ᠬᠠᠢᠷ᠎ᠠ ᠬᠠᠯᠠᠮᠵᠢ ᠶ᠋ᠢᠨ ᠠᠶᠠᠨ-ᠬᠠᠨᠳᠢᠪ ᠤᠨ ᠠᠶᠠᠯᠠᠯХайр халамжийн аян
ᠬᠠᠢᠷ᠎ᠠ ᠬᠠᠯᠠᠮᠵᠢ ᠶ᠋ᠢᠨ ᠠᠶᠠᠨ
2024-02-29 ᠬᠡᠢᠮᠣᠷᠢ ᠰᠦᠯᠵᠢᠶ᠎ᠡ᠂ ᠵᠥᠪ ᠪᠢᠴᠢᠯᠭᠡ ᠵᠡᠷᠭᠡ ᠳᠥᠴᠢᠨ ᠬᠡᠳᠦᠨ ᠴᠤᠭᠯᠠᠷᠠᠯ ᠤ᠋ᠨ ᠬᠡᠳᠦᠨ ᠮᠢᠩᠭᠠᠨ ᠬᠥᠮᠦᠨ ᠦ᠌ ᠰᠡᠳᠬᠢᠯ ᠢ᠋ ᠲᠡᠭᠡᠭᠡᠵᠦ᠂ ᠲᠡᠮᠦᠷ ᠵᠤᠳ ᠲᠤ᠌ ᠭᠠᠮᠰᠢᠭᠳᠠᠭᠰᠠᠨ ᠡᠯᠢᠭᠡ ᠨᠢᠭᠡᠲᠡᠢ ᠠᠬᠠᠨ ᠲᠡᠭᠦᠦᠰ ᠲᠡᠭᠡᠨ ᠰᠡᠳᠬᠢᠯ ᠦ᠋ᠨ ᠳᠠᠮ ᠬᠦᠴᠦ ᠥᠭᠬᠦ ᠪᠡᠷ ᠠᠩᠬᠠᠳᠤᠭᠠᠷ ᠤᠳᠠᠭ᠎ᠠ ᠡᠷᠢᠶᠡᠨ ᠬᠣᠲᠠ ᠶ᠋ᠢᠨ ᠵᠠᠮ ᠤ᠋ᠨ ᠡᠭᠦᠳᠡᠨ ᠡᠴᠡ ᠳᠣᠷᠣᠨᠠᠭᠣᠪᠢ ᠠᠢᠮᠠᠭ ᠤ᠋ᠨ ᠥᠷᠭᠡᠨ ᠰᠤᠮᠤ ᠤᠷᠤᠭᠤ ᠬᠠᠨᠳᠢᠪ ᠤ᠋ᠨ ᠠᠶᠠᠨ ᠢ᠋ᠶ᠋ᠠᠨ ᠡᠬᠢᠯᠡᠭᠦᠯᠦᠯ᠎ᠡ᠃
ᠬᠠᠷᠠᠭᠴᠢᠨ ᠲᠠᠤᠯᠠᠢ ᠵᠢᠯ ᠦ᠋ᠨ ᠡᠪᠦᠯ ᠮᠣᠩᠭᠣᠯ ᠤᠯᠤᠰ ᠤ᠋ᠨ ᠵᠠᠭᠤᠨ ᠤ᠋ ᠨᠠᠶᠠ ᠶ᠋ᠢᠨ ᠭᠠᠵᠠᠷ ᠣᠷᠣᠨ ᠬᠣᠪᠣᠷ ᠲᠣᠬᠢᠶᠠᠯᠳᠤᠬᠤ ᠬᠠᠬᠢᠷ ᠬᠦᠢᠲᠡᠨ᠂ ᠴᠠᠰᠤ ᠵᠤᠳ ᠰᠢᠭᠤᠷᠭᠠᠨ ᠳ᠋ᠤ᠌ ᠳᠠᠭᠠᠷᠢᠭᠳᠠᠵᠤ ᠂ ᠬᠥᠳᠡᠭᠡ ᠠᠵᠤ ᠠᠬᠤᠢ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠂ ᠵᠢᠴᠢ ᠠᠷᠠᠳ ᠣᠯᠠᠨ ᠤ᠋ ᠡᠳᠦᠷ ᠳᠣᠳᠣᠮ ᠤ᠋ᠨ ᠬᠡᠪ ᠦ᠋ᠨ ᠠᠮᠢᠳᠤᠷᠠᠯ ᠢ᠋ ᠬᠦᠨᠳᠦ ᠨᠣᠴᠢᠲᠠᠢ ᠨᠥᠯᠥᠭᠡᠯᠡᠭᠳᠡᠵᠦ᠂ ᠣᠳᠣᠬᠠᠨ ᠪᠣᠯᠲᠠᠯ᠎ᠠ ᠨᠡᠢᠲᠡ 300 ᠲᠦᠮᠡᠨ ᠮᠠᠯ ᠤᠨᠤᠭ᠎ᠠ ᠰᠦᠢᠳᠴᠦ᠂20 ᠲᠦᠮᠡ ᠭᠠᠷᠤᠢ ᠬᠥᠮᠦᠨ ᠬᠥᠮᠦᠨᠯᠢᠭ ᠦᠵᠡᠯ ᠦ᠋ᠨ ᠲᠤᠰᠠᠯᠠᠮᠵᠢ ᠱᠠᠭᠠᠷᠳᠠᠭᠳᠠᠵᠤ ᠪᠠᠢᠨ᠎ᠠ᠂
ᠬᠣᠶᠠᠷᠳᠠᠬᠢ ᠤᠳᠠᠭ᠎ᠠ ᠪᠣᠯ ᠰᠦᠬᠡᠪᠠᠭᠠᠲᠤᠷ ᠠᠢᠮᠠᠭ ᠲᠤ᠌ ᠣᠴᠢᠨ᠎ᠠ᠂ ᠣᠳᠣ ᠵᠠᠮ ᠠᠰᠠᠭᠤᠵᠤ ᠪᠠᠢᠨ᠎ᠠ᠂ ᠶᠠᠭᠠᠬᠢᠵᠤ ᠶᠠᠪᠤᠬᠤ᠂ ᠬᠡᠨ ᠶᠠᠪᠤᠬᠤ ᠶ᠋ᠢ ᠵᠥᠪᠳᠡᠯᠴᠡᠵᠦ ᠪᠠᠢᠨ᠎ᠠ᠂ ᠡᠬᠢᠨ ᠦ᠌ ᠲᠥᠯᠥᠪᠯᠡᠭᠡ ᠪᠣᠯ ᠳᠣᠷᠣᠨᠠᠭᠣᠪᠢ ᠠᠢᠮᠠᠭ ᠢ᠋ᠶ᠋ᠠᠷ ᠲᠣᠭᠣᠷᠢᠵᠤ ᠪᠠᠢᠬᠤ ᠬᠤᠭᠤᠴᠠᠭᠠᠨ ᠳ᠋ᠤ᠌᠂ ᠰᠦᠬᠡᠪᠠᠭᠠᠲᠤᠷ ᠠᠢᠮᠠᠭ ᠤ᠋ᠨ ᠲᠡᠨᠳᠡᠬᠢ ᠴᠠᠰᠤ ᠪᠠᠭ᠎ᠠ ᠬᠠᠢᠯᠪᠠᠯ ᠣᠴᠢᠬᠤ ᠰᠠᠨᠠᠭ᠎ᠠ ᠲᠠᠢ ᠪᠠᠢᠵᠠᠢ᠂ ᠭᠡᠪᠡᠴᠦ ᠣᠯᠠᠨ ᠬᠥᠮᠦᠨ ᠡᠴᠡ ᠠᠰᠠᠭᠤᠯ᠎ᠠ᠂ ᠵᠠᠮ ᠭᠠᠷᠭᠠᠵᠤ ᠪᠠᠢᠭᠠᠳ ᠣᠴᠢᠴᠢᠬᠠᠬᠤ ᠳ᠋ᠤ᠌᠂ ᠪᠠᠰᠠ ᠨᠢᠭᠡ ᠰᠢᠭᠤᠷᠭ᠎ᠠ ᠢᠷᠡᠪᠡᠯ ᠭᠠᠷᠭᠠᠭᠰᠠᠨ ᠵᠠᠮ ᠨᠢ ᠪᠠᠰᠠ ᠯᠠ ᠪᠥᠭᠯᠡᠷᠡᠭᠡᠳ ᠬᠠᠷᠢᠵᠤ ᠢᠷᠡᠵᠦ ᠳᠡᠢᠯᠬᠦ ᠦᠭᠡᠢ ᠤᠴᠢᠷ ᠭᠠᠷᠴᠤ ᠮᠡᠳᠡᠨ᠎ᠡ᠂ ᠬᠡᠷᠪᠡ ᠨᠠᠭᠠᠰᠢ ᠴᠠᠭᠠᠰᠢ ᠦᠭᠡᠢ᠂ ᠳᠣᠬᠢᠶ᠎ᠠ ᠰᠦᠯᠵᠢᠶ᠎ᠡ ᠦᠭᠡᠢ ᠭᠠᠵᠠᠷ ᠂ ᠬᠠᠬᠢᠷ ᠬᠦᠢᠲᠡᠨ ᠴᠠᠭ ᠬᠡᠭᠡᠷ᠎ᠡ ᠭᠠᠳᠠᠨ᠎ᠠ ᠬᠣᠨᠣᠬᠤ ᠤᠴᠢᠷ ᠭᠠᠷᠪᠠᠯ᠂ ᠬᠥᠮᠦᠨ ᠦ᠌ ᠠᠮᠤᠷ ᠲᠦᠪᠰᠢᠨ ᠢ᠋ ᠴᠤ᠌ ᠪᠠᠲᠤᠯᠠᠵᠤ ᠴᠢᠳᠠᠬᠤ ᠦᠭᠡᠢ ᠤᠴᠢᠷ ᠲᠣᠬᠢᠶᠠᠯᠳᠤᠵᠤ ᠮᠡᠳᠡᠨ᠎ᠡ ᠃ ᠲᠡᠭᠡᠭᠡᠳ ᠰᠦᠬᠡᠪᠠᠭᠠᠲᠤᠷ ᠠᠢᠮᠠᠭ ᠲᠤ᠌ ᠬᠦᠷᠦᠭᠰᠡᠨ ᠦᠭᠡᠢ ᠃ ᠮᠥᠨ ᠴᠦ᠍ ᠪᠦᠬᠦ ᠪᠣᠰᠤᠭ᠎ᠠ ᠮᠣᠩᠭᠣᠯ ᠦᠭᠡ ᠬᠡᠯᠡ ᠦᠰᠦᠭ ᠪᠢᠴᠢᠭ ᠦ᠋ᠨ ᠲᠥᠯᠥᠭᠡ ᠮᠡᠷᠡᠢᠨ ᠴᠢᠷᠮᠠᠢᠵᠤ ᠪᠠᠢᠭ᠎ᠠ ᠬᠥᠮᠦᠰ ᠢ᠋ᠶ᠋ᠡᠨ ᠤᠷᠢᠶᠠᠯᠠᠨ ᠤᠬᠠᠭᠤᠯᠵᠤ ᠪᠠᠢᠭ᠎ᠠ ᠳ᠋ᠤ᠌ ᠴᠢᠩ ᠰᠡᠳᠬᠢᠯ ᠦ᠋ᠨ ᠲᠠᠯᠠᠷᠬᠠᠯ ᠳᠡᠪᠰᠢᠭᠦᠯᠵᠦ ᠪᠠᠢᠨ᠎ᠠ! ᠬᠦᠴᠢᠷ ᠪᠡᠷᠬᠡ ᠶ᠋ᠢ ᠲᠤᠭᠤᠯᠵᠤ ᠬᠦᠰᠡᠭᠰᠡᠨ ᠰᠠᠨᠠᠭ᠎ᠠ ᠶ᠋ᠢ ᠮᠢᠨᠢ ᠬᠦᠷᠭᠡᠵᠦ ᠶᠠᠪᠤᠭ᠎ᠠ ᠬᠥᠮᠦᠰ ᠲᠦ᠍ ᠪᠡᠨ ᠬᠦᠨᠳᠦᠳᠬᠡᠯ ᠳᠡᠪᠰᠢᠭᠦᠯᠦᠶ᠎ᠡ!
ᠮᠣᠩᠭᠣᠯ ᠤ᠋ᠨ ᠰᠠᠢᠬᠠᠨ ᠵᠠᠩᠰᠢᠯ ᠢ᠋ᠶ᠋ᠠᠷ ᠢ᠋ᠶ᠋ᠠᠨ ᠰᠦᠨ ᠰᠠᠴᠤᠯᠢ ᠪᠠᠨ ᠡᠷᠭᠦᠵᠦ᠂ ᠬᠠᠨᠳᠢᠪ ᠤ᠋ᠨ ᠠᠶᠠᠯᠠᠯ ᠳ᠋ᠤ᠌ ᠪᠠᠨ ᠮᠡᠨᠳᠦ ᠰᠠᠢᠨ ᠶᠠᠪᠤᠵᠤ ᠢᠷᠡᠬᠦ ᠶ᠋ᠢ ᠵᠥᠩᠨᠡᠨ ᠢᠷᠥᠭᠡᠶ᠎ᠡ!
2024-03-05
ᠦᠰᠦᠭ ᠠᠮᠢᠯᠠᠭᠤᠯᠤᠭᠴᠢ᠄ ᠤᠷᠢᠶᠠᠩᠬᠠᠢ ᠨᠠᠷᠠᠨᠮᠠᠨᠳᠠ
ᠬᠢᠨᠠᠭᠴᠢ᠄ ᠠᠯᠲᠠᠨᠬᠤᠶᠠᠭ
