ᠴᠢᠷᠭᠠᠢЧаргай

ᠴᠢᠷᠭᠠᠢ
ᠴᠢᠷᠭᠠᠢ ᠶ᠋ᠢᠨ ᠢᠵᠠᠭᠤᠷ
ᠮᠥᠩᠬᠡ ᠨᠣᠭᠣᠭᠠᠨ ᠪᠠᠭᠠᠪᠲᠤᠷ ᠲᠤᠷᠤᠭ ᠮᠣᠳᠣ᠂6m ᠬᠢᠷᠢ ᠥᠨᠳᠥᠷ᠃ ᠨᠠᠪᠴᠢ ᠨᠢ ᠱᠤᠷᠠᠭᠯᠠᠵᠤ ᠤᠷᠭᠤᠭᠰᠠᠨ ᠪᠣᠯᠪᠠᠴᠤ ᠤᠭ ᠢ᠋ᠶ᠋ᠠᠷ ᠢ᠋ᠶ᠋ᠠᠨ ᠮᠤᠷᠤᠢᠭᠠᠳ ᠬᠣᠶᠠᠷ ᠮᠥᠷ ᠢ᠋ᠶ᠋ᠡᠷ ᠪᠠᠢᠷᠢᠯᠠᠨ᠎ᠠ᠂ ᠬᠠᠳᠤᠭᠤᠷ ᠰᠢᠭ᠋ ᠪᠠᠭᠠᠬᠠᠨ ᠮᠤᠷᠤᠢ᠂ ᠣᠬᠣᠷ ᠪᠠᠷᠢᠭᠤᠯ ᠲᠠᠢ᠂ ᠢᠯᠲᠠᠰᠤ ᠨᠢ2᠂5—5cm ᠤᠷᠲᠤ᠂ ᠪᠠᠷᠤᠭ3mm ᠥᠷᠭᠡᠨ᠂ ᠪᠦᠰᠡ ᠬᠡᠯᠪᠡᠷᠢᠲᠡᠢ᠂ ᠱᠣᠪᠬᠣ ᠦᠵᠦᠭᠦᠷ ᠲᠡᠢ᠂ ᠠᠷᠤ ᠳ᠋ᠠᠭᠠᠨ ᠬᠣᠶᠠᠷ ᠵᠤᠷᠪᠤᠰ ᠴᠠᠢᠪᠤᠷ ᠬᠡᠢ ᠶ᠋ᠢᠨ ᠠᠮᠠᠰᠠᠷ ᠤ᠋ᠨ ᠴᠤᠪᠤᠭ᠎ᠠ ᠲᠠᠢ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷ ᠲᠡᠢ᠃ ᠡᠷ᠎ᠡ ᠪᠠᠭ ᠴᠡᠴᠡᠭ ᠨᠢ ᠨᠠᠪᠴᠢᠨ ᠤ᠋ ᠥᠪᠥᠷ ᠲᠦ 6—7 ᠪᠠᠷ ᠪᠠᠭᠯᠠᠷᠠᠨ ᠤᠷᠭᠤᠵᠤ ᠲᠣᠯᠣᠭᠠᠢ ᠬᠡᠯᠪᠡᠷᠢ ᠲᠡᠢ ᠪᠣᠯᠤᠨ᠎ᠠ᠂ ᠪᠠᠭ ᠴᠡᠴᠡᠭ ᠪᠦᠷᠢ ᠨᠢ4—11 ᠡᠷ᠎ᠡ ᠲᠣᠭᠣᠷᠴᠣᠭ ᠲᠠᠢ᠃ ᠡᠮ᠎ᠡ ᠪᠠᠭ ᠴᠡᠴᠡᠭ ᠨᠢ ᠥᠪᠥᠷ ᠲᠠᠯ᠎ᠠ ᠳ᠋ᠠᠭᠠᠨ ᠲᠤᠰ ᠪᠦᠷᠢ ᠬᠣᠶᠠᠷ ᠦᠷ᠎ᠡ ᠨᠠᠬᠢᠶ᠎ᠠ ᠲᠠᠢ2—20 ᠬᠠᠢᠷᠰᠤᠨ ᠢᠯᠲᠠᠰᠤ ᠪᠠᠷ ᠪᠦᠷᠢᠯᠳᠦᠵᠡᠢ᠃ ᠦᠷ᠎ᠡ ᠨᠢ1.8—2.5cm ᠤᠷᠲᠤ ᠶᠠᠰᠤᠲᠤ ᠵᠢᠮᠢᠰ ᠰᠢᠭ᠂ ᠥᠨᠳᠡᠭᠡᠯᠵᠢᠨ ᠪᠤᠶᠤ ᠵᠤᠤᠪᠠᠩ ᠥᠨᠳᠡᠭᠡᠯᠵᠢᠨ᠂ ᠪᠣᠯᠪᠠᠰᠤᠷᠠᠪᠠᠯ ᠭᠠᠳᠠᠭᠤᠷ ᠨᠢ ᠤᠯᠠᠭᠠᠨ ᠬᠦᠷᠡᠩ ᠥᠩᠭᠡᠲᠦ ᠬᠠᠭᠤᠷᠮᠠᠭ ᠦᠷ᠎ᠡ ᠶ᠋ᠢᠨ ᠬᠠᠯᠢᠰᠤ ᠪᠠᠭᠯᠠᠨ᠎ᠠ᠃
ᠠᠭᠤᠯᠠ ᠶ᠋ᠢᠨ ᠭᠣᠣ ᠵᠢᠯᠠᠭ᠎ᠠ ᠶ᠋ᠢᠨ ᠣᠢ ᠮᠣᠳᠣᠨ ᠳᠣᠲᠣᠷ᠎ᠠ ᠤᠷᠭᠤᠨ᠎ᠠ᠃
ᠮᠠᠨ ᠤ᠋ ᠤᠯᠤᠰ ᠤ᠋ᠨ ᠬᠥᠬᠡ ᠮᠥᠷᠡᠨ ᠡᠴᠡ ᠡᠮᠦᠨ᠎ᠡ ᠳᠡᠬᠢ ᠡᠯ᠎ᠡ ᠮᠣᠵᠢ ᠣᠷᠣᠨ ᠬᠢᠭᠡᠳ ᠾᠧᠨᠠᠨ᠂ ᠱᠠᠨᠰᠢ᠂ ᠭᠠᠨᠰᠦ ᠵᠡᠷᠭᠡ ᠮᠣᠵᠢ ᠪᠠᠷ ᠤᠷᠭᠤᠳᠠᠭ᠃ ᠦᠷ᠎ᠡ ᠶ᠋ᠢᠨ ᠲᠣᠰᠣ ᠪᠠᠷ ᠨᠢ ᠰᠠᠪᠤᠩ᠂ ᠲᠣᠰᠣᠯᠠᠭᠤᠷ ᠲᠣᠰᠣ ᠵᠡᠷᠭᠡ ᠶ᠋ᠢ ᠬᠢᠨ᠎ᠡ᠃ ᠮᠣᠳᠣ ᠪᠠᠷ ᠨᠢ ᠪᠠᠭᠠᠵᠢ ᠬᠡᠷᠡᠭᠰᠡᠯ᠂ ᠳᠠᠮᠵᠢᠭᠤᠷ ᠬᠢᠭᠡᠳ ᠲᠠᠷᠢᠶᠠᠯᠠᠩ ᠤ᠋ᠨ ᠪᠠᠭᠠᠵᠢ ᠶ᠋ᠢᠨ ᠡᠰᠢ ᠪᠠᠷᠢᠭᠤᠯ ᠵᠡᠷᠭᠡ ᠶ᠋ᠢ ᠬᠢᠨ᠎ᠡ᠃ ᠬᠣᠯᠲᠣᠰᠣ ᠨᠢ ᠡᠯᠳᠡᠭᠦᠷᠢ ᠶ᠋ᠢᠨ ᠲᠦᠭᠦᠬᠡᠢ ᠡᠳ᠋ ᠮᠥᠨ᠃
ᠬᠢᠲᠠᠳ ᠨᠡᠷ᠎ᠡ᠄三尖杉
ᠠᠩᠭ᠌ᠯᠢ ᠨᠡᠷ᠎ᠡ᠄Cephalotaxus sinensis(Rehd.et Wils)
ᠦᠰᠦᠭ ᠠᠮᠢᠯᠠᠭᠤᠯᠤᠭᠴᠢ᠄ ᠣ ᠰᠡᠴᠡᠨᠲᠦ
ᠬᠢᠨᠠᠭᠴᠢ᠄ ᠲᠤᠶᠠᠭ᠎ᠠ
