ᠬᠡᠦᠬᠡᠯᠳᠡᠢ ᠺᠢᠨᠣ᠋ 《ᠪᠢᠯᠢᠭ ᠦ᠋ᠨ ᠣᠴᠢ》 ᠠᠩᠬᠠᠳᠠᠭᠴᠢ ᠤᠳᠠᠭᠠᠨ ᠤ᠋ ᠱᠠᠩᠨᠠᠯᠲᠤ ᠤᠷᠤᠯᠳᠤᠭᠠᠨ ᠤ ᠮᠡᠳᠡᠭᠡᠯᠡᠯ
ᠬᠡᠦᠬᠡᠯᠳᠡᠢ ᠺᠢᠨᠣ᠋ 《ᠪᠢᠯᠢᠭ ᠦ᠋ᠨ ᠣᠴᠢ》 ᠠᠩᠬᠠᠳᠠᠭᠴᠢ ᠤᠳᠠᠭᠠᠨ ᠤ᠋ ᠱᠠᠩᠨᠠᠯᠲᠤ ᠤᠷᠤᠯᠳᠤᠭᠠᠨ ᠤ ᠮᠡᠳᠡᠭᠡᠯᠡᠯ
《ᠬᠡᠢᠮᠣᠷᠢ》ᠰᠦᠯᠵᠢᠶ᠎ᠡ ᠪᠡᠨ ᠲᠠᠭᠠᠰᠢᠶᠠᠨ ᠰᠣᠨᠢᠷᠬᠠᠳᠠᠭ ᠡᠷᠬᠢᠮ ᠬᠦᠨᠳᠦᠲᠦ ᠰᠦᠯᠵᠢᠶᠡᠴᠢᠳ ᠮᠢᠨᠢ ᠲᠠᠪᠠᠲᠠᠢ ᠰᠠᠢᠬᠠᠨ ᠡᠪᠦᠯᠵᠢᠵᠦ ᠪᠠᠢᠨ᠎ᠠ ᠤᠤ ?
2023 ᠣᠨ ᠤ᠋1 ᠰᠠᠷ᠎ᠠ ᠶ᠋ᠢᠨ30 ᠡᠳᠦᠷ ᠪᠣᠯ《ᠬᠡᠢᠮᠣᠷᠢ》ᠰᠦᠯᠵᠢᠶ᠎ᠡ ᠪᠠᠢᠭᠤᠯᠤᠭᠳᠠᠭᠰᠠᠨ ᠬᠣᠶᠠᠷ ᠵᠢᠯ ᠦ᠋ᠨ ᠣᠢ ᠶ᠋ᠢᠨ ᠪᠠᠶᠠᠷ᠂ ᠡᠨᠡᠬᠦ ᠰᠢᠨ᠎ᠡ ᠣᠨ ᠤ᠋ ᠪᠣᠱᠣᠭᠠᠨ ᠳᠡᠭᠡᠷ᠎ᠡ《ᠬᠡᠦᠬᠡᠯᠳᠡᠢ ᠺᠢᠨᠣ᠋》ᠬᠣᠯᠪᠣᠭ᠎ᠠ ᠠ᠋ᠴᠠ ᠡᠷᠬᠢᠯᠡᠨ ᠶᠠᠪᠤᠭᠳᠠᠭᠤᠯᠤᠭᠰᠠᠨ ᠬᠡᠦᠬᠡᠯᠳᠡᠢ ᠺᠢᠨᠣ᠋《ᠪᠢᠯᠢᠭ ᠦ᠋ᠨ ᠣᠴᠢ》ᠠᠩᠬᠠᠳᠠᠭᠴᠢ ᠤᠳᠠᠭᠠᠨ ᠤ᠋ ᠱᠠᠩᠨᠠᠯᠲᠤ ᠤᠷᠤᠯᠳᠤᠭᠠᠨ1ᠰᠠᠷ᠎ᠠ ᠶ᠋ᠢᠨ28 ᠤ᠋ ᠡᠳᠦᠷ ᠦ᠋ᠨ ᠣᠷᠣᠢ ᠶ᠋ᠢᠨ ᠨᠠᠢ᠍ᠮᠠᠨ ᠴᠠᠭ ᠲᠤ᠌ ᠠᠮᠵᠢᠯᠲᠠ ᠲᠠᠢ ᠥᠨᠳᠥᠷᠯᠡᠭᠰᠡᠨ ᠪᠠᠢᠨ᠎ᠠ᠃
ᠲᠤᠰ ᠤᠳᠠᠭᠠᠨ ᠤ᠋ ᠠᠵᠢᠯᠯᠠᠭ᠎ᠠ ᠶ᠋ᠢ ᠤᠷᠮᠠᠰᠢᠭᠤᠯᠵᠤ᠂ ᠢᠪᠡᠭᠡᠨ ᠲᠡᠳᠬᠦᠭᠰᠡᠨ 《The north Land》ᠢᠮᠠᠭᠠᠨ ᠨᠣᠯᠤᠤᠷ ᠺᠣᠮᠫᠠᠨᠢ ᠳ᠋ᠤ᠌ ᠴᠢᠩ ᠰᠡᠳᠬᠢᠯ ᠦ᠋ᠨ ᠲᠠᠯᠠᠷᠬᠠᠯ ᠢ᠋ᠶ᠋ᠠᠨ ᠳᠡᠪᠰᠢᠭᠦᠯᠵᠦ ᠮᠥᠨ ᠴᠦ᠍ ᠤᠷᠤᠯᠳᠤᠭᠠᠨ ᠳ᠋ᠤ᠌ ᠣᠷᠣᠯᠴᠠᠭᠰᠠᠨ ᠬᠡᠦᠬᠡᠳ ᠦ᠋ᠳ ᠵᠢᠴᠢ ᠪᠦᠬᠦ ᠭᠡᠷ ᠤ᠋ᠨ ᠠᠬᠠᠮᠠᠳ ᠤ᠋ᠨ ᠡᠮᠦᠨ᠎ᠡ ᠡᠴᠡ ᠬᠦᠨᠳᠦᠳᠬᠡᠯ ᠳᠡᠪᠰᠢᠭᠦᠯᠦᠶ᠎ᠡ! 《The north Land》 ᠢᠮᠠᠭᠠᠨ ᠨᠣᠯᠤᠤᠷ ᠺᠣᠮᠫᠠᠨᠢ ᠶ᠋ᠢᠨ ᠢᠷᠡᠭᠡᠳᠦᠢ ᠶ᠋ᠢᠨ ᠦᠢᠯᠡᠰ ᠦ᠋ᠨ ᠵᠠᠮ ᠨᠡᠩ ᠳᠠᠷᠳᠠᠩ ᠂ ᠭᠡᠭᠡᠨ ᠰᠠᠷᠠᠭᠤᠯ ᠪᠣᠯᠬᠤ ᠥᠯᠵᠡᠢᠲᠡᠢ ᠰᠠᠢᠬᠠᠨ ᠵᠥᠩᠨᠡᠯ ᠢ᠋ ᠡᠷᠭᠦᠨ ᠪᠠᠷᠢᠶ᠎ᠠ!
ᠡᠭᠦᠨ ᠳ᠋ᠦ᠍ ᠬᠡᠦᠬᠡᠳ ᠦ᠋ᠳ ᠢ᠋ᠶ᠋ᠡᠨ ᠳᠠᠢᠴᠢᠯᠠᠨ ᠳᠠᠭᠠᠭᠤᠯᠵᠤ᠂ ᠢᠳᠡᠪᠬᠢᠯᠡᠨ ᠣᠷᠣᠯᠴᠠᠭᠰᠠᠨ ᠪᠠᠭᠰᠢ ᠨᠠᠷ ᠪᠠ ᠭᠡᠷ ᠦ᠋ᠨ ᠠᠬᠠᠮᠠᠳ᠂ ᠡᠷᠬᠢᠮ ᠣᠯᠠᠨ ᠬᠣᠯᠪᠣᠭᠠᠨ ᠤ᠋ ᠳᠠᠭᠠᠭᠤᠯᠤᠭᠴᠢ ᠲᠠ ᠪᠦᠬᠦᠨ ᠳ᠋ᠦ᠍ ᠪᠡᠨ ᠰᠡᠳᠬᠢᠯ ᠦ᠋ᠨ ᠭᠦᠨ ᠲᠠᠯᠠᠷᠬᠠᠯ ᠢ᠋ᠶ᠋ᠠᠨ ᠳᠡᠪᠰᠢᠭᠦᠯᠦᠶ᠎ᠡ!
ᠲᠤᠰ ᠤᠳᠠᠭᠠᠨ ᠤ᠋ ᠤᠷᠤᠯᠳᠤᠭᠠᠨ ᠳ᠋ᠤ᠌ ᠨᠡᠢᠲᠡ ᠨᠢᠭᠡ ᠵᠠᠭᠤ ᠬᠣᠷᠢᠨ ᠳᠣᠯᠣᠭᠠᠨ ᠬᠡᠦᠬᠡᠳ ᠣᠷᠣᠯᠴᠠᠪᠠ᠂ ᠪᠦᠬᠦ ᠣᠷᠣᠯᠴᠠᠭᠰᠠᠳ ᠠ᠋ᠴᠠ ᠣᠨᠴᠠ ᠳᠡᠰ ᠲᠦ᠍ ᠠᠷᠪᠠᠨ ᠬᠣᠶᠠᠷ ᠬᠥᠮᠦᠨ᠂ ᠨᠢᠭᠡᠳᠦᠭᠡᠷ ᠨᠡᠷᠡᠰ ᠲᠦ᠍ ᠠᠷᠪᠠᠨ ᠵᠢᠷᠭᠤᠭᠠᠨ ᠬᠥᠮᠦᠨ᠂ ᠬᠣᠶᠠᠳᠤᠭᠠᠷ ᠳᠡᠰ ᠲᠦ᠍ ᠭᠤᠴᠢᠨ ᠬᠣᠶᠠᠷ ᠬᠥᠮᠦᠨ᠂ ᠭᠤᠷᠪᠠᠳᠤᠭᠠᠷ ᠳᠡᠰ ᠲᠦ᠍ ᠵᠢᠷᠠᠨ ᠳᠣᠯᠣᠭᠠᠨ ᠬᠥᠮᠦᠨ ᠢ᠋ᠶ᠋ᠡᠷ ᠲᠣᠳᠣᠷᠠᠭᠤᠯᠵᠠᠢ᠃
ᠡᠨᠡᠬᠦ ᠤᠳᠠᠭᠠᠨ ᠤ᠋ ᠤᠷᠤᠯᠳᠤᠭᠠᠨ ᠢ᠋ᠶ᠋ᠠᠷ ᠳᠠᠮᠵᠢᠨ《ᠬᠡᠢᠮᠣᠷᠢ》ᠰᠦᠯᠵᠢᠶ᠎ᠡ ᠶ᠋ᠢ ᠥᠷᠭᠡᠨ ᠣᠯᠠᠨ ᠡᠯᠢᠭᠡ ᠨᠢᠭᠡᠲᠡᠨ ᠮᠣᠩᠭᠣᠯ ᠲᠦᠮᠡᠨ ᠮᠠᠨᠢ ᠰᠡᠳᠬᠢᠯ ᠢ᠋ᠶ᠋ᠡᠷ ᠢ᠋ᠶ᠋ᠡᠨ ᠮᠡᠳᠡᠷᠡᠵᠦ ᠵᠢᠷᠦᠬᠡ ᠪᠡᠷ ᠢ᠋ᠶ᠋ᠡᠨ ᠲᠠᠨᠢᠭᠰᠠᠨ ᠨᠢ ᠳᠠᠮᠵᠢᠭ ᠦᠭᠡᠢ᠃ ᠡᠨᠳᠡ ᠲᠠ ᠨᠠᠷ ᠢ᠋ ᠬᠦᠰᠡᠬᠦ ᠨᠢ ᠂ ᠮᠠᠨᠤᠰ ᠤ᠋ᠨ ᠠᠵᠢᠯᠯᠠᠭ᠎ᠠ ᠳ᠋ᠤ᠌ ᠢᠯᠡᠭᠦᠬᠡᠨ ᠲᠤᠰᠠ ᠳᠡᠮᠵᠢᠯᠭᠡ ᠦᠵᠡᠭᠦᠯᠵᠦ ᠴᠠᠭ ᠢᠮᠠᠭᠲᠠ ᠠᠩᠬᠠᠷᠤᠯ ᠢ᠋ᠶ᠋ᠠᠨ ᠬᠠᠨᠳᠤᠭᠤᠯᠵᠤ ᠠᠯᠳᠠᠭ᠎ᠠ ᠳᠤᠲᠠᠭᠳᠠᠯ ᠳ᠋ᠤ᠌ ᠢᠯᠡᠭᠦᠬᠡᠨ ᠰᠠᠨᠠᠯ ᠰᠢᠭᠦᠮᠵᠢ ᠥᠭᠴᠦ ᠬᠠᠪᠰᠤᠷᠴᠤ ᠪᠠᠢᠭᠠᠷᠠᠢ!
ᠡᠩᠬᠡ ᠶ᠋ᠢᠨ ᠪᠡᠯᠭᠡᠳᠡᠯ ᠲᠡᠢ ᠮᠥᠩᠬᠡ ᠶ᠋ᠢᠨ ᠲᠠᠪᠢᠯᠠᠩ ᠲᠠᠢ ᠡᠯᠢᠭᠡᠨ ᠰᠠᠳᠤᠨ ᠲᠠ ᠪᠦᠬᠦᠨ ᠮᠠᠨᠢ《ᠬᠡᠢᠮᠣᠷᠢ》ᠰᠦᠯᠵᠢᠶᠡᠨ ᠳ᠋ᠦ᠍ ᠪᠡᠨ ᠪᠠᠢᠩᠭᠤ ᠰᠠᠭᠠᠲᠠᠵᠤ ᠪᠠᠶᠠᠷᠯᠠᠨ ᠵᠢᠷᠭᠠᠭᠠᠷᠠᠢ!
《ᠬᠡᠢᠮᠣᠷᠢ》ᠰᠦᠯᠵᠢᠶ᠎ᠡ᠄ https://hiimor.com/
《ᠬᠡᠦᠬᠡᠯᠳᠡᠢ ᠺᠢᠨᠣ᠋》ᠬᠣᠯᠪᠣᠭ᠎ᠠ
2024 ᠣᠨ ᠤ᠋1 ᠰᠠᠷ᠎ᠠ ᠶ᠋ᠢᠨ31 ᠦ᠌ ᠡᠳᠦᠷ
ᠠᠵᠠᠵᠠᠶᠠᠭ᠎ᠠ ᠮᠡᠳᠡᠭᠡᠯᠡᠪᠡ
