ᠤᠯᠠᠭᠠᠢ ᠰᠤᠮᠤᠨ ᠤ᠋ ᠰᠤᠷᠭᠠᠭᠤᠯᠢУлгай сумны сургуули ᠪᠣᠰᠣᠳ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠯᠠᠭᠠᠢ ᠰᠤᠮᠤᠨ ᠤ᠋ ᠰᠤᠷᠭᠠᠭᠤᠯᠢУлгай сумны сургуули

ᠤᠯᠠᠭᠠᠢ ᠰᠤᠮᠤᠨ ᠤ᠋ ᠰᠤᠷᠭᠠᠭᠤᠯᠢУлгай сумны сургуули

ᠠᠩᠭᠢᠯᠠᠯ:ᠪᠣᠰᠣᠳ
2024-01-17

907

ᠤᠯᠠᠭᠠᠢ ᠰᠤᠮᠤᠨ ᠤ᠋ ᠰᠤᠷᠭᠠᠭᠤᠯᠢ

    ᠤᠯᠠᠭᠠᠢ ᠰᠤᠮᠤᠨ ᠤ᠋ ᠪᠠᠭ᠎ᠠ ᠰᠤᠷᠭᠠᠭᠤᠯᠢ ᠨᠢ 1958 ᠣᠨ ᠳ᠋ᠤ᠌ ᠪᠠᠢᠭᠤᠯᠤᠭᠳᠠᠵᠤ ᠂ ᠬᠡᠳᠦᠨ ᠮᠣᠩᠭᠣᠯ ᠭᠡᠷ᠂ ᠲᠠᠪᠢ ᠭᠠᠷᠤᠢ ᠰᠤᠷᠤᠭᠴᠢ ᠲᠠᠢ ᠪᠠᠢᠭᠰᠠᠨ ᠠ᠋ᠴᠠ 1963 ᠣᠨ ᠪᠣᠯᠬᠤ ᠳ᠋ᠤ᠌ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ ᠪᠠ ᠰᠦᠮ᠎ᠡ ᠬᠡᠢᠳ ᠦ᠋ᠨ ᠳᠡᠮᠵᠢᠯᠭᠡ ᠪᠡᠷ ᠰᠤᠷᠭᠠᠭᠤᠯᠢ ᠶ᠋ᠢᠨ ᠣᠷᠣᠨ ᠰᠠᠭᠤᠴᠠ ᠶ᠋ᠢᠨ ᠠᠰᠠᠭᠤᠳᠠᠯ ᠢ᠋ᠶ᠋ᠠᠨ ᠦᠨᠳᠦᠰᠦᠨ ᠳ᠋ᠡᠭᠡᠨ ᠰᠢᠢᠳᠪᠦᠷᠢᠯᠡᠵᠦ᠂ ᠬᠣᠶᠠᠷ ᠵᠠᠭᠤ ᠭᠠᠷᠤᠢ ᠰᠤᠷᠤᠭᠴᠢ ᠲᠠᠢ ᠪᠣᠯᠵᠠᠢ᠃ 1976 ᠣᠨ ᠠ᠋ᠴᠠ ᠡᠬᠢᠯᠡᠨ ᠠᠮᠢᠯᠠᠯ ᠤ᠋ᠨ ᠴᠠᠭ ᠦᠶ᠎ᠡ ᠳ᠋ᠦ᠍ ᠣᠷᠣᠨ᠂1982 ᠣᠨ ᠳ᠋ᠤ᠌ ᠪᠠᠶᠠᠩᠭᠤᠤᠯ᠂ ᠪᠠᠶᠠᠨᠪᠤᠯᠠᠭ᠂ ᠬᠠᠳᠠᠲᠤ ᠵᠡᠷᠭᠡ ᠭᠤᠷᠪᠠᠨ ᠭᠠᠴᠠᠭᠠᠨ ᠤ᠋ ᠰᠤᠷᠭᠠᠭᠤᠯᠢ ᠨᠤᠭᠤᠳ ᠢ᠋ ᠰᠤᠮᠤᠨ ᠤ᠋ ᠰᠤᠷᠭᠠᠭᠤᠯᠢ ᠳ᠋ᠤ᠌ ᠰᠢᠯᠵᠢᠭᠦᠯᠦᠨ ᠨᠡᠢᠯᠡᠭᠦᠯᠵᠦ᠂ 1988ᠣᠨ ᠠ᠋ᠴᠠ ᠡᠬᠢᠯᠡᠨ ᠵᠢᠭᠠᠨ ᠰᠤᠷᠭᠠᠯᠲᠠ ᠳ᠋ᠤ᠌ ᠱᠠᠲᠤᠴᠢ ᠴᠢᠨᠠᠷ ᠲᠠᠢ ᠡᠷᠭᠢᠯᠲᠡ ᠭᠠᠷᠴᠤ ᠂1990 ᠣᠨ ᠳ᠋ᠤ᠌ ᠵᠢᠭᠠᠨ ᠰᠤᠷᠭᠠᠯᠲᠠ ᠶ᠋ᠢᠨ ᠠᠵᠢᠯ ᠨᠢ ᠳᠣᠪᠣᠢᠮ᠎ᠠ ᠠᠮᠵᠢᠯᠲᠠ ᠳ᠋ᠤ᠌ ᠬᠦᠷᠪᠡ᠃
    1994 ᠣᠨ ᠳ᠋ᠤ᠌《ᠠᠢᠮᠠᠭ ᠤ᠋ᠨ ᠳᠡᠰ》ᠬᠣᠶᠠᠷ ᠦᠨᠳᠦᠰᠦᠨ ᠢ᠋ ᠪᠡᠶᠡᠯᠡᠭᠦᠯᠵᠦ᠂ ᠰᠤᠮᠤ᠂ ᠬᠣᠰᠢᠭᠤ ᠬᠣᠶᠠᠷ ᠱᠠᠲᠤᠨ ᠤ᠋《ᠪᠣᠯᠪᠠᠰᠤᠨ ᠰᠤᠷᠭᠠᠭᠤᠯᠢ》 ᠪᠣᠯᠵᠠᠢ᠃
    1998 -2004 ᠣᠨ ᠪᠣᠯᠲᠠᠯ᠎ᠠ ᠪᠠᠭᠰᠢ ᠶ᠋ᠢᠨ ᠡᠩᠨᠡᠭᠡ ᠪᠤᠵᠠᠭᠠᠢᠷᠠᠨ ᠰᠠᠢᠵᠢᠷᠠᠬᠤ ᠶ᠋ᠢ ᠳᠠᠭᠠᠯᠳᠤᠨ᠂ ᠲᠤᠰ ᠰᠤᠷᠭᠠᠭᠤᠯᠢ ᠶ᠋ᠢᠨ ᠵᠢᠭᠠᠨ ᠰᠤᠷᠭᠠᠯᠲᠠ ᠶ᠋ᠢᠨ ᠶᠠᠰᠤ ᠴᠢᠨᠠᠷ ᠮᠡᠳᠡᠭᠳᠡᠬᠦᠢᠴᠡ ᠳᠡᠭᠡᠭᠰᠢᠯᠡᠵᠦ ᠂《ᠲᠡᠷᠢᠭᠦᠨ ᠦ᠌ ᠨᠢᠭᠡᠴᠢ》 ᠶ᠋ᠢᠨ ᠡᠷᠬᠢᠮ ᠠᠯᠳᠠᠷ ᠢ᠋ ᠬᠦᠷᠲᠡᠭᠰᠡᠨ ᠪᠠᠢᠨ᠎ᠠ᠃
2005 ᠣᠨ ᠳ᠋ᠤ᠌ ᠤᠯᠢᠶᠠᠰᠤᠲᠠᠢ ᠮᠣᠩᠭᠣᠯ ᠰᠤᠷᠭᠠᠭᠤᠯᠢ ᠳ᠋ᠤ᠌ ᠴᠤᠮᠠᠳᠬᠠᠨ ᠨᠡᠢᠯᠡᠭᠦᠯᠪᠡ᠃
ᠤᠯᠠᠭᠠᠢ ᠰᠤᠮᠤᠨ ᠤ᠋ ᠰᠤᠷᠭᠠᠭᠤᠯᠢ ᠳ᠋ᠤ᠌ ᠵᠠᠬᠢᠷᠤᠯ ᠪᠠᠢᠭᠰᠠᠨ ᠬᠥᠮᠦᠰ᠄
ᠭᠤᠩᠴᠤᠭ᠂ ᠰᠠᠩᠵᠠᠢ᠂ ᠬᠠᠰᠪᠠᠶᠠᠷ᠂ ᠬᠠᠨ ᠪᠤᠤ ᠢᠦᠢ᠂ ᠰᠤᠨᠤᠮ᠂ ᠴᠢ ᠹᠧᠩ ᠲᠢᠶᠠᠨ᠂ ᠬᠥᠬᠡ᠃