᠬᠠᠨ ᠬᠠᠮᠵᠢᠯᠴᠠᠶ᠎ᠠ-ᠬᠡᠦᠬᠡᠳ ᠦ᠋ᠨ ᠬᠥᠮᠦᠵᠢᠯ ᠳ᠋ᠦ᠍ ᠭᠡᠷ ᠦ᠋ᠨ ᠠᠬᠠᠮᠠᠳ ᠤ᠋ᠨ ᠠᠩᠬᠠᠷᠬᠤ ᠵᠦᠢᠯ ᠦ᠋ᠳ-ᠮᠣᠩᠭᠣᠯᠴᠤᠳ ᠤ᠋ᠨ ᠭᠡᠷ ᠪᠦᠯᠢ ᠶ᠋ᠢᠨ ᠬᠥᠮᠦᠵᠢᠯ3-10-ᠪᠣᠯᠣᠴᠢᠯᠠᠭᠤ
ᠠᠷᠪᠠ᠂ ᠰᠤᠷᠭᠠᠭᠤᠯᠢ ᠨᠡᠢᠭᠡᠮ ᠲᠡᠢ ᠰᠠᠢᠬᠠᠨ ᠬᠠᠮᠵᠢᠯᠴᠠᠶ᠎ᠠ
ᠰᠤᠷᠭᠠᠭᠤᠯᠢ ᠶ᠋ᠢᠨ ᠰᠤᠷᠭᠠᠨ ᠬᠥᠮᠦᠵᠢᠯ ᠪᠣᠯ ᠳᠦᠷᠢᠮᠵᠢᠭᠰᠡᠨ᠂ ᠰᠢᠰᠲ᠋ᠧᠮ ᠲᠡᠢ ᠰᠤᠷᠭᠠᠨ ᠬᠥᠮᠦᠵᠢᠯ ᠪᠣᠯᠬᠤ ᠶᠤᠮ᠃ ᠲᠡᠷᠡ ᠨᠢ ᠬᠡᠦᠬᠡᠳ ᠲᠤ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠬᠥᠳᠡᠯᠮᠦᠷᠢ ᠵᠡᠷᠭᠡ ᠲᠤᠬᠠᠢ ᠶ᠋ᠢᠨ ᠨᠡᠢᠭᠡᠮ ᠦ᠋ᠨ ᠬᠡᠷᠡᠭᠴᠡᠭᠡ ᠳ᠋ᠦ᠍ ᠲᠣᠬᠢᠷᠠᠭᠰᠠᠨ ᠣᠯᠠᠨ ᠲᠠᠯ᠎ᠠ ᠶ᠋ᠢᠨ ᠬᠥᠮᠦᠵᠢᠯ ᠣᠯᠭᠣᠬᠤ ᠪᠠᠷ ᠪᠠᠷᠠᠬᠤ ᠦᠭᠡᠢ᠂ ᠪᠠᠰᠠ ᠲᠡᠳᠡᠨ ᠦ᠌ ᠢᠷᠡᠭᠡᠳᠦᠢ ᠳ᠋ᠦ᠍ ᠣᠷᠣᠰᠢᠨ ᠲᠣᠭᠲᠠᠨᠢᠬᠤ ᠳ᠋ᠤ᠌ ᠨᠢ ᠰᠠᠭᠤᠷᠢ ᠪᠣᠯᠬᠤ ᠣᠯᠠᠨ ᠵᠦᠢᠯ ᠦ᠋ᠨ ᠴᠢᠳᠠᠪᠤᠷᠢ ᠶ᠋ᠢ ᠡᠵᠡᠮᠰᠢᠭᠦᠯᠵᠦ ᠪᠠᠢᠳᠠᠭ᠃ ᠰᠤᠷᠭᠠᠭᠤᠯᠢ ᠳ᠋ᠤ᠌ ᠠᠵᠢᠯᠯᠠᠵᠤ ᠪᠠᠢᠭ᠎ᠠ ᠪᠦᠬᠦ ᠬᠥᠮᠦᠰ ᠪᠣᠯ ᠪᠦᠷ ᠯᠡ ᠪᠢᠳᠡᠨ ᠦ᠌ ᠬᠡᠦᠬᠡᠳ ᠢ᠋ ᠬᠥᠮᠦᠵᠢᠭᠦᠯᠬᠦ ᠶ᠋ᠢᠨ ᠲᠥᠯᠥᠭᠡ ᠵᠢᠳᠬᠦᠵᠦ ᠪᠠᠢᠭ᠎ᠠ ᠬᠠᠢᠷ᠎ᠠ ᠬᠦᠨᠳᠦᠳᠬᠡᠯ ᠲᠡᠢ ᠬᠥᠮᠦᠰ ᠪᠣᠯᠤᠨ᠎ᠠ᠃ ᠭᠡᠷ ᠦ᠋ᠨ ᠠᠬᠠᠮᠠᠳ ᠡᠩ ᠲᠡᠷᠢᠭᠦᠨ ᠳ᠋ᠦ᠍ ᠡᠳᠡᠭᠡᠷ ᠬᠥᠮᠦᠰ ᠢ᠋ᠶ᠋ᠡᠨ ᠬᠡᠷᠬᠢᠨ ᠬᠦᠨᠳᠦᠯᠡᠬᠦ ᠲᠤᠬᠠᠢ ᠬᠥᠮᠦᠵᠢᠯ ᠬᠢᠬᠦ ᠬᠡᠷᠡᠭᠲᠡᠢ᠃ ᠣᠳᠣ ᠳᠡᠯᠡᠬᠡᠢ ᠳᠡᠭᠡᠷ᠎ᠡ ᠬᠥᠮᠦᠨ ᠦ᠌ ᠲᠥᠯᠥᠭᠡ ᠥᠷᠯᠥᠭᠡ ᠦᠳᠡᠰᠢ ᠦᠭᠡᠢ ᠦᠬᠦᠨ ᠬᠠᠳᠠᠨ ᠵᠢᠳᠬᠦᠵᠦ ᠪᠠᠢᠭ᠎ᠠ ᠬᠥᠮᠦᠰ ᠭᠡᠪᠡᠯ ᠭᠠᠭᠴᠠᠬᠦ ᠪᠠᠭᠰᠢ ᠶ᠋ᠢᠨ ᠠᠵᠢᠯ ᠲᠥᠷᠥᠯᠲᠡᠨ ᠪᠣᠯᠵᠠᠢ᠂ ᠪᠠᠭᠰᠢ ᠶ᠋ᠢᠨ ᠡᠩᠨᠡᠭᠡᠨ ᠦ᠌ ᠬᠡᠪ ᠴᠢᠨᠠᠷ ᠬᠡᠴᠢᠨᠡᠨ ᠵᠥᠷᠢᠶ᠎ᠡ ᠲᠡᠢ ᠪᠠᠢᠭᠰᠠᠨ ᠴᠤ᠌ ᠰᠤᠷᠤᠭᠴᠢ ᠶ᠋ᠢᠨ ᠲᠥᠯᠥᠭᠡ ᠭᠡᠬᠦ ᠰᠡᠳᠬᠢᠯ ᠪᠣᠯ ᠠᠯᠠᠭ ᠦᠭᠡᠢ ᠪᠠᠢᠳᠠᠭ ᠶᠤᠮ᠃ ᠪᠢᠳᠡ ᠪᠠᠭᠰᠢ ᠬᠥᠮᠦᠨ ᠢ᠋ ᠬᠦᠨᠳᠦᠯᠡᠬᠦ ᠦᠭᠡᠢ ᠣᠢᠯᠠᠭᠠᠬᠤ ᠦᠭᠡᠢ ᠮᠥᠷᠲᠡᠭᠡᠨ ᠬᠡᠦᠬᠡᠳ ᠦ᠋ᠨ ᠢ᠋ᠶ᠋ᠡᠨ ᠡᠮᠦᠨ᠎ᠡ ᠪᠠᠭᠰᠢ ᠪᠠ ᠰᠤᠷᠭᠠᠭᠤᠯᠢ ᠶ᠋ᠢᠨ ᠳᠤᠲᠠᠭᠳᠠᠯ ᠲᠠᠢ ᠵᠦᠢᠯ ᠢ᠋ ᠶᠠᠷᠢᠭᠠᠳ ᠪᠠᠢᠪᠠᠯ ᠬᠡᠦᠬᠡᠳ ᠴᠤ᠌ ᠮᠠᠨ ᠠ᠋ᠴᠠ ᠨᠠᠵᠠᠭᠠᠢ ᠨᠥᠯᠥᠭᠡ ᠣᠯᠵᠤ ᠰᠤᠷᠭᠠᠭᠤᠯᠢ ᠪᠤᠶᠤ ᠪᠠᠭᠰᠢ ᠶ᠋ᠢ ᠬᠦᠨᠳᠦᠯᠡᠬᠦ ᠦᠭᠡᠢ ᠪᠣᠯᠤᠨ᠎ᠠ᠃ ᠲᠣᠭᠣᠬᠤ ᠦᠭᠡᠢ ᠪᠢᠰᠢᠷᠡᠬᠦ ᠦᠭᠡᠢ ᠬᠥᠮᠦᠰ ᠡᠴᠡ ᠪᠡᠨ ᠬᠡᠦᠬᠡᠳ ᠶᠠᠭᠤ ᠰᠤᠷᠬᠤ ᠪᠣᠢ? ᠲᠡᠢᠮᠦ ᠡᠴᠡ ᠭᠡᠷ ᠦ᠋ᠨ ᠠᠬᠠᠮᠠᠳ ᠬᠡᠦᠬᠡᠳ ᠦ᠋ᠨ ᠡᠮᠦᠨ᠎ᠡ ᠪᠠᠭᠰᠢ ᠬᠥᠮᠦᠨ ᠦ᠌ ᠠᠵᠢᠯ ᠶᠠᠮᠠᠷ ᠠᠭᠤᠤ ᠶᠡᠬᠡ ᠮᠥᠷᠲᠡᠭᠡᠨ ᠬᠦᠨᠳᠦ ᠬᠡᠴᠡᠭᠦᠦ ᠪᠠᠢᠳᠠᠭ ᠢ᠋ ᠬᠡᠦᠬᠡᠳ ᠲᠤ ᠪᠡᠨ ᠢᠯᠡᠭᠦᠬᠡᠨ ᠣᠢᠯᠠᠭᠠᠭᠤᠯᠵᠤ ᠪᠠᠢᠬᠤ ᠨᠢ ᠬᠡᠦᠬᠡᠳ ᠦ᠋ᠨ ᠬᠥᠮᠦᠵᠢᠯ ᠳ᠋ᠦ᠍ ᠲᠤᠩ ᠢᠳᠡᠪᠬᠢ ᠨᠥᠯᠥᠭᠡ ᠦᠵᠡᠭᠦᠯᠬᠦ ᠶ᠋ᠢ ᠮᠡᠳᠡᠬᠦ ᠴᠢᠬᠤᠯᠠ ᠲᠠᠢ᠃ ᠢᠷᠭᠡᠳ ᠦ᠋ᠨ ᠢ᠋ᠶ᠋ᠡᠨ ᠬᠡᠪ ᠴᠢᠨᠠᠷ ᠢ᠋ᠶ᠋ᠠᠷ ᠳᠡᠯᠡᠬᠡᠢ ᠳ᠋ᠦ᠍ ᠲᠡᠷᠢᠭᠦᠯᠡᠵᠦ ᠶᠠᠪᠤᠭ᠎ᠠ ᠶᠠᠫᠣᠨ ᠤ᠋ ᠬᠥᠭᠵᠢᠯᠲᠡ ᠨᠡᠢᠭᠡᠮ ᠦ᠋ᠨ ᠪᠣᠯᠪᠠᠰᠤᠨ ᠢ᠋ ᠪᠢᠳᠡ ᠪᠢᠰᠢᠷᠡᠳᠡᠭ᠂ ᠶᠠᠭᠠᠬᠢᠭᠠᠳ ᠲᠡᠢᠮᠦ ᠪᠣᠯᠤᠭᠰᠠᠨ ᠶ᠋ᠢ ᠨᠢ ᠨᠡᠩ ᠴᠦ᠍ ᠮᠡᠳᠡᠬᠦ ᠶᠣᠰᠣᠲᠠᠢ᠂ ᠶᠠᠫᠣᠨ ᠨᠢ ᠪᠦᠬᠦ ᠨᠡᠢᠭᠡᠮ ᠢ᠋ᠶ᠋ᠡᠷ ᠢ᠋ᠶ᠋ᠡᠨ ᠰᠤᠷᠭᠠᠨ ᠬᠥᠮᠦᠵᠢᠯ ᠣᠨᠴᠠᠭᠠᠢᠯᠠᠨ ᠪᠠᠭᠰᠢ ᠬᠥᠮᠦᠨ᠂ ᠡᠷᠳᠡᠮᠲᠡᠨ᠂ ᠪᠢᠴᠢᠭᠲᠡᠨ ᠢ᠋ ᠳᠡᠭᠡᠳᠦᠯᠡᠳᠡᠭ ᠡᠴᠡ ᠪᠣᠯᠤᠭᠰᠠᠨ ᠰᠢᠦ᠂ ᠲᠥᠷᠥ ᠶ᠋ᠢᠨ ᠲᠦᠰᠢᠮᠡᠳ᠂ ᠪᠠᠶᠠᠨ ᠰᠠᠨᠸᠠᠷᠲᠠᠨ ᠢ᠋ ᠪᠤᠰᠤ ᠪᠠᠭᠰᠢ ᠬᠥᠮᠦᠨ ᠢ᠋ ᠬᠠᠮᠤᠭ ᠠ᠋ᠴᠠ ᠳᠡᠭᠡᠳᠦᠯᠡᠳᠡᠭ ᠨᠡᠢᠭᠡᠮ ᠦ᠋ᠨ ᠥᠷᠲᠡᠭ ᠦ᠋ᠨ ᠦᠵᠡᠯᠲᠡ ᠶ᠋ᠢᠨ ᠡᠮᠦᠨ᠎ᠡ ᠪᠢᠳᠡ ᠶᠠᠭᠤ ᠶ᠋ᠢ ᠰᠢᠲᠦᠬᠦ ᠪᠣᠯᠵᠤ ᠪᠠᠢᠬᠤ ᠪᠠᠨ ᠢᠴᠢᠩᠭᠦᠷᠡᠨ ᠰᠡᠳᠬᠢᠭᠦᠰᠢᠲᠡᠢ ᠪᠠᠢᠨ᠎ᠠ᠃ ᠮᠠᠨᠠᠢᠬᠢᠨ ᠣᠯᠠᠨ ᠨᠡᠢᠲᠡ ᠶ᠋ᠢᠨ ᠴᠤᠭᠯᠠᠭᠠᠨ ᠳ᠋ᠤ᠌ ᠠᠭᠤᠯᠵᠠᠵᠤ ᠤᠴᠠᠷᠠᠬᠤ ᠳ᠋ᠤ᠌ ᠪᠠᠨ ᠫᠷᠣᠹᠧᠰᠰᠣᠷ᠂ ᠵᠣᠬᠢᠶᠠᠯᠴᠢ ᠨᠠᠢᠷᠠᠭᠴᠢ ᠮᠡᠲᠦ ᠪᠢᠴᠢᠭᠲᠡᠨ ᠢ᠋ ᠪᠤᠰᠤ ᠥᠴᠦᠬᠡᠨ ᠳᠡᠳ᠋ ᠰᠠᠯᠠᠭᠠᠨ ᠳᠠᠷᠤᠭ᠎ᠠ ᠪᠠᠨ ᠲᠠᠨᠢᠯᠴᠠᠭᠤᠯᠤᠨ ᠭᠠᠢᠬᠠᠭᠤᠯᠬᠤ ᠶᠤᠮ᠂ ᠶᠡᠬᠡ ᠢᠳᠡᠭᠰᠡᠨ《ᠨᠢᠭᠦᠯ》 ᠢ᠋ ᠨᠢ ᠭᠠᠢᠬᠠᠭᠤᠯᠬᠤ ᠪᠠᠢᠬᠤ ᠴᠤ᠌ ᠶᠤᠮ ᠤᠤ ᠳᠠ᠂ ᠢᠪᠷᠠᠢᠴᠤᠳ ᠡᠷᠳᠡᠮᠲᠡᠨ ᠬᠥᠮᠦᠨ ᠢ᠋ ᠤᠯᠤᠰ ᠤ᠋ᠨ ᠸᠠᠩ ᠠ᠋ᠴᠠ ᠳᠡᠭᠡᠭᠦᠷ ᠬᠦᠨᠳᠦᠯᠡᠳᠡᠭ ᠭᠡᠨ᠎ᠡ᠃ ᠮᠠᠨᠠᠢᠬᠢᠨ ᠤ᠋《ᠴᠢᠳᠠᠯ》 ᠲᠠᠢ ᠬᠡᠮᠡᠭᠳᠡᠬᠦ ᠬᠥᠮᠦᠰ ᠬᠡᠦᠬᠡᠳ ᠨᠢ ᠰᠤᠷᠭᠠᠭᠤᠯᠢ ᠳ᠋ᠤ᠌ ᠣᠷᠣᠬᠤ ᠪᠠᠷ ᠯᠠ ᠡᠷᠬᠡ ᠮᠥᠩᠭᠥ ᠪᠤᠶᠤ ᠨᠡᠢᠭᠡᠮ ᠦ᠋ᠨ ᠬᠠᠷᠢᠴᠠᠭ᠎ᠠ ᠪᠠᠨ ᠲᠦᠰᠢᠭᠯᠡᠨ ᠬᠡᠦᠬᠡᠳ ᠢ᠋ᠶ᠋ᠡᠨ ᠬᠠᠮᠤᠭ ᠨᠥᠬᠥᠴᠡᠯ ᠰᠠᠢᠨ ᠰᠤᠷᠭᠠᠭᠤᠯᠢ ᠳ᠋ᠤ᠌ ᠰᠠᠭᠤᠯᠭᠠᠵᠤ᠂ ᠬᠠᠮᠢᠶᠠᠲᠠᠢ ᠪᠠᠭᠰᠢ ᠵᠠᠬᠢᠷᠤᠯ ᠲᠠᠢ ᠨᠢ ᠣᠢᠷ᠎ᠠ ᠳᠣᠲᠣᠨᠣ ᠶᠠᠪᠤᠯᠴᠠᠵᠤ᠂ ᠰᠤᠷᠭᠠᠨ ᠬᠥᠮᠦᠵᠢᠯ ᠳ᠋ᠦ᠍ ᠶᠡᠬᠡ ᠯᠡ ᠬᠠᠯᠠᠭᠤᠨ ᠰᠡᠳᠬᠢᠯ ᠲᠡᠢ ᠪᠣᠯᠵᠤ᠂ ᠬᠡᠦᠬᠡᠳ ᠨᠢ ᠰᠤᠷᠭᠠᠭᠤᠯᠢ ᠲᠡᠭᠦᠰᠬᠦ ᠪᠡᠷ ᠬᠠᠯᠠᠭᠤᠨ ᠨᠢ ᠪᠠᠭᠤᠷᠠᠵᠤ ᠡᠬᠢᠯᠡᠳᠡᠭ᠂ ᠪᠢᠳᠡ ᠡᠢᠮᠦ ᠯᠡ ᠠᠰᠢᠭ ᠰᠣᠨᠢᠷᠬᠠᠯ ᠢ᠋ᠶ᠋ᠠᠷ ᠰᠤᠷᠭᠠᠨ ᠬᠥᠮᠦᠵᠢᠯ ᠳ᠋ᠦ᠍ ᠬᠠᠨᠳᠤᠵᠤ ᠪᠠᠢᠭ᠎ᠠ᠃ ᠳᠠᠷᠠᠭ᠎ᠠ ᠨᠢ ᠨᠡᠢᠭᠡᠮ ᠦ᠋ᠨ ᠰᠠᠢᠨ ᠰᠠᠢᠬᠠᠨ ᠭᠡᠷᠡᠯ ᠭᠡᠭᠡ ᠲᠡᠢ ᠲᠠᠯ᠎ᠠ ᠶ᠋ᠢ ᠢᠯᠡᠭᠦᠬᠡᠨ ᠶᠠᠷᠢᠵᠤ ᠥᠭᠬᠦ ᠶ᠋ᠢ ᠭᠡᠷ ᠪᠦᠯᠢ ᠶ᠋ᠢᠨ ᠬᠥᠮᠦᠵᠢᠯ ᠦ᠋ᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠨᠡᠢᠭᠡᠮ ᠦ᠋ᠨ ᠰᠡᠭᠦᠳᠡᠷ ᠲᠡᠢ ᠲᠠᠯ᠎ᠠ ᠮᠠᠭᠤᠬᠠᠢ ᠲᠠᠯ᠎ᠠ ᠶ᠋ᠢ ᠲᠣᠭᠠᠴᠠᠭᠠᠳ ᠪᠠᠷᠠᠰᠢ ᠦᠭᠡᠢ᠂ ᠲᠡᠷᠡ ᠪᠦᠬᠦᠨ ᠢ᠋ ᠲᠥᠷᠥ ᠶ᠋ᠢᠨ ᠲᠦᠰᠢᠮᠡᠳ ᠲᠣᠮᠣᠴᠤᠤᠯ ᠰᠢᠢᠳᠪᠦᠷᠢᠯᠡᠬᠦ ᠡᠴᠡ ᠪᠢᠰᠢ ᠬᠡᠦᠬᠡᠳ ᠦ᠋ᠨ ᠣᠢᠯᠠᠭᠠᠵᠤ ᠰᠢᠢᠳᠪᠦᠷᠢᠯᠡᠬᠦ ᠠᠰᠠᠭᠤᠳᠠᠯ ᠪᠢᠰᠢ᠃ ᠨᠡᠢᠭᠡᠮ ᠦ᠋ᠨ ᠬᠥᠭᠵᠢᠯᠲᠡ ᠶ᠋ᠢ ᠳᠠᠭᠠᠯᠳᠤᠨ ᠰᠤᠷᠭᠠᠭᠤᠯᠢ ᠶ᠋ᠢᠨ ᠣᠷᠴᠢᠨ᠂ ᠰᠤᠷᠤᠯᠴᠠᠬᠤ ᠨᠥᠬᠥᠴᠡᠯ ᠬᠠᠷᠠᠭᠠᠯᠵᠠᠯ ᠰᠠᠢᠵᠢᠷᠠᠵᠤ ᠯᠠ ᠪᠠᠢᠨ᠎ᠠ᠂ ᠬᠡᠦᠬᠡᠳ ᠦ᠋ᠳ ᠮᠠᠨᠢ ᠨᠡᠢᠭᠡᠮ ᠭᠡᠬᠦ ᠶᠡᠬᠡ ᠭᠡᠷ ᠪᠦᠯᠢ ᠶ᠋ᠢᠨ ᠢ᠋ᠶ᠋ᠡᠨ ᠬᠠᠯᠠᠭᠤᠨ ᠳᠤᠯᠠᠭᠠᠨ ᠬᠠᠢᠷ᠎ᠠ ᠬᠠᠯᠠᠮᠵᠢ ᠶ᠋ᠢ ᠰᠡᠳᠬᠢᠯ ᠡᠴᠡ ᠪᠡᠨ ᠮᠡᠳᠡᠷᠡᠵᠦ ᠲᠠᠯᠠᠷᠬᠠᠵᠤ ᠪᠠᠢᠬᠤ ᠦᠶᠡᠰ ᠨᠡᠢᠭᠡᠮ ᠳ᠋ᠦ᠍ ᠪᠡᠨ ᠤᠯᠠᠮ ᠢᠲᠡᠭᠡᠯ ᠲᠡᠭᠦᠯᠳᠡᠷ ᠪᠣᠯᠵᠤ᠂ ᠬᠠᠷᠢᠭᠤᠴᠠᠯᠭᠠᠲᠤ ᠰᠡᠳᠬᠢᠯᠭᠡ ᠨᠢ ᠨᠡᠩ ᠥᠨᠳᠥᠷ ᠪᠣᠯᠵᠤ᠂ᠨᠡᠢᠭᠡᠮ ᠨᠡᠢᠲᠡ ᠶ᠋ᠢᠨ ᠢ᠋ᠶ᠋ᠡᠨ ᠨᠡᠩ ᠰᠠᠢᠨ ᠰᠠᠢᠬᠠᠨ ᠬᠥᠭᠵᠢᠯᠲᠡ ᠶ᠋ᠢᠨ ᠲᠥᠯᠥᠭᠡ ᠶᠡᠬᠡ ᠶ᠋ᠢ ᠪᠦᠲᠦᠭᠡᠬᠦ ᠠᠤᠭ᠎ᠠ ᠵᠣᠷᠢᠭ ᠠᠯᠤᠰ ᠤ᠋ᠨ ᠬᠦᠰᠡᠯᠡᠩ ᠨᠢ ᠤᠯᠠᠮ ᠪᠠᠳᠠᠷᠠᠨ᠎ᠠ᠃
ᠭᠡᠷ ᠦ᠋ᠨ ᠠᠬᠠᠮᠠᠳ ᠪᠣᠯᠣᠭᠰᠠᠳ ᠦᠷᠭᠦᠯᠵᠢ ᠰᠤᠷᠭᠠᠭᠤᠯᠢ ᠪᠣᠯᠤᠨ ᠪᠠᠭᠰᠢ ᠨᠠᠷ ᠲᠠᠢ ᠨᠢ ᠬᠠᠷᠢᠯᠴᠠᠵᠤ᠂ ᠬᠡᠦᠬᠡᠳ ᠦ᠋ᠨ ᠢ᠋ᠶ᠋ᠡᠨ ᠦᠰᠦᠨ ᠪᠣᠢᠵᠢᠭᠰᠠᠨ ᠭᠡᠷ ᠦ᠋ᠨ ᠣᠷᠴᠢᠨ᠂ ᠭᠡᠷ ᠪᠦᠯᠢ ᠶ᠋ᠢᠨ ᠢ᠋ᠶ᠋ᠡᠨ ᠠᠵᠤ ᠠᠬᠤᠢ ᠠᠮᠢᠳᠤᠷᠠᠯ ᠤ᠋ᠨ ᠳᠠᠳᠬᠠᠯ ᠮᠡᠲᠦ ᠦᠨᠳᠦᠰᠦᠨ ᠪᠠᠢᠳᠠᠯ ᠵᠢᠴᠢ ᠬᠡᠦᠬᠡᠳ ᠦ᠋ᠨ ᠵᠠᠩ ᠠᠷᠠᠨᠰᠢᠨ᠂ ᠢᠳᠡᠬᠦ ᠤᠤᠭᠤᠬᠤ ᠤᠨᠲᠠᠵᠤ ᠬᠡᠪᠲᠡᠬᠦ ᠳᠠᠳᠬᠠᠯ᠂ ᠥᠪᠡᠷᠮᠢᠴᠡ ᠣᠨᠴᠠᠯᠢᠭ᠂ ᠳᠤᠷ᠎ᠠ ᠪᠠᠬ᠎ᠠ ᠵᠡᠷᠭᠡ ᠶ᠋ᠢ ᠨᠢ ᠪᠠᠭᠰᠢ ᠨᠠᠷ ᠲᠤ ᠨᠢ ᠣᠢᠯᠠᠭᠠᠭᠤᠯᠬᠤ ᠶ᠋ᠢᠨ ᠬᠠᠮᠲᠤ ᠬᠡᠦᠬᠡᠳ ᠦ᠋ᠨ ᠢ᠋ᠶ᠋ᠡᠨ ᠰᠤᠷᠭᠠᠭᠤᠯᠢ ᠶ᠋ᠢᠨ ᠣᠷᠴᠢᠨ ᠳ᠋ᠠᠬᠢ ᠵᠠᠩ ᠮᠣᠷᠠᠯ ᠬᠢᠴᠢᠶᠡᠯ ᠰᠤᠷᠤᠯᠭ᠎ᠠ ᠶ᠋ᠢᠨ ᠪᠠᠢᠳᠠᠯ᠂ ᠬᠥᠮᠦᠨ ᠦ᠌ ᠬᠠᠷᠢᠯᠴᠠᠭ᠎ᠠ᠂ ᠨᠠᠭᠠᠳᠴᠤ ᠲᠣᠭᠯᠠᠵᠤ ᠪᠠᠢᠬᠤ ᠭᠡᠳ ᠪᠦᠬᠦ ᠲᠠᠯ᠎ᠠ ᠶ᠋ᠢᠨ ᠢᠯᠡᠷᠡᠯ ᠪᠠᠢᠳᠠᠯ ᠢ᠋ ᠪᠠᠭᠰᠢ ᠠ᠋ᠴᠠ ᠨᠢ ᠣᠢᠯᠠᠭᠠᠵᠤ ᠪᠠᠢᠪᠠᠯ ᠵᠣᠬᠢᠨ᠎ᠠ᠃ ᠣᠨᠴᠠᠭᠠᠢᠯᠠᠨ ᠡᠳᠦᠷ ᠳᠣᠳᠣᠮ ᠤ᠋ᠨ ᠠᠵᠢᠯᠯᠠᠭᠠᠨ ᠪᠣᠯᠤᠨ ᠰᠤᠷᠤᠯᠴᠠᠯᠭ᠎ᠠ ᠳᠤᠮᠳᠠ ᠢᠯᠡᠷᠡᠭᠰᠡᠨ ᠣᠨᠴᠠᠭᠠᠢ ᠪᠠᠢᠳᠠᠯ ᠢ᠋ ᠨᠢ ᠬᠠᠷᠢᠯᠴᠠᠨ ᠣᠢᠯᠠᠭᠠᠵᠤ ᠵᠥᠪ ᠲᠠᠯ᠎ᠠ ᠶ᠋ᠢᠨ ᠬᠥᠮᠦᠵᠢᠯ ᠬᠢᠬᠦ ᠳ᠋ᠦ᠍ ᠨᠢ ᠲᠤᠰᠠᠯᠠᠬᠤ ᠬᠡᠷᠡᠭᠲᠡᠢ᠃ ᠤᠴᠢᠷ ᠨᠢ ᠬᠡᠦᠬᠡᠳ ᠢ᠋ ᠣᠢᠯᠠᠭᠠᠭᠰᠠᠨ ᠰᠠᠭᠤᠷᠢᠨ ᠳᠡᠭᠡᠷ᠎ᠡ ᠣᠨᠴᠠᠯᠢᠭ ᠲᠤ ᠨᠢ ᠲᠣᠬᠢᠷᠠᠭᠤᠯᠵᠤ ᠬᠥᠮᠦᠵᠢᠭᠦᠯᠬᠦ ᠨᠢ ᠠᠮᠵᠢᠯᠲᠠ ᠣᠯᠬᠤ ᠳ᠋ᠤ᠌ ᠨᠢ ᠰᠠᠭᠤᠷᠢ ᠪᠣᠯᠳᠠᠭ᠃ ᠪᠢᠳᠡ ᠡᠨᠡ ᠮᠡᠲᠦ ᠰᠤᠷᠭᠠᠭᠤᠯᠢ ᠪᠣᠯᠤᠨ ᠨᠡᠢᠭᠡᠮ ᠲᠡᠢ ᠨᠢᠭᠲᠠ ᠬᠠᠮᠵᠢᠯᠴᠠᠪᠠᠯ ᠯᠠᠪᠲᠠᠢ ᠰᠠᠢᠨ ᠰᠠᠢᠬᠠᠨ ᠭᠡᠷ ᠪᠦᠯᠢ ᠶ᠋ᠢᠨ ᠬᠥᠮᠦᠵᠢᠯ ᠢ᠋ ᠪᠣᠢ ᠪᠣᠯᠭᠠᠵᠤ ᠡᠷᠡᠭᠦᠯ ᠰᠠᠷᠠᠭᠤᠯ ᠰᠡᠳᠬᠢᠴᠡ ᠲᠡᠢ ᠰᠢᠨ᠎ᠡ ᠦᠶ᠎ᠡ ᠶ᠋ᠢᠨ ᠬᠢᠨ ᠢ᠋ ᠬᠥᠮᠦᠵᠢᠭᠦᠯᠵᠦ ᠴᠢᠳᠠᠬᠤ ᠶᠤᠮ᠃ ᠵᠠᠷᠢᠮ ᠭᠡᠷ ᠦ᠋ᠨ ᠠᠬᠠᠮᠠᠳ ᠬᠡᠦᠬᠡᠳ ᠦ᠋ᠨ ᠢ᠋ᠶ᠋ᠡᠨ ᠶᠠᠮᠠᠷ ᠬᠢᠴᠢᠶᠡᠯ ᠰᠤᠷᠴᠤ ᠪᠠᠢᠬᠤ᠂ ᠬᠢᠷᠢ ᠵᠡᠷᠭᠡ ᠰᠤᠷᠴᠤ ᠪᠠᠢᠬᠤ᠂ ᠬᠡᠨ ᠭᠡᠳᠡᠭ ᠪᠠᠭᠰᠢ ᠠᠯᠢ ᠬᠢᠴᠢᠶᠡᠯ ᠲᠥᠷᠥᠯ ᠢ᠋ ᠨᠢ ᠵᠢᠭᠠᠵᠤ ᠪᠠᠢᠬᠤ ᠶ᠋ᠢ ᠠᠰᠠᠭᠤᠳᠠᠭ ᠴᠤ᠌ ᠦᠭᠡᠢ᠂ ᠬᠡᠦᠬᠡᠳ ᠨᠢ ᠬᠡᠨ ᠲᠡᠢ ᠨᠥᠬᠥᠷᠯᠡᠵᠦ ᠶᠠᠭᠤ ᠬᠢᠵᠦ ᠪᠠᠢᠭ᠎ᠠ ᠶ᠋ᠢ ᠨᠢ ᠮᠡᠳᠡᠳᠡᠭ ᠴᠦ᠍ ᠦᠭᠡᠢ᠃ ᠬᠠᠶᠠ ᠨᠢᠭᠡ ᠬᠣᠲᠠ ᠣᠷᠣᠵᠤ ᠬᠡᠦᠬᠡᠳ ᠢ᠋ᠶ᠋ᠡᠨ ᠡᠷᠭᠢᠵᠦ ᠦᠵᠡᠬᠦ ᠳ᠋ᠦ᠍ ᠪᠡᠨ ᠰᠤᠷᠭᠠᠭᠤᠯᠢ ᠶ᠋ᠢᠨ ᠡᠭᠦᠳᠡᠨ ᠡᠴᠡ ᠲᠡᠷᠭᠡ ᠪᠡᠷ ᠲᠣᠰᠤᠭᠠᠳ ᠭᠤᠸᠠᠩᠵᠠᠨ ᠳ᠋ᠤ᠌ ᠪᠠᠭᠤᠬᠤ ᠶ᠋ᠢ ᠯᠡ ᠶᠠᠭᠠᠷᠠᠨ᠎ᠠ᠂ ᠡᠨᠡ ᠮᠡᠲᠦ ᠪᠠᠭᠰᠢ ᠲᠠᠢ ᠨᠢ ᠬᠠᠷᠢᠯᠴᠠᠬᠤ ᠦᠭᠡᠢ ᠣᠢᠯᠠᠭᠠᠯᠴᠠᠬᠤ ᠦᠭᠡᠢ ᠪᠠᠢᠳᠠᠭ ᠠ᠋ᠴᠠ ᠬᠡᠦᠬᠡᠳ ᠨᠢ ᠪᠠᠭᠰᠢ ᠭᠡᠷ ᠦ᠋ᠨ ᠠᠬᠠᠮᠠᠳ ᠤ᠋ᠨ ᠳᠤᠮᠳᠠ ᠬᠤᠳᠠᠯ ᠦᠨᠡᠨ ᠬᠡᠯᠡᠵᠦ ᠡᠯᠳᠡᠪ ᠦ᠋ᠨ ᠮᠠᠭᠤ ᠶ᠋ᠢ ᠰᠤᠷᠴᠤ ᠪᠠᠢᠳᠠᠭ᠃ ᠪᠠᠰᠠ ᠨᠢᠭᠡᠨ ᠰᠠᠨᠠᠭ᠎ᠠ ᠶ᠋ᠢ ᠨᠡᠮᠡᠵᠦ ᠬᠡᠯᠡᠬᠦ ᠡᠴᠡ ᠬᠡᠦᠬᠡᠳ ᠢ᠋ᠶ᠋ᠡᠨ ᠠᠯᠢ ᠣᠢᠷᠠᠬᠠᠨ ᠭᠠᠵᠠᠷ ᠰᠤᠷᠭᠠᠭᠤᠯᠢ ᠳ᠋ᠤ᠌ ᠥᠭᠴᠦ ᠪᠠᠢᠬᠤ ᠶ᠋ᠢ ᠰᠠᠨᠠᠭᠤᠯᠤᠶ᠎ᠠ᠃ ᠨᠥᠬᠥᠴᠡᠯ ᠰᠠᠢᠲᠠᠢ ᠭᠡᠳ ᠬᠣᠲᠠ ᠤᠷᠤᠭᠤ ᠬᠡᠳᠦ ᠰᠢᠬᠠᠯᠴᠠᠭᠤᠯᠤᠭᠠᠳ ᠪᠠᠢᠬᠤ ᠲᠡᠢᠮᠦ ᠰᠠᠢᠨ ᠪᠢᠰᠢ᠂ ᠭᠠᠴᠠᠭᠠᠨ ᠤ᠋ ᠴᠡᠴᠡᠷᠯᠢᠭ᠂ ᠰᠤᠮᠤᠨ ᠤ᠋ ᠰᠤᠷᠭᠠᠭᠤᠯᠢ ᠦᠯᠡᠳᠡᠵᠦ ᠪᠠᠢᠬᠤ ᠠᠢᠮᠠᠭ ᠬᠣᠰᠢᠭᠤᠳ ᠡᠨᠡᠬᠦ ᠳᠥᠭᠥᠮ ᠳᠠᠪᠠᠭᠤᠯᠢᠭ ᠨᠥᠬᠥᠴᠡᠯ ᠢ᠋ᠶ᠋ᠡᠨ ᠰᠠᠢᠬᠠᠨ ᠨᠠᠨᠳᠢᠩᠨᠠᠶ᠎ᠠ᠃ ᠬᠥᠳᠡᠭᠡ ᠭᠠᠵᠠᠷ ᠬᠡᠦᠬᠡᠳ ᠦ᠋ᠨ ᠪᠡᠶ᠎ᠡ ᠰᠡᠳᠬᠢᠴᠡ ᠶ᠋ᠢᠨ ᠡᠷᠡᠭᠦᠯ ᠢ᠋ᠶ᠋ᠡᠷ ᠦᠰᠦᠨ ᠪᠣᠢᠵᠢᠬᠤ ᠳ᠋ᠤ᠌ ᠠᠰᠢᠭᠲᠠᠢ ᠮᠥᠷᠲᠡᠭᠡᠨ ᠵᠠᠷᠤᠳᠠᠯ ᠳ᠋ᠤ᠌ ᠭᠠᠮᠲᠠᠢ᠂ ᠬᠡᠦᠬᠡᠳ ᠬᠡᠳᠦ ᠡᠷᠲᠡ ᠭᠡᠷ ᠡᠴᠡ ᠪᠡᠨ ᠬᠣᠯᠠᠳᠠᠵᠤ ᠥᠨᠥᠴᠢᠷᠡᠬᠦ ᠦᠭᠡᠢ᠂ ᠬᠡᠦᠬᠡᠳ ᠦ᠋ᠨ ᠡᠬᠡ ᠬᠡᠯᠡᠨ ᠦ᠌ ᠬᠥᠮᠦᠵᠢᠯ᠂ ᠠᠵᠢᠯᠴᠢ ᠪᠣᠷᠣᠭᠵᠢᠭᠤᠨ ᠵᠠᠩ ᠰᠤᠷᠲᠠᠯ ᠤ᠋ᠨ ᠬᠥᠮᠦᠵᠢᠯ ᠳ᠋ᠦ᠍ ᠰᠠᠢᠨ ᠭᠡᠳᠡᠭ ᠢ᠋ ᠦᠢᠯᠡᠳᠦᠯᠭᠡ ᠦᠵᠡᠭᠦᠯᠦᠭᠰᠡᠨ᠃
ᠦᠵᠦᠮᠦᠴᠢᠨ ᠵᠡᠭᠦᠨ ᠬᠤᠰᠢᠭᠤᠨ ᠤ᠋ ᠳᠤᠮᠳᠠᠳᠤ ᠰᠤᠷᠭᠠᠭᠤᠯᠢ ᠶ᠋ᠢᠨ ᠤᠤᠯ ᠤ᠋ᠨ ᠵᠠᠬᠢᠷᠤᠯ᠂ ᠬᠣᠰᠢᠭᠤ ᠵᠢᠭᠠᠬᠤ ᠶ᠋ᠢ ᠰᠤᠳᠤᠯᠬᠤ ᠭᠡᠷ ᠦ᠋ᠨ ᠡᠷᠬᠢᠯᠡᠭᠴᠢ ᠶᠠᠪᠤᠭᠰᠠᠨ ᠬᠡᠯᠡ ᠪᠢᠴᠢᠭ ᠦ᠋ᠨ ᠡᠷᠳᠡᠮᠲᠡᠨ ᠠ᠋· ᠬᠥᠬᠡ ᠪᠠᠭᠰᠢ ᠶᠡᠷᠡᠨ ᠣᠨ ᠤ᠋ ᠡᠬᠢ ᠪᠡᠷ ᠥᠬᠢᠨ ᠴᠡᠭᠡᠨ ᠢ᠋ᠶ᠋ᠡᠨ ᠬᠤᠰᠢᠭᠤᠨ ᠲᠥᠪ ᠲᠡᠬᠢ ᠰᠤᠷᠭᠠᠭᠤᠯᠢ ᠳ᠋ᠤ᠌ ᠰᠠᠭᠤᠯᠭᠠᠭᠰᠠᠨ ᠦᠭᠡᠢ᠂ ᠪᠠᠭ᠎ᠠ ᠰᠤᠷᠭᠠᠭᠤᠯᠢ ᠶ᠋ᠢᠨ ᠲᠠᠪᠤᠨ ᠵᠢᠯ ᠢ᠋ ᠳᠤᠮᠳᠠᠭᠣᠪᠢ ᠰᠤᠮᠤᠨ ᠤ᠋ ᠰᠤᠷᠭᠠᠭᠤᠯᠢ ᠳ᠋ᠤ᠌ ᠰᠠᠭᠤᠯᠭᠠᠭᠰᠠᠨ᠂ ᠥᠬᠢᠨ ᠴᠡᠪᠡᠷ ᠰᠠᠢᠬᠠᠨ ᠦᠵᠦᠮᠦᠴᠢᠨ ᠨᠤᠲᠤᠭ ᠤ᠋ᠨ ᠬᠡᠯᠡ ᠠᠶᠠᠯᠭᠤ ᠲᠠᠢ ᠪᠣᠯᠤᠭᠰᠠᠨ ᠢ᠋ᠶ᠋ᠠᠷ ᠪᠠᠷᠠᠬᠤ ᠦᠭᠡᠢ ᠬᠠᠷᠢᠶᠠᠯ ᠮᠡᠳᠡᠳᠡᠭ ᠦᠭᠡᠢ ᠭᠡᠵᠦ ᠠᠪᠤ ᠨᠢ ᠥᠬᠢᠨ ᠢ᠋ᠶ᠋ᠡᠷ ᠢ᠋ᠶ᠋ᠡᠨ ᠪᠠᠬᠠᠷᠬᠠᠵᠤ ᠪᠠᠢᠭᠰᠠᠨ᠃
ᠣᠳᠣ ᠴᠡᠭᠡᠨ ᠥᠬᠢᠨ ᠶᠡᠬᠡ ᠰᠤᠷᠭᠠᠭᠤᠯᠢ ᠲᠡᠭᠦᠰᠦᠭᠡᠳ ᠰᠥᠨᠢᠳ ᠪᠠᠷᠠᠭᠤᠨ ᠬᠤᠰᠢᠭᠤᠨ ᠤ᠋ ᠮᠣᠩᠭᠣᠯ ᠳᠤᠮᠳᠠᠳᠤ ᠰᠤᠷᠭᠠᠭᠤᠯᠢ ᠳ᠋ᠤ᠌ ᠪᠠᠭᠰᠢᠯᠠᠵᠤ ᠶᠠᠪᠤᠨ᠎ᠠ᠃ ᠬᠡᠰᠢᠭᠲᠡᠨ ᠦ᠌ ᠮᠣᠩᠭᠣᠯ ᠳᠤᠮᠳᠠᠳᠤ ᠰᠤᠷᠭᠠᠭᠤᠯᠢ ᠶ᠋ᠢᠨ ᠰᠤᠷᠤᠭᠴᠢᠳ ᠤ᠋ᠨ ᠳᠤᠮᠳᠠ ᠥᠪᠥᠷ ᠮᠣᠩᠭᠣᠯ ᠳ᠋ᠤ᠌ ᠴᠣᠷ ᠤ᠋ᠨ ᠭᠠᠭᠴᠠ ᠭᠠᠴᠠᠭᠠᠨ ᠤ᠋ ᠰᠤᠷᠭᠠᠭᠤᠯᠢ ᠪᠣᠯᠤᠨ ᠦᠯᠡᠳᠡᠵᠦ ᠪᠠᠢᠭ᠎ᠠ ᠲᠠᠷᠬᠠᠬᠠᠭᠤᠯᠠ ᠰᠤᠮᠤᠨ ᠤ᠋ ᠪᠠᠶᠠᠨᠮᠡᠨᠳᠦ ᠪᠠᠭ᠎ᠠ ᠰᠤᠷᠭᠠᠭᠤᠯᠢ ᠠ᠋ᠴᠠ ᠢᠷᠡᠭᠰᠡᠨ ᠰᠤᠷᠤᠭᠴᠢᠳ ᠤ᠋ᠨ ᠬᠡᠯᠡᠨ ᠦ᠌ ᠮᠡᠳᠡᠷᠡᠮᠵᠢ᠂ ᠮᠣᠷᠠᠯ ᠰᠤᠷᠲᠠᠯ ᠢᠯᠭᠠᠷᠠᠵᠤ ᠪᠠᠢᠳᠠᠭ ᠰᠢᠦ᠃ ᠲᠡᠨᠳᠡᠬᠢ ᠬᠡᠦᠬᠡᠳ ᠬᠢᠴᠢᠶᠡᠯ ᠪᠠᠭᠤᠪᠠᠯ ᠳᠡᠯᠭᠡᠭᠦᠷ ᠬᠤᠳᠠᠯᠳᠤᠭ᠎ᠠ᠂ ᠲᠣᠭᠯᠠᠭᠠᠮ ᠤ᠋ᠨ ᠭᠠᠵᠠᠷ᠂ ᠨᠸᠲ ᠰᠦᠯᠵᠢᠶ᠎ᠡ ᠡᠨᠡ ᠲᠡᠷᠡ ᠭᠡᠮᠡᠨ ᠰᠠᠨᠠᠭ᠎ᠠ ᠬᠤᠪᠢᠶᠠᠭᠳᠠᠬᠤ ᠶᠠᠭᠤᠮ᠎ᠠ ᠦᠭᠡᠢ᠂ ᠰᠤᠷᠭᠠᠭᠤᠯᠢ ᠲᠠᠷᠬᠠᠪᠠᠯ ᠭᠡᠷ ᠲᠦ ᠪᠡᠨ ᠬᠠᠷᠢᠴᠢᠬᠠᠨ᠎ᠠ᠂ ᠠᠵᠢᠯ ᠠᠮᠢᠳᠤᠷᠠᠯ ᠠᠮᠢᠳᠤ ᠬᠡᠯᠡᠨ ᠦ᠌ ᠪᠡᠨ ᠣᠷᠴᠢᠨ ᠳ᠋ᠤ᠌ ᠠᠪᠤ ᠡᠵᠢ ᠶ᠋ᠢᠨ ᠢ᠋ᠶ᠋ᠡᠨ ᠳᠡᠷᠭᠡᠳᠡ ᠪᠠᠢᠬᠤ ᠭᠡᠳᠡᠭ ᠬᠡᠦᠬᠡᠳ ᠦ᠋ᠨ ᠪᠠᠭ᠎ᠠ ᠨᠠᠰᠤᠨ ᠤ᠋ ᠬᠠᠮᠤᠭ ᠰᠠᠢᠬᠠᠨ ᠠᠵᠠ ᠵᠢᠷᠭᠠᠯ ᠰᠢᠦ᠃
ᠦᠰᠦᠭ ᠠᠮᠢᠯᠠᠭᠤᠯᠤᠭᠴᠢ᠄ ᠱᠠᠭᠰᠠᠯ᠂ ᠪᠠᠶᠠᠨᠰᠡᠷᠡᠩ
ᠬᠢᠨᠠᠭᠴᠢ᠄ ᠭᠠᠷᠮ᠎ᠠ᠂ ᠰᠡᠬᠡᠭᠡᠷᠡᠯ᠂ ᠵ᠂ ᠪᠤᠶᠠᠨᠲᠣᠭᠲᠠᠬᠤ
ᠶᠡᠷᠦᠩᠬᠡᠢ ᠬᠢᠨᠠᠭᠴᠢ᠄ ᠣᠳᠬᠠᠨᠰᠤ᠎ᠠ