ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ - <ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠᠮᠢᠨᠨ᠌ᠦᠷᠲᠤ Шинэ дундад улсын уран бичлэгдэд – <1>1949 оноос өмнө мэндэлсэд – Ааминурт ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ - <ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠᠮᠢᠨᠨ᠌ᠦᠷᠲᠤ Шинэ дундад улсын уран бичлэгдэд – <1>1949 оноос өмнө мэндэлсэд – Ааминурт

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ - <ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠᠮᠢᠨᠨ᠌ᠦᠷᠲᠤ Шинэ дундад улсын уран бичлэгдэд – <1>1949 оноос өмнө мэндэлсэд – Ааминурт

ᠠᠩᠭᠢᠯᠠᠯ:ᠤᠷᠠᠨ ᠪᠢᠴᠢᠯᠭᠡ
2024-03-18

528

<ᠨᠢᠭᠡ> 1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠲᠡᠳ

—— ᠠᠮᠢᠨᠨ᠌ᠦᠷᠲᠤ Ааминурт


       ᠠᠮᠢᠨᠨ᠌ᠦᠷᠲᠤ(1901 – 1968 ) ᠡᠷᠡᠭᠲᠡᠢ᠂ ᠮᠣᠩᠭᠣᠯ ᠦᠨᠳᠦᠰᠦᠲᠡᠨ᠂ 1901 ᠣᠨ ᠤ᠋ 6 ᠰᠠᠷ᠎ᠠ ᠶ᠋ᠢᠨ 5 ᠳ᠋ᠤ᠌ ᠲᠥᠷᠥᠵᠡᠢ᠃ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ᠋ ᠤᠯᠠᠭᠠᠨ ᠬᠠᠳᠠ ᠨᠤᠲᠤᠭ ᠤ᠋ᠨ ᠲᠤᠰᠠᠯᠠᠭᠴᠢ ᠶ᠋ᠢᠨ ᠠᠢᠯ ᠤ᠋ᠨ ᠬᠥᠮᠦᠨ᠃ ᠥᠪᠥᠷ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠤᠷᠢᠶᠠᠨ᠎ᠠ ᠤᠳᠠᠭᠠᠨ ᠵᠢᠯ ᠠᠵᠢᠯᠯᠠᠵᠤ᠂ ᠦᠰᠦᠨ ᠪᠢᠷ ᠢ᠋ᠶ᠋ᠡᠷ ᠣᠪᠣᠭ᠎ᠠ ᠠᠷᠪᠢᠨ ᠬᠢᠴᠢᠶᠡᠯ ᠦ᠋ᠨ ᠳᠡᠪᠲᠡᠷ᠂ ᠲᠣᠯᠢ ᠪᠢᠴᠢᠭ᠂ ᠴᠠᠭ ᠤᠯᠠᠷᠢᠯ ᠤ᠋ᠨ ᠪᠢᠴᠢᠭ᠂ ᠬᠡᠦᠬᠡᠳ ᠤᠩᠰᠢᠬᠤ ᠨᠣᠮ᠂ ᠠᠷᠠᠳ ᠤ᠋ᠨ ᠳᠠᠭᠤᠤ ᠵᠡᠷᠭᠡ ᠨᠣᠮ ᠪᠢᠴᠢᠭ ᠢ᠋ ᠭᠣᠶᠣ ᠰᠠᠢᠬᠠᠨ ᠰᠡᠢᠷᠡᠭᠦᠯᠵᠦ᠂ ᠮᠣᠩᠭᠣᠯ ᠦᠨᠳᠦᠰᠦᠲᠡᠨ ᠦ᠌ ᠰᠣᠶᠣᠯ ᠬᠡᠪᠯᠡᠯ ᠦ᠋ᠨ ᠠᠵᠢᠯ ᠦᠢᠯᠡᠰ ᠲᠦ᠍ ᠮᠠᠰᠢ ᠶᠡᠬᠡ ᠵᠢᠳᠬᠦᠯ ᠨᠡᠮᠡᠷᠢᠯᠡᠭᠰᠡᠨ ᠭᠠᠷᠮᠠᠭᠠᠢ ᠨᠡᠷᠡᠲᠦ ᠪᠢᠴᠢᠭᠡᠴᠢ ᠶ᠋ᠢᠨ ᠨᠢᠭᠡ ᠪᠣᠯᠤᠨ᠎ᠠ᠃ ᠲᠡᠷᠡ ᠨᠠᠰᠤᠨ ᠲᠤᠷᠰᠢ ᠮᠣᠩᠭᠣᠯ ᠤᠷᠠᠨ ᠪᠢᠴᠢᠯᠭᠡ ᠶ᠋ᠢ ᠳᠠᠷᠤᠤ ᠬᠢᠴᠢᠶᠡᠩᠭᠦᠢ ᠨᠠᠷᠢᠨ ᠨᠢᠮᠪᠠᠢ ᠤᠷᠤᠯᠳᠤᠵᠤ᠂ ᠪᠢᠷ ᠦ᠋ᠨ ᠦᠵᠦᠭᠦᠷ ᠦ᠋ᠨ ᠰᠢᠳᠢ ᠪᠡᠷ ᠢ᠋ᠶ᠋ᠡᠨ ᠨᠡᠢᠭᠡᠮ ᠳ᠋ᠦ᠍ ᠠᠯᠳᠠᠷᠰᠢᠵᠤ᠂ ᠣᠯᠠᠨ ᠤ᠋ ᠬᠦᠨᠳᠦᠳᠬᠡᠯ ᠢ᠋ ᠣᠯᠵᠤ᠂ ᠦᠢ ᠣᠯᠠᠨ ᠤᠷᠠᠨ ᠪᠢᠴᠢᠯᠭᠡᠲᠡᠨ ᠨᠠᠷ ᠲᠤ᠌ ᠮᠦᠷᠦᠭᠡᠳᠦᠭᠳᠡᠨ ᠳᠤᠷᠠᠰᠬᠠᠭᠲᠠᠨ ᠪᠠᠢᠨᠠᠮ᠃ ᠲᠡᠭᠦᠨ ᠦ᠌ ᠮᠣᠩᠭᠣᠯ ᠤᠷᠠᠨ ᠪᠢᠴᠢᠯᠭᠡ ᠶ᠋ᠢᠨ ᠠᠪᠢᠶᠠᠰ ᠪᠢᠯᠢᠭ ᠬᠢᠭᠡᠳ ᠤᠷᠠᠨ ᠪᠢᠴᠢᠯᠭᠡ ᠶ᠋ᠢᠨ ᠬᠢᠷᠢ ᠬᠡᠮᠵᠢᠶ᠎ᠡ ᠬᠠᠸᠠᠩᠵᠠᠪ ᠲᠠᠢ ᠵᠡᠷᠭᠡᠴᠡᠵᠦ ᠴᠢᠳᠠᠳᠠᠭ ᠭᠡᠵᠦ ᠬᠥᠮᠦᠰ ᠶᠠᠷᠢᠳᠠᠭ᠃ ᠲᠡᠷᠡ ᠬᠣᠶᠠᠭᠤᠯᠠ ᠶ᠋ᠢᠨ ᠤᠷᠠᠨ ᠪᠢᠴᠢᠯᠭᠡ ᠶ᠋ᠢ ᠬᠢᠷᠢ ᠪᠠᠷᠤᠭᠲᠠᠢ ᠳ᠋ᠤ᠌ ᠢᠯᠭᠠᠵᠤ ᠳᠡᠢᠯᠬᠦ ᠦᠭᠡᠢ ᠠᠨ᠎ᠠ ᠮᠠᠨᠠ ᠪᠢᠴᠢᠳᠡᠭ᠃ ᠮᠣᠩᠭᠣᠯ ᠤᠷᠠᠨ ᠪᠢᠴᠢᠯᠭᠡ ᠶ᠋ᠢᠨ ᠤᠷᠤᠰᠬᠠᠯ ᠳ᠋ᠠᠬᠢ ᠪᠠᠰᠠ ᠨᠢᠭᠡᠨ ᠦᠯᠢᠭᠡᠷ ᠳᠠᠭᠤᠷᠢᠶᠠᠯ ᠪᠣᠯᠵᠤ᠂ ᠮᠠᠨ ᠤ᠋ ᠰᠤᠷᠴᠤ ᠰᠤᠳᠤᠯᠬᠤ ᠪᠠᠰᠠ ᠨᠢᠭᠡᠨ ᠠᠪᠤᠷᠭᠤ ᠪᠢᠴᠢᠯᠭᠡᠳᠡᠨ ᠮᠥᠨ᠃ ᠡᠨᠡ ᠬᠦ᠌ ᠠᠪᠤᠷᠭᠤ ᠪᠢᠴᠢᠯᠭᠡ ᠶ᠋ᠢᠨ ᠳᠠᠷᠬᠠᠨ ᠤ᠋ ᠰᠢᠯᠢᠳᠡᠭ ᠪᠦᠲᠦᠭᠡᠯ ᠦ᠋ᠨ ᠬᠢᠨᠢ ᠲᠥᠪ ᠲᠣᠨᠵᠢᠭᠰᠠᠨ ᠬᠡᠪ ᠨᠠᠮᠪᠠ ᠶ᠋ᠢ ᠤᠯᠠᠮ ᠳᠡᠯᠭᠡᠷᠡᠭᠦᠯᠦᠨ ᠴᠢᠨᠠᠭᠰᠢᠳᠠ ᠪᠠᠳᠠᠷᠠᠭᠤᠯᠰᠤᠭᠠᠢ ᠭᠡᠵᠦ ᠵᠠᠯᠠᠭᠤ ᠪᠠᠭ᠎ᠠ ᠬᠣᠢᠴᠢᠰ ᠲᠤ᠌ ᠪᠠᠨ ᠬᠦᠰᠡᠵᠦ ᠪᠠᠢᠨᠠᠮ᠃ 1968 ᠣᠨ ᠳ᠋ᠤ᠌ ᠨᠠᠰᠤ ᠪᠠᠷᠠᠵᠠᠢ᠃ 
       ᠠᠮᠢᠨᠨ᠌ᠦᠷᠲᠤ ᠪᠠᠭᠰᠢ ᠶ᠋ᠢᠨ ᠲᠤᠬᠠᠢ ᠲᠡᠦᠬᠡᠨ ᠮᠠᠲ᠋ᠧᠷᠢᠶᠠᠯ ᠬᠣᠮᠰᠠᠬᠠᠨ ᠪᠠᠢᠭ᠎ᠠ ᠳᠡᠭᠡᠷ᠎ᠡ ᠲᠡᠭᠦᠨ ᠦ᠌ ᠲᠤᠬᠠᠢ ᠨᠡᠢᠭᠡᠮ ᠦ᠋ᠨ ᠪᠠᠢᠴᠠᠭᠠᠯᠲᠠ ᠬᠢᠬᠦ ᠴᠠᠭ ᠪᠢᠳᠡᠨ ᠳ᠋ᠦ᠍ ᠭᠠᠷᠤᠭᠰᠠᠨ ᠦᠭᠡᠢ ᠲᠤᠯᠠ ᠡᠨᠡ ᠬᠦ᠌ ᠠᠪᠤᠷᠭᠤ ᠤᠷᠠᠨ ᠪᠢᠴᠢᠯᠭᠡᠲᠡᠨ ᠢ᠋ ᠲᠤᠰ ᠨᠣᠮ ᠳ᠋ᠤ᠌ ᠣᠯᠠᠨ ᠲᠠᠯ᠎ᠠ ᠪᠠᠷ ᠭᠦᠨᠵᠡᠭᠡᠢᠷᠡᠭᠦᠯᠦᠨ ᠶᠠᠷᠢᠵᠤ ᠴᠢᠳᠠᠭᠰᠠᠨ ᠦᠭᠡᠢ ᠨᠢ ᠬᠠᠷᠠᠮᠰᠠᠯᠲᠠᠢ᠃ ᠲᠡᠭᠦᠨ ᠦ᠌ ᠲᠤᠬᠠᠢ ᠰᠤᠳᠤᠯᠭ᠎ᠠ ᠶ᠋ᠢ ᠵᠥᠪᠬᠡᠨ ᠬᠣᠵᠢᠮ ᠤ᠋ᠨ ᠤᠷᠠᠯᠢᠭᠴᠢᠨ ᠰᠣᠳᠣᠯᠠᠭᠠᠴᠢᠨ ᠲᠠ ᠨᠠᠷ ᠲᠤ᠌ ᠨᠠᠢᠳᠠᠵᠤ᠂ ᠣᠳᠣᠬᠢ ᠬᠥᠮᠦᠰ ᠲᠦ᠍ ᠲᠠᠨᠢᠭᠳᠠᠭ᠎ᠠ ᠦᠭᠡᠢ᠂ ᠮᠡᠳᠡᠭᠳᠡᠭᠡ ᠦᠭᠡᠢ ᠤᠷᠠᠨ ᠪᠢᠴᠢᠯᠭᠡ ᠶ᠋ᠢᠨ ᠭᠠᠢᠬᠠᠮᠰᠢᠭ ᠢ᠋ ᠢᠯᠡᠷᠡᠭᠦᠯᠦᠨ ᠭᠠᠷᠭᠠᠬᠤ ᠶ᠋ᠢ ᠬᠦᠰᠡᠵᠦ ᠠᠮᠤᠢ᠃ 
       ᠳᠣᠣᠷᠠᠬᠢ ᠪᠣᠯ ᠠᠮᠢᠨᠨ᠌ᠦᠷᠲᠤ ᠶ᠋ᠢᠨ ᠭᠠᠷ ᠪᠢᠴᠢᠭᠡᠰᠦ ᠱᠠᠭᠵᠠ ᠶ᠋ᠢᠨ《 ᠮᠣᠩᠭᠣᠯ ᠦᠰᠦᠭ ᠦ᠋ᠨ ᠳᠦᠷᠢᠮ ᠦ᠋ᠨ ᠲᠣᠯᠢ ᠪᠢᠴᠢᠭ 》 ᠦ᠋ᠨ ᠨᠢᠭᠡ ᠨᠢᠭᠤᠷ ᠤ᠋ᠨ ᠭᠡᠷᠡᠯ ᠵᠢᠷᠤᠭ ᠃         

     ᠠᠮᠢᠨᠨ᠌ᠦᠷᠲᠤ ᠶ᠋ᠢᠨ ᠤᠷᠠᠨ ᠪᠢᠴᠢᠯᠭᠡ