ᠭᠠᠴᠤᠷ᠎ᠠГачуур ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠭᠠᠴᠤᠷ᠎ᠠГачуур

ᠭᠠᠴᠤᠷ᠎ᠠГачуур

2024-03-16

347

ᠭᠠᠴᠤᠷ᠎ᠠ 

       ᠨᠠᠷᠠᠰᠤ ᠶ᠋ᠢᠨ ᠢᠵᠠᠭᠤᠷ
   ᠮᠥᠩᠬᠡ ᠨᠣᠭᠣᠭᠠᠨ ᠲᠤᠷᠤᠭ ᠮᠣᠳᠣ᠂25m ᠬᠢᠷᠢ ᠥᠨᠳᠥᠷ᠃ ᠬᠣᠯᠲᠣᠰᠣ ᠨᠢ ᠪᠦᠳᠡᠭᠢ ᠬᠦᠷᠡᠩ ᠥᠩᠭᠡᠲᠡᠢ᠂ ᠠᠮᠠᠷᠬᠠᠨ ᠱᠠᠭᠠᠷᠠᠵᠤ ᠤᠨᠠᠨ᠎ᠠ᠃ ᠵᠢᠵᠢᠭ ᠮᠥᠴᠢᠷ ᠨᠢ ᠳᠤᠭᠤᠢᠷᠠᠨ ᠤᠷᠭᠤᠬᠤ ᠪᠤᠶᠤ ᠴᠢᠭᠲᠠᠯᠠᠨ ᠤᠷᠭᠤᠨ᠎ᠠ᠂ ᠰᠢᠷ᠎ᠠ ᠥᠩᠭᠡᠲᠡᠢ᠂ ᠲᠤᠩ ᠢᠯᠡᠬᠡᠨ ᠨᠠᠪᠴᠢᠨ ᠤ᠋ ᠰᠠᠭᠤᠳᠠᠯ ᠲᠠᠢ᠃ ᠰᠢᠯᠮᠦᠦᠰᠦ ᠨᠢ ᠳᠥᠷᠪᠡᠨ ᠢᠷᠮᠡᠭ ᠲᠡᠢ᠂1 - 2.2cm ᠤᠷᠲᠤ᠂ ᠬᠤᠷᠴᠠ ᠦᠵᠦᠭᠦᠷ ᠲᠡᠢ᠂ ᠣᠯᠠᠩᠬᠢ ᠳ᠋ᠠᠭᠠᠨ ᠮᠥᠷᠥᠢ ᠪᠠᠢᠳᠠᠭ ᠪᠥᠭᠡᠳ ᠱᠤᠷᠠᠭᠯᠠᠨ ᠤᠷᠭᠤᠨ᠎ᠠ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠭᠡᠷ ᠲᠡᠢ᠃ ᠡᠷ᠎ᠡ ᠪᠠᠭ ᠴᠡᠴᠡᠭ ᠨᠢ ᠨᠠᠪᠴᠢᠨ ᠤ᠋ ᠥᠪᠥᠷ ᠲᠤ ᠭᠠᠭᠴᠠᠭᠠᠷ ᠤᠨᠵᠢᠢᠵᠤ ᠤᠷᠭᠤᠨ᠎ᠠ᠃ ᠡᠮ᠎ᠡ ᠪᠠᠭ ᠴᠡᠴᠡᠭ ᠨᠢ ᠲᠤᠰ ᠪᠦᠷᠢ ᠬᠣᠶᠠᠷ ᠦᠷ᠎ᠡ ᠨᠠᠬᠢᠶ᠎ᠠ ᠪᠦᠬᠦᠢ ᠣᠯᠠᠨ ᠬᠠᠢᠷᠰᠤᠨ ᠢᠯᠲᠠᠰᠤ ᠲᠠᠢ ᠪᠥᠭᠡᠳ ᠮᠥᠴᠢᠷ ᠦ᠋ᠨ ᠣᠷᠣᠢ ᠳ᠋ᠤ᠌ ᠤᠷᠭᠤᠨ᠎ᠠ᠃ ᠪᠤᠷᠭᠤᠴᠠᠭ ᠨᠢ ᠤᠷᠲᠤ ᠪᠣᠷᠲᠣᠭᠣᠨ ᠬᠡᠯᠪᠡᠷᠢ ᠲᠡᠢ᠂ ᠤᠨᠵᠡᠢᠵᠦ ᠰᠠᠭᠤᠨ᠎ᠠ᠂6 - 10cm ᠤᠷᠲᠤ᠂ ᠨᠢᠯᠬ᠎ᠠ ᠦᠶ᠎ᠡ ᠳ᠋ᠡᠭᠡᠨ ᠨᠣᠭᠣᠭᠠᠨ ᠪᠠᠢᠵᠤ᠂ ᠪᠣᠯᠪᠠᠰᠤᠷᠠᠪᠠᠯ ᠭᠦᠢᠬᠡᠨ ᠬᠦᠷᠡᠩ ᠪᠣᠯᠤᠨ᠎ᠠ᠃ ᠦᠷ᠎ᠡ ᠶ᠋ᠢᠨ ᠬᠠᠢᠷᠰᠤ ᠨᠢ ᠲᠣᠩᠭᠣᠷᠠᠭᠤ ᠥᠨᠳᠡᠭᠡᠯᠵᠢᠨ᠂ ᠮᠥᠩᠬᠡ ᠣᠷᠣᠰᠢᠨ᠎ᠠ᠂ ᠥᠪᠥᠷ ᠲᠠᠯ᠎ᠠ ᠳ᠋ᠤ᠌ ᠨᠢ ᠳᠠᠯᠠᠪᠴᠢ ᠪᠦᠬᠦᠢ ᠬᠣᠶᠠᠷ ᠦᠷ᠎ᠡ ᠲᠡᠢ᠃
ᠠᠭᠤᠯᠠ ᠶ᠋ᠢᠨ ᠬᠠᠵᠠᠭᠤ ᠪᠤᠶᠤ ᠣᠷᠣᠢ ᠪᠠᠷ ᠣᠯᠠᠩᠬᠢ ᠳ᠋ᠠᠭᠠᠨ ᠴᠣᠯ ᠣᠢ ᠪᠣᠯᠵᠤ ᠤᠷᠭᠤᠬᠤ ᠪᠤᠶᠤ ᠥᠷᠭᠡᠨ ᠨᠠᠪᠴᠢᠲᠤ ᠮᠣᠳᠣ ᠲᠠᠢ ᠬᠣᠯᠢᠯᠳᠤᠨ ᠤᠷᠭᠤᠨ᠎ᠠ᠃
ᠮᠠᠨ ᠤ᠋ ᠤᠯᠤᠰ ᠤ᠋ᠨ ᠰᠧᠴᠤᠸᠠᠨ᠂ ᠱᠠᠨᠰᠢ᠂ ᠭᠠᠨᠰᠦ᠂ ᠬᠥᠬᠡᠨᠠᠭᠤᠷ ᠬᠢᠭᠡᠳ ᠥᠪᠥᠷ ᠮᠣᠩᠭᠣᠯ ᠵᠡᠷᠭᠡ ᠮᠣᠵᠢ ᠣᠷᠣᠨ ᠳ᠋ᠤ᠌ ᠤᠷᠭᠤᠳᠠᠭ᠃
ᠮᠣᠳᠣ ᠶ᠋ᠢ ᠨᠢ ᠭᠡᠷ ᠪᠠᠷᠢᠯᠭ᠎ᠠ᠂ ᠴᠠᠬᠢᠯᠭᠠᠨ ᠤᠲᠠᠰᠤᠨ ᠤ᠋ ᠪᠠᠭᠠᠨ᠎ᠠ᠂ ᠨᠢᠰᠬᠦ ᠣᠩᠭᠣᠴᠠ ᠵᠡᠷᠭᠡ ᠳ᠋ᠦ᠍ ᠬᠡᠷᠡᠭᠯᠡᠨ᠎ᠡ᠃ ᠡᠰᠢ ᠶ᠋ᠢ ᠨᠢ ᠣᠭᠲᠣᠯᠤᠨ ᠳᠠᠪᠠᠷᠬᠠᠢ ᠭᠠᠷᠭᠠᠵᠤ ᠠᠪᠳᠠᠭ᠃ ᠬᠣᠯᠲᠣᠰᠣ ᠨᠢ ᠡᠯᠳᠡᠭᠦᠷ ᠦ᠋ᠨ ᠲᠦᠭᠦᠬᠡᠢ ᠡᠳ᠋ ᠮᠥᠨ᠃

ᠬᠢᠲᠠᠳ ᠨᠡᠷ᠎ᠡ᠄云杉
ᠠᠩᠭ᠌ᠯᠢ ᠨᠡᠷ᠎ᠡ᠄Picca asperata Mast
   ᠦᠰᠦᠭ ᠠᠮᠢᠯᠠᠭᠤᠯᠤᠭᠴᠢ᠄ ᠲᠤᠶᠠᠭ᠎ᠠ
   ᠬᠢᠨᠠᠭᠴᠢ᠄ ᠴᠠᠭᠠᠨ