ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠᠢᠯ Шинэ дундад улсын уран бичлэгдэд -<1>1949 оноос өмнө мэндэлсэд - Айл
<ᠨᠢᠭᠡ> 1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠲᠡᠳ
—— ᠠᠢᠯ Айл
ᠠᠢᠯ ( 1925 - 2008 ) ᠡᠷᠡᠭᠲᠡᠢ᠂ ᠳᠠᠭᠤᠷ ᠦᠨᠳᠦᠰᠦᠲᠡᠨ᠂ 1925 ᠣᠨ ᠤ᠋ ᠪᠢᠯᠢᠭ ᠦ᠋ᠨ ᠤᠯᠠᠷᠢᠯ ᠤ᠋ᠨ ᠴᠠᠭᠠᠨ ᠰᠠᠷ᠎ᠠ ᠶ᠋ᠢᠨ ᠰᠢᠨ᠎ᠡ ᠶ᠋ᠢᠨ ᠭᠤᠷᠪᠠᠨ ᠳ᠋ᠤ᠌ ᠬᠠᠷᠠᠮᠦ᠋ᠷᠡᠨ ᠮᠣᠵᠢ ᠶ᠋ᠢᠨ ᠴᠢᠴᠢᠬᠠᠷ ᠬᠣᠲᠠ ᠳ᠋ᠤ᠌ ᠲᠥᠷᠥᠵᠡᠢ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠰᠢᠭᠦᠨ᠂ ᠣᠳᠣ ᠦᠶ᠎ᠡ ᠶ᠋ᠢᠨ ᠠᠯᠳᠠᠷᠲᠤ ᠤᠷᠠᠨ ᠵᠢᠷᠤᠭᠴᠢᠨ᠂ ᠤᠷᠠᠨ ᠪᠢᠴᠢᠯᠭᠡᠲᠡᠨ᠂ ᠲᠠᠢᠰᠠᠨ ᠤ᠋ ᠤᠷᠠᠯᠢᠭᠴᠢᠨ᠂ ᠤᠯᠤᠰ ᠤ᠋ᠨ ᠨᠢᠭᠡᠳᠦᠭᠡᠷ ᠳᠡᠰ ᠦ᠋ᠨ ᠤᠷᠠᠯᠢᠭᠴᠢᠨ᠃ ᠲᠥᠷᠥ ᠶ᠋ᠢᠨ ᠶᠠᠪᠤᠳᠠᠯ ᠤ᠋ᠨ 《 ᠵᠠᠰᠠᠭ ᠤ᠋ᠨ ᠣᠷᠳᠣᠨ ᠤ᠋ ᠨᠥᠬᠥᠪᠥᠷᠢ ᠮᠥᠩᠭᠥ 》 ᠶ᠋ᠢ ᠬᠦᠷᠲᠡᠭᠴᠢ᠃ ᠳᠤᠮᠳᠠᠳᠤ ᠤᠯᠤᠰ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠬᠡᠷᠡᠭ ᠡᠷᠬᠢᠯᠡᠭᠴᠢ᠃ ᠥᠪᠥᠷ ᠮᠣᠩᠭᠣᠯ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠠᠩᠬᠠᠨ ᠤ᠋ ᠲᠡᠷᠢᠭᠦᠯᠡᠭᠴᠢ᠂ ᠥᠨᠳᠥᠷ ᠳᠡᠰ ᠦ᠋ᠨ ᠵᠥᠪᠯᠡᠭᠴᠢ᠃ ᠳᠤᠮᠳᠠᠳᠤ ᠤᠯᠤᠰ ᠤ᠋ᠨ ᠤᠷᠠᠨ ᠵᠢᠷᠤᠭᠴᠢᠨ ᠤ᠋ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠬᠤᠪᠢᠶᠠᠷᠢ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ ᠨᠡᠷ᠎ᠡ ᠬᠦᠨᠳᠦᠲᠦ ᠡᠷᠬᠢᠯᠡᠭᠴᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠦ᠌ ᠳᠥᠷᠪᠡ᠂ ᠲᠠᠪᠤᠳᠤᠭᠠᠷ ᠬᠤᠭᠤᠴᠠᠭᠠᠨ ᠤ᠋ ᠭᠡᠰᠢᠭᠦᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠦ᠌ ᠱᠠᠰᠢᠨ ᠰᠤᠷᠲᠠᠬᠤᠨ ᠤ᠋ ᠵᠥᠪᠯᠡᠯ ᠦ᠋ᠨ ᠨᠢᠭᠡᠳᠦᠭᠡᠷ ᠳᠡᠳ᠋ ᠡᠷᠬᠢᠯᠡᠭᠴᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠳᠡᠯᠮᠦᠷᠢ ᠶ᠋ᠢᠨ ᠵᠢᠱ᠌ᠢᠶᠡᠴᠢ ᠰᠢᠯᠢᠳᠡᠭ ᠨᠠᠮ ᠤ᠋ᠨ ᠭᠡᠰᠢᠭᠦᠨ ᠵᠡᠷᠭᠡ ᠮᠠᠰᠢ ᠣᠯᠠᠨ ᠥᠩᠭᠡ ᠭᠡᠷᠡᠯ ᠢᠷᠠᠭᠤ ᠠᠯᠳᠠᠷ ᠲᠠᠢ ᠶᠠᠪᠤᠵᠠᠢ᠃ ᠲᠡᠷᠡ ᠨᠠᠢ᠍ᠮᠠᠨ ᠨᠠᠰᠤᠲᠠᠢ ᠳ᠋ᠤ᠌ ᠪᠠᠨ ᠵᠠᠯᠠᠨ ᠠᠢᠯ ᠤ᠋ᠨ ᠪᠠᠭ᠎ᠠ ᠰᠤᠷᠭᠠᠭᠤᠯᠢ ᠳ᠋ᠤ᠌ ᠣᠷᠣᠵᠤ ᠮᠣᠩᠭᠣᠯ ᠪᠢᠴᠢᠭ ᠰᠤᠷᠤᠭᠰᠠᠨ ᠪᠠ ᠰᠡᠭᠦᠯᠡᠷ ᠨᠢ ᠬᠢᠷᠢᠨ ᠮᠣᠵᠢ ᠶ᠋ᠢᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠤᠷᠠᠨ ᠵᠢᠷᠤᠭ ᠤ᠋ᠨ ᠠᠩᠭᠢ ᠳ᠋ᠤ᠌ ᠰᠤᠷᠤᠯᠴᠠᠵᠤ᠂ 1945 ᠣᠨ ᠳ᠋ᠤ᠌ ᠰᠤᠷᠭᠠᠭᠤᠯᠢ ᠪᠠᠨ ᠲᠡᠭᠦᠰᠬᠡᠭᠡᠳ ᠵᠠᠯᠠᠨ ᠠᠢᠯ ᠤ᠋ᠨ ᠪᠠᠭᠰᠢ ᠶ᠋ᠢᠨ ᠰᠤᠷᠭᠠᠭᠤᠯᠢ ᠳ᠋ᠤ᠌ ᠪᠠᠭᠰᠢᠯᠠᠪᠠ᠃
1947 ᠣᠨ ᠳ᠋ᠤ᠌ ᠥᠪᠥᠷ ᠮᠣᠩᠭᠣᠯ ᠤ᠋ᠨ ᠤᠷᠠᠨ ᠰᠠᠢᠬᠠᠨ ᠤ᠋ ᠪᠦᠯᠬᠦᠮ ᠳ᠋ᠦ᠍ ᠰᠢᠯᠵᠢᠨ ᠢᠷᠡᠵᠦ ᠲᠠᠢᠰᠠᠨ ᠤ᠋ ᠵᠢᠷᠤᠭᠴᠢᠨ ᠢ᠋ᠶ᠋ᠠᠷ ᠠᠵᠢᠯᠯᠠᠪᠠ᠃ ᠡᠨᠡ ᠬᠦ᠌ ᠬᠤᠭᠤᠴᠠᠭᠠᠨ ᠳ᠋ᠤ᠌ ᠪᠠᠨ ᠮᠣᠩᠭᠣᠯ ᠬᠢᠲᠠᠳ ᠢ᠋ᠶ᠋ᠠᠷ ᠬᠤᠷᠠᠯ ᠤ᠋ᠨ ᠢᠯᠡᠷᠬᠡᠢᠯᠡᠯ᠂ ᠤᠬᠠᠭᠤᠯᠭ᠎ᠠ ᠶ᠋ᠢᠨ ᠪᠢᠴᠢᠭᠡᠰᠦ᠂ ᠬᠣᠣᠰ ᠤᠶᠠᠩᠭ᠎ᠠ ᠵᠡᠷᠭᠡ ᠮᠠᠰᠢ ᠣᠯᠠᠨ ᠪᠦᠲᠦᠭᠡᠯ ᠢ᠋ ᠤᠷᠠᠯᠠᠨ ᠪᠢᠴᠢᠪᠡ᠃ ᠲᠡᠷᠡ 1957 ᠣᠨ ᠳ᠋ᠤ᠌ ᠥᠪᠥᠷ ᠮᠣᠩᠭᠣᠯ ᠤ᠋ᠨ ᠦᠨᠳᠦᠰᠦᠲᠡᠨ ᠦ᠌ ᠵᠦᠴᠦᠭᠡ ᠶ᠋ᠢᠨ ᠪᠦᠯᠬᠦᠮ ᠦ᠋ᠨ ᠳᠡᠳ᠋ ᠳᠠᠷᠤᠭ᠎ᠠ᠂ ᠰᠣᠶᠣᠯ ᠤ᠋ᠨ ᠲᠢᠩᠬᠢᠮ ᠦ᠋ᠨ ᠠᠷᠠᠳ ᠤ᠋ᠨ ᠤᠳᠬ᠎ᠠ ᠵᠣᠬᠢᠶᠠᠯ ᠰᠤᠳᠤᠯᠬᠤ ᠭᠠᠵᠠᠷ ᠤ᠋ᠨ ᠳᠡᠳ᠋ ᠡᠷᠬᠢᠯᠡᠭᠴᠢ᠂ ᠥᠪᠥᠷ ᠮᠣᠩᠭᠣᠯ ᠤ᠋ᠨ ᠵᠢᠷᠤᠭᠴᠢᠳ ᠤ᠋ᠨ ᠨᠡᠢᠭᠡᠮᠯᠢᠭ ᠦ᠋ᠨ ᠲᠡᠷᠢᠭᠦᠯᠡᠭᠴᠢ ᠶ᠋ᠢᠨ ᠠᠵᠢᠯ ᠢ᠋ ᠡᠭᠦᠷᠭᠡᠯᠡᠵᠦ ᠪᠠᠢᠵᠠᠢ᠃ ᠲᠡᠭᠦᠨ ᠦ᠌ ᠤᠷᠠᠯᠢᠭ ᠤ᠋ᠨ ᠠᠪᠢᠶᠠᠰ ᠪᠤᠰᠤᠳ ᠠ᠋ᠴᠠ ᠬᠡᠲᠦᠢᠳᠴᠦ ᠤᠷᠠᠨ ᠵᠢᠷᠤᠭ᠂ ᠤᠷᠠᠨ ᠪᠢᠴᠢᠯᠭᠡ ᠨᠢ ᠮᠠᠰᠢ ᠭᠠᠢᠬᠠᠯᠲᠠᠢ ᠪᠠᠢᠳᠠᠭ᠃ ᠲᠣᠰᠣᠨ ᠵᠢᠷᠤᠭ᠂ ᠬᠢᠲᠠᠳ ᠵᠢᠷᠤᠭ᠂ ᠤᠰᠤᠨ ᠪᠣᠳᠣᠭ ᠤ᠋ᠨ ᠵᠢᠷᠤᠭ᠂ ᠪᠠᠷ ᠵᠢᠷᠤᠭ᠂ ᠲᠠᠢᠰᠠᠨ ᠤ᠋ ᠵᠠᠰᠠᠯ᠂ ᠤᠷᠠᠨ ᠪᠢᠴᠢᠯᠭᠡ ᠨᠢ ᠪᠦᠷ ᠪᠤᠰᠤᠳ ᠠ᠋ᠴᠠ ᠴᠣᠯᠭᠣᠷᠠᠭᠰᠠᠨ ᠪᠢᠯᠡ᠃ 1956 ᠣᠨ ᠳ᠋ᠤ᠌ ᠤᠷᠠᠨ ᠵᠢᠷᠤᠭ ᠢ᠋ᠶ᠋ᠠᠷ ᠢ᠋ᠶ᠋ᠠᠨ ᠪᠦᠬᠦ ᠤᠯᠤᠰ ᠤ᠋ᠨ ᠨᠢᠭᠡᠳᠦᠭᠡᠷ ᠳᠡᠰ ᠦ᠋ᠨ ᠱᠠᠩᠨᠠᠯ ᠢ᠋ ᠲᠤᠰᠤᠭᠰᠠᠨ ᠠ᠋ᠴᠠ ᠰᠡᠭᠦᠯᠡᠷ ᠮᠠᠰᠢ ᠣᠯᠠᠨ ᠵᠢᠷᠤᠭ ᠪᠢᠴᠢᠯᠭᠡ ᠶ᠋ᠢᠨ ᠪᠦᠲᠦᠭᠡᠯ ᠨᠢ ᠪᠦᠬᠦ ᠤᠯᠤᠰ᠂ ᠣᠷᠣᠨ ᠤ᠋ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ ᠦ᠋ᠨ ᠱᠠᠩᠨᠠᠯ ᠢ᠋ ᠬᠦᠷᠲᠡᠵᠦ ᠥᠩᠭᠡᠷᠡᠵᠡᠢ᠃ ᠲᠡᠷᠡ ᠬᠢᠲᠠᠳ ᠤᠷᠠᠨ ᠪᠢᠴᠢᠯᠭᠡ᠂ ᠮᠣᠩᠭᠣᠯ ᠤᠷᠠᠨ ᠪᠢᠴᠢᠯᠭᠡ ᠳ᠋ᠦ᠍ ᠴᠠᠭᠠᠷᠠᠵᠤ ᠣᠯᠠᠨ ᠤᠳᠠᠭᠠᠨ ᠤ᠋ ᠬᠤᠪᠢ ᠬᠥᠮᠦᠨ ᠦ᠌ ᠤᠷᠠᠨ ᠵᠢᠷᠤᠭ᠂ ᠤᠷᠠᠨ ᠪᠢᠴᠢᠯᠭᠡ ᠶ᠋ᠢᠨ ᠦᠵᠡᠰᠬᠦᠯᠡᠩ ᠢ᠋ ᠡᠷᠭᠢᠯᠡᠵᠡᠢ᠃ ᠲᠡᠭᠦᠨ ᠦ᠌ ᠪᠦᠲᠦᠭᠡᠯ ᠨᠢ ᠪᠦᠬᠦ ᠣᠷᠣᠨ ᠤ᠋ ᠠᠩᠬᠠᠳᠤᠭᠠᠷ ᠬᠤᠭᠤᠴᠠᠭᠠᠨ ᠤ᠋ 《 ᠰᠠᠷᠠᠨ᠎ᠠ 》 ᠱᠠᠩᠨᠠᠯ ᠢ᠋ ᠬᠦᠷᠲᠡᠵᠡᠢ᠃ ᠲᠡᠷᠡ ᠪᠠᠰᠠ ᠴᠦᠩᠴᠢᠩ ᠦ᠋ᠨ ᠬᠤᠪᠢᠰᠬᠠᠯᠲᠤ ᠪᠠᠭᠠᠲᠤᠷᠴᠤᠳ ᠤ᠋ᠨ ᠣᠩᠭᠣᠨ ᠤ᠋ ᠬᠥᠰᠢᠶᠡᠨ ᠦ᠌ ᠪᠢᠴᠢᠭᠡᠰᠦ᠂ ᠬᠥᠬᠡᠬᠣᠲᠠ ᠶ᠋ᠢᠨ ᠲᠡᠭᠦᠷᠭᠡ ᠳ᠋ᠡᠬᠢ ᠸᠠᠩ ᠵᠣᠣ ᠵᠢᠶᠦ᠋ᠨ ᠦ᠌ ᠣᠩᠭᠣᠨ ᠳ᠋ᠠᠬᠢ ᠳ᠋ᠦᠩ ᠪᠢ ᠦ ᠶ᠋ᠢᠨ ᠪᠢᠴᠢᠭᠰᠡᠨ ᠬᠥᠰᠢᠶᠡᠨ ᠦ᠌ ᠪᠢᠴᠢᠭᠡᠰᠦ ᠶ᠋ᠢ ᠴᠦ᠍ ᠮᠣᠩᠭᠣᠯᠴᠢᠯᠠᠨ ᠪᠢᠴᠢᠪᠡ᠃ 2001 ᠣᠨ ᠳ᠋ᠤ᠌ ᠳᠤᠮᠳᠠᠳᠤ ᠤᠯᠤᠰ ᠤ᠋ᠨ ᠤᠷᠠᠨ ᠪᠢᠴᠢᠯᠭᠡᠲᠡᠳ ᠦ᠋ᠨ ᠨᠡᠢᠭᠡᠮᠯᠢᠭ ᠡᠴᠡ 《 ᠤᠷᠠᠨ ᠪᠢᠴᠢᠯᠭᠡ ᠶ᠋ᠢᠨ ᠤᠷᠠᠯᠢᠭ ᠤ᠋ᠨ ᠢᠷᠠᠭᠤ ᠠᠯᠳᠠᠷ ᠤ᠋ᠨ ᠱᠠᠩᠨᠠᠯ 》 ᠬᠡᠮᠡᠬᠦ ᠲᠣᠮᠣᠬᠠᠨ ᠱᠠᠩᠨᠠᠯ ᠢ᠋ ᠲᠤᠰᠬᠠᠢᠯᠠᠨ ᠲᠡᠭᠦᠨ ᠳ᠋ᠦ᠍ ᠬᠦᠷᠲᠡᠭᠡᠵᠡᠢ᠃ ᠳᠤᠮᠳᠠᠳᠤ ᠤᠯᠤᠰ ᠤ᠋ᠨ ᠰᠢ ᠵᠦᠴᠦᠭᠡ ᠶ᠋ᠢᠨ ᠨᠡᠢᠭᠡᠮᠯᠢᠭ ᠡᠴᠡ 《 ᠶᠠᠷᠢᠶᠠᠲᠤ ᠵᠦᠴᠦᠭᠡ ᠶ᠋ᠢᠨ ᠤᠷᠠᠯᠢᠭ ᠲᠤ᠌ 50 ᠵᠢᠯ ᠮᠡᠷᠡᠢᠭᠰᠡᠨ ᠵᠢᠳᠬᠦᠯᠲᠡᠨ 》 ᠦ᠌ ᠱᠠᠩᠨᠠᠯ ᠢ᠋ ᠴᠦ᠍ ᠣᠯᠭᠤᠵᠠᠢ᠃ ᠠᠢᠯ ᠨᠥᠬᠥᠷ ᠵᠢᠷᠤᠭ ᠪᠢᠴᠢᠯᠭᠡ ᠳ᠋ᠦ᠍ ᠯᠡ ᠭᠠᠷᠮᠠᠭᠠᠢ ᠪᠠᠷ ᠵᠣᠭᠰᠣᠬᠤ ᠦᠭᠡᠢ᠂ ᠵᠢᠷᠤᠭ ᠪᠢᠴᠢᠯᠭᠡ ᠶ᠋ᠢᠨ ᠤᠷᠠᠯᠢᠭ ᠤ᠋ᠨ ᠪᠦᠲᠦᠭᠡᠯ ᠢ᠋ ᠬᠣᠷᠢᠶᠠᠨ ᠬᠠᠳᠠᠭᠠᠯᠠᠵᠤ ᠥᠪᠵᠢᠭᠦᠯᠬᠦ ᠦᠢᠯᠡᠰ ᠲᠦ᠍ ᠮᠠᠰᠢ ᠶᠡᠬᠡ ᠵᠢᠳᠬᠦᠯ ᠲᠡᠢ ᠶᠠᠪᠤᠵᠠᠢ᠃ ᠲᠡᠭᠦᠨ ᠦ᠌ ᠤᠷᠠᠨ ᠪᠢᠴᠢᠯᠭᠡ᠂ ᠤᠷᠠᠨ ᠵᠢᠷᠤᠭ ᠨᠢ ᠶᠠᠫᠣᠨ᠂ ᠣᠷᠣᠰ᠂ ᠠᠮᠧᠷᠢᠺᠠ᠂ ᠭᠧᠷᠮᠠᠨ᠂ ᠰᠢᠩᠭᠠᠫᠦᠷ ᠵᠡᠷᠭᠡ ᠤᠯᠤᠰ ᠪᠠ ᠲᠠᠢᠸᠠᠨ᠂ ᠰᠢᠶᠠᠩᠭᠠᠩ ᠮᠡᠲᠦ ᠭᠠᠵᠠᠷ ᠣᠷᠣᠨ ᠢ᠋ᠶ᠋ᠠᠷ ᠬᠣᠷᠢᠶᠠᠨ ᠬᠠᠳᠠᠭᠠᠯᠠᠭᠳᠠᠭᠰᠠᠨ ᠮᠥᠷᠲᠡᠭᠡᠨ ᠡᠳᠡᠭᠡᠷ ᠭᠠᠵᠠᠷ ᠤ᠋ᠳ ᠤ᠋ᠨ ᠦᠵᠡᠰᠬᠦᠯᠡᠩ ᠳ᠋ᠦ᠍ ᠣᠷᠣᠯᠴᠠᠵᠤ ᠶᠠᠪᠤᠵᠠᠢ᠃ ᠥᠪᠥᠷ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ ᠠ᠋ᠴᠠ 《 ᠨᠠᠭᠤᠷ ᠠᠮᠤᠭᠤᠯᠠᠩ ᠪᠣᠯ ᠨᠤᠭᠤᠰᠤ ᠠᠮᠤᠭᠤᠯᠠᠩ 》 ᠭᠡᠰᠡᠨ ᠪᠢᠴᠢᠭᠡᠰᠦ ᠶ᠋ᠢ ᠨᠢ ᠬᠡᠪᠯᠡᠨ ᠲᠠᠷᠬᠠᠭᠠᠪᠠ᠃
ᠠᠢᠯ ᠨᠥᠬᠥᠷ 2008 ᠣᠨ ᠤ᠋ 9 ᠰᠠᠷ᠎ᠠ ᠶ᠋ᠢᠨ 5 ᠳ᠋ᠤ᠌ ᠬᠣᠷᠸ᠎ᠠ ᠶ᠋ᠢᠨ ᠮᠥᠩᠬᠡ ᠪᠤᠰᠤ ᠶ᠋ᠢ ᠬᠠᠷᠠᠭᠤᠯᠪᠠᠢ᠃
ᠠᠢᠯ ᠤ᠋ᠨ ᠤᠷᠠᠨ ᠪᠢᠴᠢᠯᠭᠡ

