ᠲᠣᠰᠣᠨ ᠬᠠᠷᠭᠠᠢТосон харгай

ᠲᠣᠰᠣᠨ ᠬᠠᠷᠭᠠᠢ
ᠲᠣᠰᠣᠨ ᠬᠠᠷᠭᠠᠢ ᠶ᠋ᠢᠨ ᠢᠵᠠᠭᠤᠷ
ᠮᠥᠩᠬᠡ ᠨᠣᠭᠣᠭᠠᠨ ᠲᠤᠷᠤᠭ ᠮᠣᠳᠣ᠂16m ᠥᠨᠳᠥᠷ ᠂ ᠣᠯᠠᠪᠲᠤᠷ ᠬᠦᠷᠡᠩ ᠬᠣᠯᠲᠣᠰᠣ ᠲᠠᠢ᠃ ᠨᠠᠪᠴᠢ ᠨᠢ ᠬᠡᠳᠦᠢᠪᠡᠷ ᠱᠤᠷᠠᠭᠯᠠᠵᠤ ᠪᠠᠢᠷᠢᠯᠠᠬᠤ ᠪᠣᠯᠪᠠᠴᠤ ᠪᠠᠷᠢᠭᠤᠯ ᠨᠢ ᠮᠤᠰᠬᠢᠷᠠᠵᠤ ᠬᠣᠶᠠᠷ ᠮᠥᠷ ᠢ᠋ᠶ᠋ᠡᠷ ᠵᠡᠷᠭᠡᠴᠡᠨ ᠤᠷᠭᠤᠳᠠᠭ᠂ ᠶᠡᠷᠦ ᠳ᠋ᠡᠭᠡᠨ ᠬᠠᠳᠤᠭᠤᠷ ᠬᠡᠯᠪᠡᠷᠢ ᠲᠡᠢ᠂2—3cm ᠤᠷᠲᠤ᠂ ᠱᠣᠪᠬᠣ ᠦᠵᠦᠭᠦᠷ ᠲᠡᠢ ᠪᠥᠭᠡᠳ ᠠᠷᠤ ᠳ᠋ᠠᠭᠠᠨ ᠨᠡᠯᠢᠶᠡᠳ ᠥᠷᠭᠡᠨ ᠬᠣᠶᠠᠷ ᠵᠤᠷᠪᠤᠰ ᠰᠢᠷᠠᠪᠲᠤᠷ ᠨᠣᠭᠣᠭᠠᠨ ᠪᠤᠶᠤ ᠭᠦᠨ ᠨᠣᠭᠣᠭᠠᠨ ᠥᠩᠭᠡᠲᠦ ᠬᠡᠢ ᠶ᠋ᠢᠨ ᠠᠮᠠᠰᠠᠷ ᠤ᠋ᠨ ᠴᠤᠪᠤᠭ᠎ᠠ ᠲᠠᠢ᠃ ᠴᠡᠴᠡᠭ ᠨᠢ ᠭᠠᠭᠴᠠ ᠪᠡᠯᠭᠡ ᠲᠡᠢ ᠪᠥᠭᠡᠳ ᠣᠨᠳᠣᠣ ᠭᠡᠷ ᠲᠡᠢ᠃ ᠡᠷ᠎ᠡ ᠪᠠᠭ ᠴᠡᠴᠡᠭ ᠨᠢ ᠨᠠᠪᠴᠢᠨ ᠤ᠋ ᠥᠪᠥᠷ ᠢ᠋ᠶ᠋ᠡᠷ ᠲᠠᠷᠬᠠᠵᠤ ᠤᠷᠭᠤᠳᠠᠭ᠂ ᠭᠡᠪᠡᠴᠦ ᠲᠡᠭᠦᠨ ᠦ᠌13—14 ᠡᠷ᠎ᠡ ᠲᠣᠭᠣᠷᠴᠣᠭ ᠨᠢ ᠪᠠᠭᠯᠠᠷᠠᠨ ᠤᠷᠭᠤᠵᠤ ᠲᠣᠯᠣᠭᠠᠢ ᠬᠡᠯᠪᠡᠷᠢ ᠲᠡᠢ ᠪᠣᠯᠳᠠᠭ᠃ ᠡᠮ᠎ᠡ ᠪᠠᠭ ᠴᠡᠴᠡᠭ ᠨᠢ ᠪᠠᠷᠢᠭᠤᠯ ᠦᠭᠡᠢ᠂ ᠣᠯᠠᠨ ᠬᠠᠢᠷᠰᠤᠨ ᠢᠯᠲᠠᠰᠤ ᠲᠠᠢ᠂ ᠲᠡᠭᠦᠨ ᠦ᠌ ᠦᠷ᠎ᠡ ᠨᠠᠬᠢᠶ᠎ᠠ ᠨᠢ ᠬᠠᠮᠤᠭ ᠤ᠋ᠨ ᠳᠡᠭᠡᠷᠡᠬᠢ ᠬᠠᠢᠷᠰᠤᠨ ᠢᠯᠲᠠᠰᠤ ᠳᠡᠭᠡᠷ᠎ᠡ ᠤᠷᠭᠤᠳᠠᠭ᠃ ᠦᠷ᠎ᠡ ᠨᠢ ᠬᠠᠲᠠᠭᠤ ᠵᠢᠮᠢᠰ ᠰᠢᠭ ᠪᠠ ᠤᠯᠠᠪᠲᠤᠷ ᠬᠦᠷᠡᠩ᠂ ᠪᠠᠰᠠ ᠤᠯᠠᠭᠠᠨ ᠥᠩᠭᠡᠲᠦ ᠬᠠᠭᠤᠷᠮᠠᠭ ᠦᠷ᠎ᠡ ᠶ᠋ᠢᠨ ᠬᠠᠯᠢᠰᠤ ᠲᠠᠢ᠃
ᠠᠭᠤᠯᠠ ᠶ᠋ᠢᠨ ᠭᠣᠣ ᠵᠢᠯᠠᠭ᠎ᠠ ᠬᠢᠭᠡᠳ ᠭᠣᠣᠯ ᠮᠥᠷᠡᠨ ᠦ᠌ ᠬᠥᠪᠡᠭᠡ ᠪᠡᠷ ᠤᠷᠭᠤᠨ᠎ᠠ᠂ ᠣᠯᠠᠩᠬᠢ ᠳ᠋ᠠᠭᠠᠨ ᠴᠣᠬᠤᠢᠯᠢᠭ ᠴᠢᠯᠠᠭᠤᠲᠤ ᠬᠥᠷᠥᠰᠥ ᠬᠢᠭᠡᠳ ᠬᠠᠳᠠ ᠴᠢᠯᠠᠭᠤᠨ ᠳᠡᠭᠡᠷ᠎ᠡ ᠤᠷᠭᠤᠳᠠᠭ᠃
ᠮᠠᠨ ᠤ᠋ ᠤᠯᠤᠰ ᠤ᠋ᠨ ᠬᠤᠪᠧᠢ᠂ ᠰᠧᠴᠤᠸᠠᠨ᠂ ᠲᠠᠢᠸᠠᠨ᠂ ᠱᠠᠨᠰᠢ᠂ ᠭᠠᠨᠰᠦ ᠵᠡᠷᠭᠡ ᠮᠣᠵᠢ ᠪᠠᠷ ᠤᠷᠭᠤᠳᠠᠭ᠃
ᠮᠣᠳᠣ ᠶ᠋ᠢ ᠨᠢ ᠬᠡᠷᠡᠭᠯᠡᠬᠦ ᠡᠴᠡ ᠭᠠᠳᠠᠨ᠎ᠠ ᠪᠠᠰᠠ ᠦᠷ᠎ᠡ ᠡᠴᠡ ᠨᠢ ᠲᠣᠰᠣ ᠰᠢᠬᠠᠵᠤ ᠠᠪᠤᠭᠠᠳ ᠰᠠᠪᠤᠩ ᠪᠤᠶᠤ ᠲᠣᠰᠣᠯᠠᠭᠤᠷ ᠲᠣᠰᠣ ᠪᠣᠯᠭᠠᠨ᠎ᠠ᠃ ᠡᠮ ᠳ᠋ᠦ᠍ ᠣᠷᠣᠨ᠎ᠠ᠃
ᠬᠢᠲᠠᠳ ᠨᠠᠷ᠎ᠡ᠄红豆杉
ᠠᠩᠭ᠌ᠯᠢ ᠨᠡᠷ᠎ᠡ ᠄ Taxuse chinensis(Pilger)Rehd
ᠦᠰᠦᠭ ᠠᠮᠢᠯᠠᠭᠤᠯᠤᠭᠴᠢ᠄ ᠫᠤ· ᠴᠠᠭᠠᠨ
ᠬᠢᠨᠠᠭᠴᠢ᠄ ᠣᠳᠬᠠᠨᠰᠣ᠎ᠠ
