ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠨᠠᠢᠷᠠᠯᠲᠤ Шинэ дундад улсын уран бичлэгдэд -<1>1949 оноос өмнө мэндэлсэд - Найралт ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠨᠠᠢᠷᠠᠯᠲᠤ Шинэ дундад улсын уран бичлэгдэд -<1>1949 оноос өмнө мэндэлсэд - Найралт

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠨᠠᠢᠷᠠᠯᠲᠤ Шинэ дундад улсын уран бичлэгдэд -<1>1949 оноос өмнө мэндэлсэд - Найралт

ᠠᠩᠭᠢᠯᠠᠯ:ᠤᠷᠠᠨ ᠪᠢᠴᠢᠯᠭᠡ
2024-03-24

322

<ᠨᠢᠭᠡ> 1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ

—— ᠨᠠᠢᠷᠠᠯᠲᠤ Найралт


       ᠨᠠᠢᠷᠠᠯᠲᠤ ( 1924 -2020 ) ᠡᠷᠩᠳᠠᠢ᠂ ᠮᠣᠩᠭᠣᠯ ᠦᠨᠳᠦᠰᠦᠲᠡᠨ᠂ 1924 ᠣᠨ ᠤ᠋12 ᠰᠠᠷ᠎ᠠ ᠳ᠋ᠤ᠌ ᠲᠥᠷᠥᠪᠡ᠃ ᠪᠠᠭ᠎ᠠ ᠶ᠋ᠢᠨ ᠦᠶ᠎ᠡ ᠳ᠋ᠦ᠍ ᠪᠡᠨ ᠨᠤᠲᠤᠭ ᠤ᠋ᠨ ᠢ᠋ᠶ᠋ᠠᠨ ᠬᠠᠯᠵᠢᠨ ᠠᠢᠯ ᠤ᠋ᠨ ᠯᠢᠦ ᠲᠠᠢᠫᠢᠩ ᠪᠠᠭᠰᠢ ᠶ᠋ᠢᠨ ᠡᠷᠬᠢᠯᠡᠭᠰᠡᠨ ᠭᠡᠷ ᠦ᠋ᠨ ᠰᠤᠷᠭᠠᠭᠤᠯᠢ ᠳ᠋ᠤ᠌ ᠰᠤᠷᠤᠯᠴᠠᠬᠤ ᠳ᠋ᠤ᠌ ᠪᠠᠨ ᠦᠯᠢᠭᠡᠷ ᠦ᠋ᠨ ᠳᠡᠪᠲᠡᠷ ᠬᠠᠭᠤᠯᠬᠤ᠂ ᠵᠠᠬᠢᠳᠠᠯ ᠴᠢᠮᠡᠭᠡ ᠪᠢᠴᠢᠬᠦ᠂ ᠬᠣᠣᠰ ᠤᠶᠠᠩᠭ᠎ᠠ ᠪᠢᠴᠢᠬᠦ ᠪᠡᠷ ᠳᠠᠮᠵᠢᠨ ᠦᠰᠦᠨ ᠪᠢᠷ ᠦ᠋ᠨ ᠪᠢᠴᠢᠯᠭᠡ ᠨᠢ ᠨᠡᠯᠢᠶᠡᠳ ᠰᠠᠭᠤᠷᠢ ᠲᠠᠢ ᠪᠣᠯᠤᠭᠰᠠᠨ ᠠ᠋ᠴᠠ ᠤᠷᠠᠨ ᠪᠢᠴᠢᠯᠭᠡ ᠪᠡᠨ ᠤᠯᠠᠮ ᠰᠢᠮᠳᠠᠨ ᠰᠤᠷᠤᠯᠴᠠᠬᠤ ᠤᠷᠮ᠎ᠠ ᠪᠠᠬᠠᠲᠠᠢ ᠪᠣᠯᠤᠭᠰᠠᠨ ᠪᠠᠢᠨ᠎ᠠ᠃ ᠬᠣᠵᠢᠮ ᠨᠢ ᠠᠯᠪᠠᠨ ᠠ᠋ᠴᠠ ᠪᠠᠢᠭᠤᠯᠤᠭᠰᠠᠨ ᠭᠤᠸᠠᠮᠤᠳᠤ ᠪᠠᠭ᠎ᠠ ᠰᠤᠷᠭᠠᠭᠤᠯᠢ ᠪᠣᠯᠤᠨ ᠪᠠᠶᠠᠨᠲᠠᠯ᠎ᠠ ᠳᠤᠮᠳᠠᠳᠤ ᠰᠤᠷᠭᠠᠭᠤᠯᠢ ᠨᠤᠭᠤᠳ ᠲᠤ᠌ ᠰᠤᠷᠤᠯᠴᠠᠵᠤ ᠪᠠᠢᠭ᠎ᠠ ᠦᠶᠡᠰ ᠬᠢᠲᠠᠳ ᠤᠷᠠᠨ ᠪᠢᠴᠢᠯᠭᠡ ᠶ᠋ᠢᠨ ᠲᠥᠪ ᠪᠢᠴᠢᠯᠭᠡ ᠶ᠋ᠢ ᠴᠦ᠍ ᠡᠳᠦᠢ ᠲᠡᠳᠦᠢ ᠣᠷᠣᠯᠳᠣᠭᠰᠠᠨ ᠠ᠋ᠴᠠ ᠮᠣᠩᠭᠣᠯ ᠤᠷᠠᠨ ᠪᠢᠴᠢᠯᠭᠡ ᠶ᠋ᠢᠨ ᠳᠡᠭᠡᠭᠰᠢᠯᠡᠯᠲᠡ ᠳ᠋ᠦ᠍ᠨᠢ ᠲᠤᠰᠠ ᠳᠡᠮᠵᠢᠯᠭᠡ ᠪᠣᠯᠵᠤ ᠴᠢᠳᠠᠵᠠᠢ᠃ ᠲᠡᠷᠡ ᠪᠠᠬᠠᠷᠤᠮ᠎ᠠ ᠰᠠᠢᠬᠠᠨ ᠪᠢᠴᠢᠯᠭᠡ ᠲᠣᠬᠢᠶᠠᠯᠳᠤᠪᠠᠯ ᠠᠯᠳᠠᠯ ᠦᠭᠡᠢ ᠳᠠᠭᠤᠷᠢᠶᠠᠨ ᠪᠢᠴᠢᠵᠦ ᠪᠢᠷ᠂ ᠪᠡᠬᠡ᠂ ᠴᠠᠭᠠᠰᠤ᠂ ᠵᠢᠭᠤᠷᠠᠭᠤᠯ ᠪᠡᠯᠡᠨ ᠦᠭᠡᠢ ᠪᠣᠯ ᠡᠯᠡᠰᠦᠨ ᠳᠡᠭᠡᠷ᠎ᠡ ᠴᠦ᠍ ᠵᠢᠷᠤᠵᠤ ᠪᠠᠢᠭᠠᠳ ᠳᠠᠭᠤᠷᠢᠶᠠᠨ ᠰᠤᠷᠳᠠᠭ ᠪᠠᠢᠯ᠎ᠠ᠃ ᠲᠡᠷᠡ ᠪᠡᠷ ᠣᠷᠴᠢᠭᠤᠯᠭ᠎ᠠ ᠶ᠋ᠢᠨ ᠠᠵᠢᠯ ᠡᠭᠦᠷᠭᠡ ᠶ᠋ᠢ ᠤᠷᠲᠤ ᠬᠤᠭᠤᠴᠠᠭ᠎ᠠ ᠭᠦᠢᠴᠡᠳᠬᠡᠬᠦ ᠳ᠋ᠦ᠍ ᠪᠡᠨ ᠴᠦ᠍ ᠦᠰᠦᠨ ᠪᠢᠷ ᠦ᠋ᠨ ᠪᠢᠴᠢᠯᠭᠡ ᠶ᠋ᠢᠨ ᠪᠣᠯᠪᠠᠰᠤᠷᠠᠯ ᠢ᠋ ᠬᠠᠶᠠᠯ ᠦᠭᠡᠢ ᠤᠷᠤᠯᠳᠤᠵᠤ ᠪᠠᠢᠪᠠ᠃ ᠲᠡᠢᠮᠦ ᠶ᠋ᠢᠨ ᠲᠤᠯᠠ ᠪᠢᠴᠢᠯᠭᠡ ᠨᠢ ᠨᠡᠯᠢᠶᠡᠳ ᠬᠡᠪᠰᠢᠨ ᠰᠠᠢᠵᠢᠷᠠᠬᠤ ᠶ᠋ᠢᠨ ᠳᠠᠭᠠᠤ᠂ ᠲᠡᠭᠦᠨ ᠦ᠌ ᠪᠢᠴᠢᠭᠰᠡᠨ ᠵᠠᠷᠢᠮ ᠳᠠᠭᠤᠤ ᠰᠢᠯᠦᠭ ᠦ᠋ᠨ ᠤᠷᠠᠨ ᠪᠢᠴᠢᠯᠭᠡ ᠨᠦ᠍ᠭᠦᠳ ᠨᠢ ᠥᠪᠥᠷ ᠮᠣᠩᠭᠣᠯ ᠤ᠋ᠨ ᠰᠣᠨᠢᠨ ᠰᠡᠳᠬᠦᠯ ᠦ᠋ᠳ ᠳᠡᠭᠡᠷ᠎ᠡ ᠨᠡᠢᠲᠡᠯᠡᠭᠰᠡᠨ ᠪᠠᠢᠪᠠ᠃ ᠲᠡᠭᠦᠨᠴᠢᠯᠡᠨ ᠤᠷᠲᠤ ᠤᠳᠠᠭᠠᠨ ᠬᠤᠭᠤᠴᠠᠭᠠᠨ᠎ᠠ ᠥᠪᠥᠷ ᠮᠣᠩᠭᠣᠯ ᠤ᠋ᠨ ᠵᠠᠰᠠᠭ ᠵᠠᠬᠢᠷᠭ᠎ᠠ ᠶ᠋ᠢᠨ ᠺᠠᠲᠷ ᠤ᠋ᠨ ᠰᠤᠷᠭᠠᠭᠤᠯᠢ ᠪᠠ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ᠂ ᠰᠣᠶᠣᠯ ᠤ᠋ᠨ ᠲᠢᠩᠬᠢᠮ ᠵᠡᠷᠭᠡ ᠪᠠᠢᠭᠤᠯᠭ᠎ᠠ ᠳ᠋ᠤ᠌ ᠠᠵᠢᠯᠯᠠᠵᠤ᠂ ᠣᠷᠴᠢᠭᠤᠯᠬᠤ ᠨᠠᠢᠷᠠᠭᠤᠯᠬᠤ ᠠᠵᠢᠯ ᠤ᠋ᠨ ᠡᠭᠦᠷᠭᠡ ᠪᠡᠨ ᠭᠦᠢᠴᠡᠳᠬᠡᠬᠦ ᠶ᠋ᠢᠨ ᠶᠠᠪᠤᠴᠠ ᠳ᠋ᠤ᠌ ᠦᠢ ᠣᠯᠠᠨ ᠰᠣᠶᠣᠯ ᠤᠷᠠᠯᠢᠭ ᠤ᠋ᠨ ᠠᠵᠢᠯᠲᠠᠨ ᠲᠠᠢ ᠬᠠᠮᠲᠤ ᠠᠵᠢᠯᠯᠠᠵᠤ᠂ ᠤᠳᠬ᠎ᠠ ᠵᠣᠬᠢᠶᠠᠯ ᠰᠣᠶᠣᠯ ᠤᠷᠠᠯᠢᠭ ᠤ᠋ᠨ ᠲᠤᠬᠠᠢ ᠪᠢᠴᠢᠭ ᠮᠠᠲ᠋ᠧᠷᠢᠶᠠᠯ ᠲᠠᠢ ᠣᠢᠷᠠᠳᠬᠤ ᠵᠠᠪᠰᠢᠶᠠᠨ ᠲᠠᠢ ᠪᠣᠯᠵᠤ᠂ ᠦᠵᠡᠵᠦ ᠰᠣᠨᠣᠰᠤᠭᠰᠠᠨ ᠨᠢ ᠣᠯᠠᠨ ᠮᠡᠳᠡᠵᠦ ᠴᠢᠳᠠᠬᠤ ᠨᠢ ᠠᠷᠪᠢᠨ ᠪᠣᠯᠵᠤ ᠢᠳᠡᠭ ᠢᠳᠡᠭ ᠢ᠋ᠶ᠋ᠡᠷ ᠰᠣᠶᠣᠯ ᠤᠷᠠᠯᠢᠭ ᠤ᠋ᠨ ᠠᠵᠢᠯ ᠳ᠋ᠤ᠌ ᠰᠢᠮᠳᠠᠨ ᠤᠷᠮᠠᠰᠢᠵᠤ᠂ ᠦᠨᠳᠦᠰᠦᠲᠡᠨ ᠦ᠌ ᠥᠪᠡᠷᠮᠢᠴᠡ ᠣᠨᠴᠠᠯᠢᠭᠲᠤ ᠤᠷᠠᠨ ᠪᠢᠴᠢᠯᠭᠡ ᠶ᠋ᠢᠨ ᠤᠷᠠᠯᠢᠭ ᠢ᠋ ᠬᠥᠭᠡᠭᠡᠴᠡᠯᠳᠦᠬᠦ ᠪᠣᠯᠵᠠᠢ᠃  
       ᠲᠤᠬᠠᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠮᠦᠽᠧᠢ ᠪᠤᠶᠤ ᠦᠵᠡᠰᠬᠦᠯᠡᠩ ᠦ᠋ᠨ ᠲᠣᠮᠣ ᠵᠢᠵᠢᠭ ᠰᠡᠳᠦᠪ ᠬᠢᠭᠡᠳ ᠲᠠᠢᠯᠪᠤᠷᠢ ᠦᠭᠡᠰ ᠵᠡᠷᠭᠡ ᠶ᠋ᠢ ᠦᠰᠦᠨ ᠪᠢᠷ ᠦ᠋ᠨ ᠠᠳᠠᠯᠢ ᠪᠤᠰᠤ ᠪᠢᠴᠢᠯᠭᠡ ᠨᠦ᠍ᠭᠦᠳ ᠢ᠋ᠶ᠋ᠡᠷ ᠰᠡᠢᠷᠡᠭᠦᠯᠵᠦ ᠪᠢᠴᠢᠬᠦ ᠶ᠋ᠢᠨ ᠬᠠᠮᠲᠤ ᠦᠰᠦᠨ ᠪᠢᠷ ᠦ᠋ᠨ ᠲᠥᠪ ᠪᠢᠴᠢᠯᠭᠡ ᠭᠦᠶᠦᠯᠭᠡᠨ ᠪᠢᠴᠢᠯᠭᠡ ᠶ᠋ᠢ ᠰᠤᠷᠬᠤ ᠶ᠋ᠢᠨ ᠳᠠᠭᠠᠤ ᠬᠢᠲᠠᠳ ᠤᠷᠠᠨ ᠪᠢᠴᠢᠯᠭᠡ ᠶ᠋ᠢᠨ ᠪᠢᠷ ᠶᠠᠪᠤᠭᠤᠯᠬᠤ ᠶᠣᠰᠣ ᠶ᠋ᠢ ᠮᠣᠩᠭᠣᠯ ᠤᠷᠠᠨ ᠪᠢᠴᠢᠯᠭᠡ ᠳ᠋ᠦ᠍ ᠬᠡᠷᠬᠢᠨ ᠠᠭᠤᠰᠬᠠᠨ ᠠᠰᠢᠭᠯᠠᠬᠤ ᠲᠠᠯ᠎ᠠ ᠪᠠᠷ ᠴᠦ᠍ ᠠᠩᠬᠠᠷᠤᠨ ᠰᠦᠪᠡᠭᠴᠢᠯᠡᠵᠦ ᠪᠢᠴᠢᠯᠭᠡ ᠶ᠋ᠢᠨ ᠲᠢᠭ ᠢ᠋ᠶ᠋ᠡᠨ ᠴᠢᠳᠠᠬᠤᠢᠴᠠ ᠡᠪᠯᠢᠭ ᠲᠣᠳᠣᠷᠠᠭᠠᠳ᠂ ᠵᠣᠬᠢᠮᠵᠢᠲᠠᠢ ᠪᠥᠭᠡᠳ ᠤᠷᠤᠰᠤᠮ᠎ᠠ ᠰᠠᠢᠬᠠᠨ ᠪᠣᠯᠭᠠᠬᠤ ᠪᠠᠷ ᠴᠢᠷᠮᠠᠢᠳᠠᠭ ᠪᠠᠢᠯ᠎ᠠ᠃   
       ᠴᠢᠩᠭᠢᠰ ᠬᠠᠭᠠᠨ ᠤ᠋ ᠣᠩᠭᠣᠨ᠂ ᠶᠤᠸᠠᠨ ᠤᠯᠤᠰ ᠤ᠋ᠨ ᠳᠡᠭᠡᠳᠦ ᠨᠡᠢᠰᠯᠡᠯ ᠦ᠋ᠨ ᠪᠠᠭᠤᠷᠢ᠂ ᠬᠥᠬᠡᠬᠣᠲᠠ ᠳ᠋ᠠᠬᠢ ᠵᠠᠩᠵᠤᠨ ᠶᠠᠮᠤᠨ ᠤ᠋ ᠬᠠᠭᠤᠴᠢ ᠣᠷᠣᠨ᠂ ᠤᠯᠠᠭᠠᠠᠭᠦᠥ ᠶ᠋ᠢᠨ ᠳᠤᠷᠠᠰᠬᠠᠯ ᠤ᠋ᠨ ᠣᠷᠳᠣᠨ᠂ ᠠᠨᠾᠦ᠋ᠢ ᠮᠣᠵᠢ ᠶ᠋ᠢᠨ ᠱᠸᠩᠴᠢᠥᠸᠠᠨ ᠵᠡᠷᠭᠡ ᠭᠠᠵᠠᠷ ᠤ᠋ᠳ ᠲᠤ᠌ ᠲᠡᠭᠦᠨ ᠦ᠌ ᠪᠢᠴᠢᠭᠰᠡᠨ ᠮᠣᠩᠭᠣᠯ ᠪᠢᠴᠢᠭᠡᠰᠦ ᠪᠠᠢᠳᠠᠭ᠃ ᠤᠷᠠᠨ ᠪᠢᠴᠢᠯᠭᠡ ᠶ᠋ᠢᠨ ᠪᠦᠲᠦᠭᠡᠯ ᠨᠢ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠦᠵᠡᠰᠬᠦᠯᠡᠩ ᠳ᠋ᠦ᠍ ᠣᠯᠠᠨ ᠤᠳᠠᠭ᠎ᠠ ᠰᠣᠩᠭᠣᠭᠳᠠᠭᠰᠠᠨ ᠪᠥᠭᠡᠳ 《 ᠤᠮᠠᠷᠠᠲᠤ ᠣᠷᠣᠨ ᠤ᠋ ᠤᠷᠠᠨ ᠪᠢᠴᠢᠯᠭᠡ ᠶ᠋ᠢᠨ ᠦᠵᠡᠰᠬᠦᠯᠡᠩ ᠦ᠋ᠨ ᠲᠡᠭᠦᠪᠦᠷᠢ 》᠂《 ᠵᠣᠣ ᠯᠢᠩ ( ᠳᠠᠩ ᠤᠯᠤᠰ ᠤ᠋ᠨ ᠦᠶ᠎ᠡ ᠶ᠋ᠢᠨ ᠣᠩᠭᠣᠨ ) ᠳ᠋ᠠᠬᠢ ᠵᠢᠷᠤᠭ ᠪᠢᠴᠢᠯᠭᠡ ᠶ᠋ᠢᠨ ᠪᠦᠲᠦᠭᠡᠯ ᠦ᠋ᠨ ᠲᠡᠭᠦᠪᠦᠷᠢ 》᠂《 ᠯᠤᠤ ᠶ᠋ᠢᠨ ᠤᠯᠠᠮᠵᠢᠯᠠᠭᠴᠢ 》᠂《 ᠮᠠᠤ ᠽᠧ ᠳ᠋ᠦᠩ ᠦ᠋ᠨ ᠮᠠᠨᠳᠤᠯᠩᠰᠠᠨ 110 ᠵᠢᠯ ᠦ᠋ᠨ ᠣᠢ ᠶ᠋ᠢ ᠳᠤᠷᠠᠰᠬᠠᠭᠰᠠᠨ ᠵᠢᠷᠤᠭ ᠪᠢᠴᠢᠯᠭᠡ ᠶ᠋ᠢᠨ ᠪᠦᠲᠦᠭᠡᠯ ᠦ᠋ᠨ ᠲᠡᠭᠦᠪᠦᠷᠢ 》 ᠵᠡᠷᠭᠡ ᠳ᠋ᠦ᠍ ᠰᠢᠯᠢᠭᠳᠡᠪᠡ᠃   
       ᠲᠡᠭᠦᠨ ᠦ᠌ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ᠋ ᠨᠢᠭᠡᠳᠦᠭᠡᠷ᠂ ᠬᠣᠶᠠᠳᠤᠭᠠᠷ ᠤᠳᠠᠭ᠎ᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠲᠤᠰ ᠪᠦᠷᠢ ᠲᠡᠷᠢᠭᠦᠨ ᠱᠠᠩᠨᠠᠯ ᠬᠦᠷᠲᠡᠵᠡᠢ᠃ ᠳᠠᠯᠠᠢ ᠶ᠋ᠢᠨ ᠬᠠᠪᠴᠢᠯ ᠤ᠋ᠨ ᠬᠣᠶᠠᠷ ᠡᠷᠭᠢ ᠶ᠋ᠢᠨ ᠬᠣᠶᠠᠳᠤᠭᠠᠷ ᠤᠳᠠᠭᠠᠨ ᠤ᠋ 《 ᠸᠠᠩ ᠤ᠋ᠨ ᠬᠤᠨᠳᠠᠭ᠎ᠠ 》 ᠵᠢᠷᠤᠭ ᠪᠢᠴᠢᠯᠭᠡ ᠶ᠋ᠢᠨ ᠲᠣᠮᠣ ᠦᠵᠡᠰᠬᠦᠯᠡᠩ ᠦ᠋ᠨ ᠱᠠᠩᠨᠠᠯ ᠲᠤᠰᠤᠭᠰᠠᠨ ᠤᠳᠠᠭ᠎ᠠ ᠲᠠᠢ᠃ ᠳᠤᠮᠳᠠᠳᠤ ᠶ᠋ᠢᠨ ᠦᠨᠳᠦᠰᠦᠲᠡᠨ ᠦ᠌ ᠵᠢᠷᠤᠭ ᠪᠢᠴᠢᠯᠭᠡ ᠶ᠋ᠢᠨ ᠤᠷᠠᠯᠢᠭ ᠬᠢᠭᠡᠳ ᠬᠥᠬᠢᠭᠦᠯᠦᠨ ᠰᠠᠢᠰᠢᠶᠠᠬᠤ ᠬᠤᠷᠠᠯ ᠳ᠋ᠤ᠌ ᠤᠷᠠᠨ ᠪᠢᠴᠢᠯᠭᠡ ᠶ᠋ᠢᠨ ᠪᠦᠲᠦᠭᠡᠯ ᠨᠢ ᠱᠠᠩᠨᠠᠯ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ᠋ ᠤᠷᠠᠯᠢᠭ ᠤ᠋ᠨ ᠬᠠᠮᠤᠭ ᠳᠡᠭᠡᠳᠦ 《 ᠰᠠᠷᠠᠨ᠎ᠠ 》 ᠱᠠᠩᠨᠠᠯ ᠢ᠋ ᠬᠦᠷᠲᠡᠵᠦ ᠥᠩᠭᠡᠷᠡᠵᠢ᠃ ᠪᠠᠰᠠ ᠨᠠᠢ᠍ᠮᠠᠨ ᠮᠣᠵᠢ ᠣᠷᠣᠨ ᠤ᠋ ᠠᠩᠬᠠᠳᠤᠭᠠᠷ ᠤᠳᠠᠭ᠎ᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠦ᠋ᠨ ᠰᠢᠯᠢᠳᠡᠭ ᠱᠠᠩᠨᠠᠯ ᠢ᠋ ᠬᠦᠷᠲᠡᠪᠡ᠃  
       ᠲᠡᠭᠦᠨ ᠦ᠌ ᠤᠷᠠᠯᠢᠭ ᠤ᠋ᠨ ᠲᠥᠯᠥᠭᠡ ᠬᠥᠭᠡᠭᠡᠴᠡᠯᠳᠦᠭᠰᠡᠨ ᠦᠢᠯᠡ ᠶᠠᠪᠤᠳᠠᠯ ᠢ᠋ ᠨᠢ 《 ᠳᠤᠮᠳᠠᠳᠤ ᠤᠯᠤᠰ ᠤ᠋ᠨ ᠡᠯ᠎ᠡ ᠦᠶ᠎ᠡ ᠶ᠋ᠢᠨ ᠤᠷᠠᠨ ᠪᠢᠴᠢᠯᠭᠡᠲᠡᠳ ᠦ᠋ᠨ ᠨᠡᠷᠡᠰ ᠦ᠋ᠨ ᠲᠣᠯᠢ 》᠂《 ᠳᠤᠮᠳᠠᠳᠤ ᠤᠯᠤᠰ ᠤ᠋ᠨ ᠣᠳᠣ ᠦᠶ᠎ᠡ ᠶ᠋ᠢᠨ ᠤᠷᠠᠨ ᠪᠢᠴᠢᠯᠭᠡᠲᠡᠳ ᠦ᠋ᠨ ᠲᠣᠯᠢ 》ᠨᠤᠭᠤᠳ ᠲᠤ᠌ ᠣᠷᠣᠪᠠ᠃  
       《 ᠮᠣᠩᠭᠣᠯ ᠤᠷᠠᠨ ᠪᠢᠴᠢᠯᠭᠡ ᠶ᠋ᠢᠨ ᠲᠣᠢᠮᠣ 》᠂《 ᠡᠷᠲᠡᠨ ᠡᠳᠦᠭᠡᠬᠢ ᠮᠣᠩᠭᠣᠯ ᠤᠷᠠᠨ ᠪᠢᠴᠢᠯᠭᠡ ᠶ᠋ᠢᠨ ᠱᠦᠭᠦᠮᠡᠯ》ᠵᠡᠷᠭᠡ ᠶ᠋ᠢᠨ ᠨᠠᠢᠷᠠᠭᠤᠯᠬᠤ ᠠᠵᠢᠯ ᠳ᠋ᠤ᠌ ᠣᠷᠣᠯᠴᠠᠪᠠ᠃   
       ᠤᠷᠠᠨ ᠪᠢᠴᠢᠯᠭᠡ ᠶ᠋ᠢᠨ ᠪᠦᠲᠦᠭᠡᠯ ᠨᠢ ᠶᠠᠫᠣᠨ ᠤᠯᠤᠰ ᠤ᠋ᠨ ᠺᠢᠥᠲ᠋ᠤ‍ ᠬᠣᠲᠠ ᠳ᠋ᠤ᠌ ᠪᠣᠯᠤᠭᠰᠠᠨ ᠦᠵᠡᠰᠬᠦᠯᠡᠩ ᠳ᠋ᠦ᠍ ᠣᠷᠣᠯᠴᠠᠭᠰᠠᠨ ᠪᠥᠭᠡᠳ1995 ᠣᠨ ᠳ᠋ᠤ᠌ ᠤᠷᠢᠯᠭ᠎ᠠ ᠪᠠᠷ ᠶᠠᠫᠣᠨ ᠤ᠋ ᠺᠢᠥᠲ᠋ᠤ‍᠂ ᠣᠣᠰᠠᠺᠠ᠂ ᠲᠣᠺᠢᠣ᠋ ᠵᠡᠷᠭᠡ ᠬᠣᠲᠠᠳ ᠢ᠋ᠶ᠋ᠠᠷ ᠠᠢᠯᠴᠢᠯᠠᠨ ᠤᠷᠠᠯᠢᠭ ᠤ᠋ᠨ ᠰᠣᠯᠢᠯᠴᠠᠭ᠎ᠠ ᠬᠢᠵᠦ ᠶᠠᠪᠤᠭᠰᠠᠨ ᠲᠡᠦᠬᠡ ᠲᠡᠢ᠃ ᠲᠡᠭᠦᠨ ᠦ᠌ ᠤᠷᠠᠨ ᠪᠢᠴᠢᠯᠭᠡ ᠶ᠋ᠢᠨ ᠪᠦᠲᠦᠭᠡᠯ ᠨᠢ ᠺᠢᠣᠲ᠋ᠦ᠌ ᠶ᠋ᠢᠨ ᠰᠸᠢᠢᠺᠡ ᠶᠡᠬᠡ ᠰᠤᠷᠭᠠᠭᠠᠤᠯᠢ ᠳ᠋ᠤ᠌ ᠪᠣᠯᠤᠭᠰᠠᠨ 《 ᠲᠠᠪᠤᠨ ᠬᠥᠮᠦᠨ ᠦ᠌ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ 》 ᠳ᠋ᠦ᠍ ᠣᠷᠣᠯᠴᠠᠭᠠᠳ ᠶᠠᠫᠣᠨ ᠤᠯᠤᠰ ᠤ᠋ᠨ ᠰᠣᠨᠢᠨ ᠰᠡᠳᠬᠦᠯ ᠳᠡᠭᠡᠷ᠎ᠡ ᠨᠡᠢᠲᠡᠯᠡᠭᠳᠡᠵᠦ᠂ ᠪᠦᠲᠦᠭᠡᠯ ᠨᠢ ᠲᠤᠰ ᠰᠤᠷᠭᠠᠭᠤᠯᠢ ᠳ᠋ᠤ᠌ ᠬᠠᠳᠠᠭᠠᠯᠠᠭᠳᠠᠭᠰᠠᠨ ᠪᠠᠢᠨ᠎ᠠ᠃    
       1981 ᠣᠨ ᠤ᠋ 5 ᠰᠠᠷ᠎ᠠ ᠳ᠋ᠤ᠌ ᠲᠡᠷᠡ ᠥᠪᠥᠷ ᠮᠣᠩᠭᠣᠯ ᠤ᠋ᠨ ᠤᠷᠠᠨ ᠪᠢᠴᠢᠯᠭᠡᠲᠡᠨ ᠦ᠌ ᠲᠦᠯᠦᠭᠯᠡᠭᠴᠢ ᠪᠡᠷ ᠳᠤᠮᠳᠠᠳᠤ ᠤᠯᠤᠰ ᠤ᠋ᠨ ᠤᠷᠠᠨ ᠪᠢᠴᠢᠯᠭᠡᠲᠡᠳ ᠦ᠋ᠨ ᠲᠦᠯᠦᠬᠡᠯᠩᠴᠢᠳ ᠦ᠋ᠨ ᠠᠩᠬᠠᠳᠤᠭᠠᠷ ᠬᠤᠷᠠᠯᠳᠤᠭᠠᠨ ᠳ᠋ᠤ᠌ ᠣᠷᠣᠯᠴᠠᠪᠠ᠃ ᠳᠤᠮᠳᠠᠳᠤ ᠤᠯᠤᠰ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠵᠥᠪᠳᠡᠭᠴᠢ᠂ ᠥᠪᠥᠷ ᠮᠣᠩᠭᠣᠯ ᠤ᠋ᠨ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠰᠤᠳᠤᠯᠭᠠᠨ ᠤ᠋ ᠬᠤᠷᠠᠯ ᠤ᠋ᠨ ᠰᠤᠳᠤᠯᠤᠭᠴᠢ᠂ ᠪᠠᠰᠠ ᠳᠤᠮᠳᠠᠳᠤ ᠣᠷᠣᠨ ( ᠾᠧᠨᠠᠨ) ᠤ᠋ ᠵᠢᠷᠤᠭ ᠪᠢᠴᠢᠯᠭᠡ ᠶ᠋ᠢᠨ ᠬᠣᠷᠢᠶᠠᠨ ᠤ᠋ ᠥᠨᠳᠥᠷ ᠳᠡᠰ ᠦ᠋ᠨ ᠤᠷᠠᠯᠢᠭ ᠤ᠋ᠨ ᠵᠥᠪᠳᠡᠭᠴᠢ᠂ ᠬᠤᠸᠠ ᠰᠢᠶᠠ ᠵᠢᠷᠤᠭ ᠪᠢᠴᠢᠯᠭᠡ ᠶ᠋ᠢᠨ ᠬᠣᠷᠢᠶᠠᠨ ᠤ᠋ ᠳᠡᠳ᠋ ᠳᠡᠷᠢᠭᠦᠯᠩᠴᠢ ᠵᠡᠷᠭᠡ ᠨᠡᠢᠭᠡᠮ ᠦ᠋ᠨ ᠲᠤᠰᠢᠶᠠᠯ ᠢ᠋ ᠬᠠᠷᠢᠭᠤᠴᠠᠵᠤ ᠥᠩᠭᠡᠷᠡᠵᠡᠢ᠃ 2020ᠣᠨ ᠤ᠋12 ᠰᠠᠷ᠎ᠠ ᠳ᠋ᠤ᠌ ᠬᠥᠬᠡᠬᠣᠲᠠ ᠳ᠋ᠤ᠌ ᠲᠠᠭᠠᠯᠠᠯ ᠲᠡᠭᠦᠰᠪᠡᠢ᠃   

        ᠨᠠᠢᠷᠠᠯᠲᠤ ᠶ᠋ᠢᠨ ᠤᠷᠠᠨ ᠪᠢᠴᠢᠯᠭᠡ