ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠦ᠌ ᠳᠤᠮᠳᠠᠳᠤ ᠰᠤᠷᠭᠠᠭᠤᠯᠢТүнляо хотын монгол үндэстэний дундад сургуули
ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠦ᠌ ᠳᠤᠮᠳᠠᠳᠤ ᠰᠤᠷᠭᠠᠭᠤᠯᠢ

ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠦ᠌ ᠰᠤᠷᠭᠠᠭᠤᠯᠢ ᠪᠣᠯ1984 ᠣᠨ ᠳ᠋ᠤ᠌ ᠪᠠᠢᠭᠤᠯᠤᠭᠳᠠᠭᠰᠠᠨ ᠶᠤᠮ᠃ᠲᠡᠷᠡ ᠨᠢ ᠲᠦᠩᠯᠢᠶᠣᠤ ᠬᠣᠲᠠ ᠶ᠋ᠢᠨ ᠰᠤᠷᠭᠠᠨ ᠬᠥᠮᠦᠵᠢᠯ ᠦ᠋ᠨ ᠲᠣᠪᠴᠢᠶᠠᠨ ᠳ᠋ᠤ᠌ ᠰᠢᠭᠤᠳ ᠬᠠᠷᠢᠶᠠᠯᠠᠭᠳᠠᠵᠤ ᠪᠠᠢᠭ᠎ᠠ ᠴᠣᠷ ᠤ᠋ᠨ ᠭᠠᠭᠴᠨ ᠶᠢᠰᠦᠨ ᠵᠢᠯ ᠦ᠋ᠨ ᠳᠦᠷᠢᠮᠲᠦ ᠦᠨᠳᠦᠰᠦᠲᠡᠨ ᠦ᠌ ᠰᠤᠷᠭᠠᠭᠤᠯᠢ ᠮᠥᠨ᠃2012 ᠣᠨ ᠤ᠋9 ᠰᠠᠷ᠎ᠠ ᠳ᠋ᠤ᠌ ᠰᠢᠨ᠎ᠡ ᠬᠣᠲᠠ ᠶ᠋ᠢᠨ ᠲᠣᠭᠣᠷᠢᠭ ᠲᠤ᠌ ᠰᠢᠯᠵᠢᠨ ᠪᠠᠢᠷᠢᠯᠠᠵᠤ᠂ ᠨᠥᠬᠥᠴᠡᠯ ᠪᠠᠢᠷᠢᠰᠢᠯ ᠳᠠᠪᠠᠭᠤᠯᠢᠭ᠂ ᠥᠩᠭᠡ ᠦᠵᠡᠮᠵᠢ ᠡᠲᠡᠭᠡᠳ ᠭᠣᠶᠣ ᠮᠣᠩᠭᠣᠯ ᠰᠤᠷᠭᠠᠭᠤᠯᠢ ᠪᠢᠯᠡ᠃
ᠲᠦᠩᠯᠢᠶᠣᠤ ᠬᠣᠲᠠ ᠶ᠋ᠢᠨ ᠮᠣᠩᠭᠣᠯ ᠦᠨᠳᠦᠰᠳᠠᠨ ᠤ᠋ ᠰᠤᠷᠭᠠᠭᠤᠯᠢ᠂ᠳᠡᠭᠡᠳᠦ ᠱᠠᠲᠤᠨ ᠤ᠋ ᠬᠠᠷᠠᠭᠠᠯᠵᠠᠯ ᠳᠡᠮᠵᠢᠯᠭᠡ ᠪᠠ ᠪᠠᠭᠰᠢ ᠰᠤᠷᠤᠭᠴᠢ ᠶ᠋ᠢᠨ ᠬᠠᠲᠠᠭᠤᠵᠢᠯᠲᠠᠢ ᠴᠢᠷᠮᠠᠢᠯᠠᠭᠠ ᠳᠣᠣᠷ᠎ᠠ ᠵᠢᠯ ᠡᠴᠡ ᠪᠡᠨ ᠵᠢᠯ ᠥᠷᠭᠡᠵᠢᠨ ᠬᠥᠭᠵᠢᠭᠰᠡᠭᠡᠷ ᠣᠳᠣᠬᠠᠨ ᠳ᠋ᠤ᠌ ᠣᠳᠣᠬᠢᠴᠢᠯᠠᠭᠰᠠᠨ᠂ ᠪᠠᠷᠢᠮᠵᠢᠶᠠᠯᠠᠭᠰᠠᠨ᠂ ᠦᠨᠳᠦᠰᠦᠲᠡᠨ ᠦ᠌ ᠣᠨᠴᠠᠯᠢᠭ ᠪᠦᠬᠦᠢ ᠰᠠᠭᠤᠷᠢ ᠰᠤᠷᠭᠠᠨ ᠬᠥᠮᠦᠵᠢᠯ ᠦ᠋ᠨ ᠳᠠᠭᠤᠷᠢᠶᠠᠯᠳᠤ ᠰᠤᠷᠭᠠᠭᠤᠯᠢ ᠪᠣᠯᠤᠨ ᠠᠯᠳᠠᠷᠰᠢᠵᠤ ᠪᠠᠢᠨ᠎ᠠ᠃ ᠰᠤᠷᠭᠠᠭᠤᠯᠢ ᠶ᠋ᠢᠨ ᠶᠡᠷᠦᠩᠬᠡᠢ ᠲᠠᠯᠠᠪᠠᠢ 8 ᠲᠦᠮᠡᠨ ᠺᠦᠸᠠᠲ ᠮᠧᠲ᠋ᠷ ᠪᠠᠢᠵᠤ᠂ ᠪᠠᠷᠢᠯᠭ᠎ᠠ ᠶ᠋ᠢᠨ ᠲᠠᠯᠠᠪᠠᠢ 4.3 ᠲᠦᠮᠡ ᠺᠦᠸᠠᠲ ᠮᠧᠲ᠋ᠷ ᠪᠠᠢᠳᠠᠭ᠃46ᠠᠩᠭᠢ ᠲᠠᠢ᠂240ᠨᠡᠷᠡᠰ ᠪᠠᠭᠰᠢ ᠠᠵᠢᠯᠲᠠᠨ᠂2400 ᠰᠤᠷᠤᠭᠴᠢ ᠲᠠᠢ ᠦᠨᠳᠦᠰᠦᠲᠡᠨ ᠦ᠌ ᠵᠢᠭᠠᠨ ᠰᠤᠷᠭᠠᠯᠲᠠ ᠪᠣᠯᠤᠨ ᠰᠤᠳᠤᠯᠭᠠᠨ ᠢ᠋ᠶ᠋ᠠᠷ ᠭᠣᠣᠯ ᠴᠣᠭᠴᠠ ᠪᠣᠯᠭᠠᠭᠰᠠᠨ ᠦᠨᠳᠦᠰᠳᠡᠨ ᠦ᠌ ᠰᠠᠭᠤᠷᠢ ᠰᠤᠷᠭᠠᠨ ᠬᠥᠮᠦᠵᠢᠯ ᠦ᠋ᠨ ᠴᠤᠩᠬᠤᠪᠴᠢ ᠰᠤᠷᠭᠠᠭᠤᠯᠢ ᠮᠥᠨ᠃ ᠡᠭᠦᠨ ᠳ᠋ᠦ᠍ ᠳᠤᠮᠳᠠᠳᠤ ᠰᠤᠷᠭᠠᠭᠤᠯᠢ ᠶ᠋ᠢᠨ ᠥᠨᠳᠥᠷ ᠳᠡᠰ ᠦ᠋ᠨ ᠪᠠᠭᠰᠢ 56 ᠨᠡᠷᠡᠰ᠂ ᠨᠢᠭᠡᠳᠦᠭᠡᠷ ᠳᠡᠰ ᠦ᠋ᠨ ᠪᠠᠭᠰᠢ 61 ᠨᠡᠷᠡᠰ᠂ ᠤᠯᠤᠰ ᠤ᠋ᠨ ᠳᠡᠰ ᠦ᠋ᠨ ᠵᠢᠭᠠᠨ ᠰᠤᠷᠭᠠᠬᠤ ᠴᠢᠳᠠᠪᠤᠷᠢᠲᠠᠨ2 ᠨᠡᠷᠡᠰ᠂ ᠣᠷᠣᠨ ᠤ᠋ ᠳᠡᠰ ᠦ᠋ᠨ ᠬᠢᠴᠢᠶᠡᠯ ᠲᠥᠷᠥᠯ ᠦ᠋ᠨ ᠳᠠᠭᠠᠭᠤᠯᠤᠭᠴᠢ5 ᠨᠡᠷᠡᠰ᠂ ᠣᠷᠣᠨ ᠤ᠋ ᠳᠡᠰ ᠦ᠋ᠨ ᠵᠢᠭᠠᠨ ᠰᠤᠷᠭᠠᠬᠤ ᠴᠢᠳᠠᠪᠤᠷᠢᠲᠠᠨ12 ᠨᠡᠷᠡᠰ᠂ ᠬᠣᠲᠠ ᠶ᠋ᠢᠨ ᠳᠡᠰ ᠦ᠋ᠨ ᠵᠢᠭᠠᠨ ᠰᠤᠷᠭᠠᠬᠤ ᠴᠢᠳᠠᠪᠤᠷᠢᠲᠠᠨ14 ᠨᠡᠷᠡᠰ ᠪᠠᠢᠵᠤ᠂ ᠪᠠᠭᠰᠢ ᠨᠠᠷ ᠤ᠋ᠨ ᠰᠤᠷᠤᠯᠴᠠᠯᠭ᠎ᠠ ᠶ᠋ᠢᠨ ᠲᠦᠪᠰᠢᠨ100% ᠪᠠᠷ ᠬᠢᠷᠢ ᠲᠡᠩᠴᠡᠵᠦ ᠪᠠᠢᠨ᠎ᠠ᠃ ᠣᠯᠠᠨ ᠵᠢᠯ ᠦ᠋ᠨ ᠲᠤᠷᠰᠢᠲᠠ ᠮᠠᠨ ᠤ᠋ ᠰᠤᠷᠭᠠᠭᠤᠯᠢ ᠰᠤᠷᠭᠠᠨ ᠬᠥᠮᠦᠵᠢᠯ 《 ᠭᠤᠷᠪᠠ ᠳ᠋ᠤ᠌ ᠬᠠᠨᠳᠤᠬᠤ》 ᠪᠠᠷ ᠵᠦᠭᠯᠡᠭᠦᠷ ᠪᠣᠯᠭᠠᠵᠤ᠂ ᠮᠣᠷᠠᠯ ᠤ᠋ᠨ ᠬᠥᠮᠦᠵᠢᠯ ᠢ᠋ ᠲᠡᠷᠢᠭᠦᠨ ᠳ᠋ᠦ᠍ ᠲᠠᠯᠪᠢᠵᠤ᠂ ᠵᠢᠭᠠᠨ ᠰᠤᠷᠭᠠᠯᠲᠠ ᠪᠠᠷ ᠭᠣᠣᠯᠯᠠᠵᠤ᠂ ᠴᠢᠨᠠᠷ ᠰᠠᠢᠲᠠᠢ ᠦᠨᠳᠦᠰᠦᠲᠡᠨ ᠦ᠌ ᠣᠨᠴᠠᠯᠢᠭ ᠪᠦᠬᠦᠢ ᠴᠢᠳᠠᠪᠤᠷᠢᠲᠠᠨ ᠤ᠋ ᠥᠯᠥᠭᠡᠢ ᠪᠣᠯᠭᠠᠬᠤ ᠪᠠᠷ ᠰᠤᠷᠭᠠᠭᠤᠯᠢ ᠡᠷᠬᠢᠯᠡᠬᠦ ᠬᠠᠷᠠᠯᠲᠠ ᠪᠠᠨ ᠪᠣᠯᠭᠠᠵᠤ᠂ ᠠᠭᠠᠵᠢᠮ ᠢ᠋ᠶ᠋ᠠᠷ《 ᠮᠣᠩᠭᠣᠯ ᠬᠢᠲᠠᠳ ᠨᠡᠪᠳᠡᠷᠡᠬᠡᠢ᠂ ᠭᠤᠷᠪᠠᠨ ᠬᠡᠯᠡ ᠲᠡᠭᠰᠢ᠂ ᠬᠡᠪ ᠪᠣᠯᠪᠠᠰᠤᠷᠠᠯ ᠥᠨᠳᠥᠷ᠂ ᠡᠶ᠎ᠡ ᠵᠣᠬᠢᠴᠠᠯᠲᠠᠢ ᠬᠥᠭᠵᠢᠭᠰᠡᠨ》 ᠣᠨᠴᠠᠯᠢᠭ ᠪᠣᠯᠤᠨ ᠪᠦᠷᠢᠯᠳᠦᠭᠰᠡᠨ ᠪᠠᠢᠨ᠎ᠠ᠃ ᠡᠢᠨᠬᠦ ᠪᠠᠭᠰᠢ ᠶ᠋ᠢᠨ ᠡᠩᠨᠡᠭᠡ ᠬᠦᠴᠦᠷᠬᠡᠭ᠂ ᠵᠢᠭᠠᠨ ᠰᠤᠷᠭᠠᠬᠤ ᠦᠷ᠎ᠡ ᠪᠦᠲᠦᠮᠵᠢ ᠥᠨᠳᠥᠷ ᠢ᠋ᠶ᠋ᠡᠷ ᠢ᠋ᠶ᠋ᠡᠨ ᠣᠷᠣᠨ ᠤ᠋ ᠳᠣᠲᠣᠨ᠎ᠠ ᠭᠠᠳᠠᠨ᠎ᠠ ᠠᠯᠳᠠᠷᠰᠢᠭᠰᠠᠨ ᠪᠠᠢᠨ᠎ᠠ᠃ ᠡᠳᠦᠭᠡ ᠣᠷᠣᠨ ᠪᠠ ᠬᠣᠲᠠ ᠶ᠋ᠢᠨ ᠳᠡᠰ ᠦ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠵᠢᠱ᠌ᠢᠶᠡᠴᠢ ᠰᠤᠷᠭᠠᠭᠤᠯᠢ ᠪᠣᠯᠵᠤ᠂ ᠤᠷᠢᠳ ᠬᠣᠵᠢᠳ 《 ᠪᠦᠬᠦ ᠤᠯᠤᠰ ᠤ᠋ᠨ ᠬᠣᠰᠢᠭᠤᠴᠢ ᠠᠩᠭᠢ ᠶ᠋ᠢᠨ ᠰᠢᠯᠢᠳᠡᠭ ᠬᠠᠮᠲᠤ ᠨᠡᠢᠲᠡ》᠂《ᠣᠷᠣᠨ ᠤ᠋ ᠳᠡᠰ ᠦ᠋ᠨ ᠵᠢᠭᠠᠨ ᠰᠤᠷᠭᠠᠬᠤ ᠰᠤᠳᠤᠯᠭᠠᠨ ᠤ᠋ ᠵᠢᠱ᠌ᠢᠶᠡᠴᠢ ᠰᠤᠷᠭᠠᠭᠤᠯᠢ》᠂ᠲᠦᠩᠯᠢᠶᠣᠤ ᠬᠣᠲᠠ ᠶ᠋ᠢᠨ《 ᠪᠣᠯᠪᠠᠰᠤᠨ ᠨᠢᠭᠡᠴᠢ》᠂《ᠦᠨᠳᠦᠰᠦᠲᠡᠨ ᠦ᠌ ᠪᠦᠯᠬᠦᠮᠳᠡᠯ ᠦ᠋ᠨ ᠲᠡᠷᠢᠭᠦᠨ ᠦ᠌ ᠬᠠᠮᠲᠤ ᠨᠡᠢᠲᠡ》᠂《ᠪᠠᠭᠰᠢ ᠶ᠋ᠢᠨ ᠮᠣᠷᠠᠯ ᠰᠤᠷᠲᠠᠯ ᠤ᠋ᠨ ᠲᠡᠷᠢᠭᠦᠨ ᠦ᠌ ᠬᠠᠮᠲᠤ ᠨᠡᠢᠲᠡ》 ᠵᠡᠷᠭᠡ ᠢᠷᠠᠭᠤ ᠠᠯᠳᠠᠷ ᠣᠯᠵᠠᠢ᠃
ᠥᠨᠥᠳᠥᠷ ᠦ᠋ᠨ ᠮᠣᠩᠭᠣᠯ ᠰᠤᠷᠭᠠᠭᠤᠯᠢ ᠪᠣᠯ ᠨᠢᠭᠡᠨ ᠪᠣᠯᠪᠠᠰᠤᠨ ᠨᠠᠢᠷᠠᠮᠳᠠᠭᠤ᠂ᠦᠨᠡᠨ ᠢ᠋ ᠡᠷᠬᠢᠮᠯᠡᠭᠰᠡᠨ᠂ ᠰᠢᠨᠵᠢᠯᠡᠬᠦ ᠤᠬᠠᠭᠠᠨᠴᠢ ᠪᠠᠷ ᠬᠥᠭᠵᠢᠵᠦ ᠪᠠᠢᠭ᠎ᠠ ᠰᠤᠷᠭᠠᠭᠤᠯᠢ ᠪᠣᠯᠤᠨ᠎ᠠ᠃ ᠡᠨᠳᠡ ᠴᠡᠪᠡᠷ ᠪᠣᠷᠣᠭᠵᠢᠭᠤᠨ ᠦᠨᠳᠦᠰᠦᠲᠡᠨ ᠦ᠌ ᠵᠠᠩ ᠠᠭᠠᠯᠢ᠂ ᠭᠣᠢᠳᠠ ᠦᠵᠡᠰᠬᠦᠯᠡᠩᠲᠦ ᠣᠷᠴᠢᠨ ᠲᠣᠭᠣᠷᠢᠨ᠂ ᠣᠳᠣᠬᠢᠴᠢᠯᠠᠭᠰᠠᠨ ᠵᠢᠭᠠᠨ ᠰᠤᠷᠭᠠᠬᠤ ᠲᠥᠬᠥᠭᠡᠷᠦᠮᠵᠢ ᠪᠠᠢᠬᠤ ᠪᠠᠷ ᠦᠯᠦ ᠪᠠᠷᠠᠨ᠂ ᠠᠵᠢᠯᠴᠢ ᠪᠣᠷᠣᠭᠵᠢᠭᠤᠨ᠂ ᠴᠢᠩᠭ᠎ᠠ ᠨᠢᠮᠪᠠᠢ ᠰᠤᠳᠤᠯᠵᠤ᠂ ᠲᠠᠰᠤᠷᠠᠯᠲᠠ ᠦᠭᠡᠢ ᠥᠭᠡᠳᠡᠯᠡᠭᠡ ᠮᠣᠩᠭᠣᠯ ᠰᠤᠷᠭᠠᠭᠤᠯᠢ ᠶ᠋ᠢᠨ ᠵᠣᠷᠢᠭ ᠰᠠᠨᠠᠭ᠎ᠠ ᠨᠡᠩ ᠲᠣᠳᠣᠷᠠᠭᠤᠨ᠃
ᠬᠣᠢᠰᠢᠳᠠ ᠪᠢᠳᠡ ᠡᠶ᠎ᠡ ᠨᠠᠢᠷᠠᠮᠳᠠᠭᠤ ᠨᠡᠢᠭᠡᠮ ᠢ᠋ ᠴᠣᠭᠴᠠᠯᠠᠨ ᠪᠠᠢᠭᠤᠯᠬᠤ ᠴᠠᠭ ᠲᠣᠬᠢᠶᠠᠯ ᠢ᠋ ᠡᠵᠡᠮᠳᠡᠵᠦ᠂ ᠡᠷᠡᠨ ᠦ᠌ ᠠᠮᠢᠰᠬᠤᠭ᠎ᠠ ᠳ᠋ᠤ᠌ ᠠᠮᠵᠢᠨ᠂ ᠦᠷᠭᠦᠯᠵᠢᠯᠡᠨ ᠰᠢᠮᠳᠠᠵᠤ᠂ ᠰᠢᠭᠤᠷᠬᠠᠢ ᠭᠠᠷᠮᠠᠭᠠᠢᠯᠠᠨ᠂ ᠰᠢᠨᠡᠴᠢᠯᠡᠨ ᠡᠭᠦᠳᠴᠦ ᠮᠠᠨ ᠤ᠋ ᠰᠤᠷᠭᠠᠭᠤᠯᠢ ᠪᠠᠨ ᠦᠨᠳᠦᠰᠦᠲᠡᠨ ᠦ᠌ ᠣᠨᠴᠠᠯᠢᠭ ᠲᠠᠢ᠂ ᠣᠳᠣᠬᠢᠴᠢᠯᠠᠭᠰᠠᠨ᠂ ᠪᠠᠷᠢᠮᠵᠢᠶᠠᠯᠠᠭᠰᠠᠨ ᠰᠠᠭᠤᠷᠢ ᠰᠤᠷᠭᠠᠨ ᠬᠥᠮᠦᠵᠢᠯ ᠦ᠋ᠨ ᠵᠢᠱ᠌ᠢᠶᠡᠴᠢ ᠰᠤᠷᠭᠠᠭᠤᠯᠢ ᠪᠣᠯᠭᠠᠨ ᠪᠠᠢᠭᠤᠯᠬᠤ ᠪᠠᠷ ᠢᠲᠡᠭᠡᠯ ᠲᠡᠭᠦᠯᠳᠡᠷ ᠪᠠᠢᠨ᠎ᠠ᠃
