ᠬᠥᠮᠦᠨ ᠬᠥᠳᠡᠯᠭᠡᠭᠡᠨ ᠬᠢᠬᠦ ᠦᠭᠡᠢ ᠪᠣᠯ ᠥᠲᠡᠯᠬᠦ ᠨᠢ ᠬᠤᠷᠳᠤᠨ ᠪᠣᠯᠤᠨ᠎ᠠ-ᠮᠡᠳᠡᠯᠭᠡ ᠶ᠋ᠢᠨ ᠥᠷᠥᠭᠡ-Хүн хөдөлгөөн хийхгүй бол өтлөх нь хурдан болно-мэдлэгийн өрөө
ᠬᠥᠮᠦᠨ ᠬᠥᠳᠡᠯᠭᠡᠭᠡᠨ ᠬᠢᠬᠦ ᠦᠭᠡᠢ ᠪᠣᠯ ᠥᠲᠡᠯᠬᠦ ᠨᠢ ᠬᠤᠷᠳᠤᠨ ᠪᠣᠯᠤᠨ᠎ᠠ
ᠮᠡᠳᠡᠯᠭᠡ ᠶ᠋ᠢᠨ ᠥᠷᠥᠭᠡ
ᠡᠨᠳᠡ ᠬᠥᠮᠦᠰ ᠲᠦ᠍ ᠰᠠᠨᠠᠭᠤᠯᠬᠤ ᠨᠢ᠂ ᠡᠷᠢᠨ ᠴᠠᠭ ᠤ᠋ᠨ《ᠪᠣᠯᠪᠠᠰᠤᠨ ᠡᠪᠡᠳᠴᠢᠨ》 ᠣᠯᠬᠤ ᠠ᠋ᠴᠠ ᠰᠡᠷᠡᠮᠵᠢᠯᠡ!《ᠡᠰᠡ ᠬᠥᠳᠡᠯᠭᠡᠭᠡᠨ ᠬᠢᠬᠦ》 ᠪᠣᠯ ᠣᠳᠣᠬᠠᠨ ᠤ᠋ ᠳᠡᠯᠡᠬᠡᠢ ᠶ᠋ᠢᠨ ᠬᠡᠪᠴᠢᠶ᠎ᠡ ᠪᠡᠷ ᠨᠡᠢᠳᠡᠮ ᠳᠡᠯᠭᠡᠷᠡᠵᠦ ᠪᠠᠢᠭ᠎ᠠ《ᠪᠣᠯᠪᠠᠰᠤᠨ ᠡᠪᠡᠳᠴᠢᠨ》 ᠪᠣᠯᠤᠨ᠎ᠠ᠃《ᠪᠣᠯᠪᠠᠰᠤᠨ ᠡᠪᠡᠳᠴᠢᠨ》 ᠬᠥᠮᠦᠨ ᠲᠥᠷᠥᠯᠬᠢᠲᠡᠨ ᠦ᠌ ᠠᠮᠢᠵᠢᠷᠠᠯ ᠳᠡᠭᠵᠢᠷᠡᠯ ᠦ᠋ᠨ ᠬᠦᠴᠦᠨ ᠢ᠋ ᠪᠠᠭᠤᠷᠠᠭᠤᠯᠵᠤ᠂ ᠲᠠᠮᠢᠷ ᠲᠡᠩᠬᠡᠭᠡ ᠶ᠋ᠢ ᠮᠠᠭᠤᠳᠠᠭᠤᠯᠵᠤ ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠶ᠋ᠢ ᠳᠣᠷᠣᠢᠲᠠᠭᠤᠯᠬᠤ ᠪᠣᠯᠤᠨ᠎ᠠ᠃ ᠡᠮ ᠡᠮᠨᠡᠯᠭᠡ᠂ ᠡᠷᠡᠭᠦᠯ ᠬᠠᠮᠠᠭᠠᠯᠠᠯ ᠤ᠋ᠨ ᠦᠢᠯᠡᠰ ᠬᠥᠭᠵᠢᠭᠰᠡᠨ ᠧᠦ᠋ᠷᠣᠫᠠ᠂ ᠠᠮᠧᠷᠢᠺᠠ ᠵᠡᠷᠭᠡ ᠤᠯᠤᠰ ᠤ᠋ᠳ ᠴᠤ᠌ ᠡᠳᠡᠭᠡᠷ ᠰᠢᠯᠲᠠᠭᠠᠨ ᠠ᠋ᠴᠠ ᠡᠭᠦᠰᠦᠭᠰᠡᠨ ᠡᠷᠲᠡ ᠥᠲᠡᠯᠬᠦ ᠦᠵᠡᠭᠳᠡᠯ ᠢ᠋ ᠠᠷᠭᠠᠴᠠᠭᠠᠬᠤ ᠠᠷᠭ᠎ᠠ ᠪᠠᠷᠢᠯ ᠭᠡᠵᠦ ᠦᠭᠡᠢ ᠪᠠᠢᠭᠰᠠᠭᠠᠷ ᠶᠤᠮ᠃ ᠠᠮᠢ ᠨᠠᠰᠤᠨ ᠤ᠋ ᠤᠷᠲᠤ ᠤᠳᠠᠭᠠᠨ ᠨᠢ ᠲᠡᠭᠦᠨ ᠦ᠌ ᠬᠥᠳᠡᠯᠭᠡᠭᠡᠨ ᠳ᠋ᠦ᠍ ᠣᠷᠣᠯᠴᠠᠬᠤ ᠲᠠᠢ ᠰᠢᠭᠤᠳ ᠬᠣᠯᠪᠣᠭᠳᠠᠯ ᠲᠠᠢ ᠪᠠᠢᠳᠠᠭ᠃ ᠡᠢᠮᠦ ᠡᠴᠡ ᠦᠷᠭᠦᠯᠵᠢ ᠪᠡᠶ᠎ᠡ ᠶ᠋ᠢᠨ ᠬᠥᠳᠡᠯᠭᠡᠭᠡᠨ ᠬᠢᠳᠡᠭ ᠬᠥᠮᠦᠰ ᠪᠠ ᠬᠥᠳᠡᠯᠮᠦᠷᠢ ᠠᠵᠢᠯ ᠳ᠋ᠤ᠌ ᠣᠷᠣᠯᠴᠠᠳᠠᠭ ᠬᠥᠮᠦᠰ ᠦ᠋ᠨ ᠪᠡᠶ᠎ᠡ ᠶ᠋ᠢᠨ ᠬᠦᠨᠳᠦ ᠨᠢ ᠲᠡᠩᠴᠡᠭᠦᠦ᠂ ᠴᠢᠰᠤᠨ ᠳᠠᠷᠤᠯᠲᠠ ᠨᠢ ᠲᠡᠭᠰᠢ ᠪᠠᠢᠵᠤ᠂ ᠬᠥᠮᠦᠰ ᠦ᠋ᠨ ᠠᠮᠢ ᠨᠠᠰᠤ ᠶ᠋ᠢ ᠰᠦᠷᠳᠡᠭᠦᠯᠳᠡᠭ ᠲᠢᠲᠢᠮ ᠯᠤᠭᠰᠢᠭᠤᠨ ᠰᠤᠳᠠᠯ ᠤ᠋ᠨ ᠬᠠᠲᠠᠭᠤᠷᠠᠯ ᠡᠪᠡᠳᠴᠢᠨ᠂ ᠵᠢᠷᠦᠬᠡ ᠲᠠᠷᠢᠬᠢᠨ ᠴᠢᠰᠤᠨ ᠰᠤᠳᠠᠯ ᠤ᠋ᠨ ᠡᠪᠡᠳᠴᠢᠨ ᠢ᠋ ᠣᠯᠬᠤ ᠨᠣᠷᠮ᠎ᠠ ᠨᠢ ᠲᠤᠢᠯ ᠤ᠋ᠨ ᠪᠠᠭ᠎ᠠ ᠪᠠᠢᠳᠠᠭ᠃ ᠡᠢᠮᠦ ᠶ᠋ᠢᠨ ᠲᠤᠯᠠ ᠪᠢᠳᠡ ᠡᠳᠦᠷ ᠪᠦᠷᠢ ᠥᠪᠡᠷ ᠦ᠋ᠨ ᠢ᠋ᠶ᠋ᠡᠨ ᠳᠤᠷ᠎ᠠ ᠪᠠᠬᠠᠲᠠᠢ ᠬᠥᠳᠡᠯᠭᠡᠭᠡᠨ ᠳ᠋ᠦ᠍ ᠣᠷᠣᠯᠴᠠᠵᠤ᠂ ᠤᠬᠠᠮᠰᠠᠷ ᠠ᠋ᠴᠠ ᠪᠠᠨ ᠠᠵᠢᠯ ᠬᠥᠳᠡᠯᠮᠦᠷᠢ ᠶ᠋ᠢ ᠡᠷᠢᠵᠦ ᠬᠢᠳᠡᠭ ᠯᠡ ᠶᠦᠮ ᠪᠣᠯ ᠴᠠᠭ ᠡᠷᠢᠨ ᠦ᠌《ᠪᠣᠯᠪᠠᠰᠤᠨ ᠡᠪᠡᠳᠴᠢᠨ》 ᠢ᠋ ᠰᠡᠷᠭᠡᠢᠯᠡᠵᠦ᠂ ᠪᠡᠶ᠎ᠡ ᠮᠠᠬᠠᠪᠣᠳ ᠢ᠋ᠶ᠋ᠠᠨ ᠡᠷᠡᠭᠦᠯ ᠡᠩᠬᠡ ᠪᠡᠷ ᠠᠪᠴᠤ ᠶᠠᠪᠤᠵᠤ ᠤᠷᠲᠤ ᠨᠠᠰᠤᠯᠠᠵᠤ ᠴᠢᠳᠠᠬᠤ ᠪᠣᠯᠤᠨ᠎ᠠ᠃
ᠦᠰᠦᠭ ᠠᠮᠢᠯᠠᠭᠤᠯᠤᠭᠴᠢ᠄ ᠣᠳᠬᠤᠨᠴᠡᠴᠡᠭ
ᠦᠰᠦᠭ ᠬᠢᠨᠠᠭᠴᠢ᠄ ᠳᠣᠨᠤᠷᠤᠪ ᠤ᠋ᠨ ᠠᠯᠲᠠᠨᠴᠡᠴᠡᠭ᠂ ᠭᠠᠷᠮ᠎ᠠ᠂ ᠣᠳᠬᠠᠨᠰᠣ᠎ᠠ
