ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠢᠦᠨᠰᠢᠨ Шинэ дундад улсын уран бичлэгдэд -<1>1949 оноос өмнө мэндэлсэд - Юншин ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠢᠦᠨᠰᠢᠨ Шинэ дундад улсын уран бичлэгдэд -<1>1949 оноос өмнө мэндэлсэд - Юншин

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠢᠦᠨᠰᠢᠨ Шинэ дундад улсын уран бичлэгдэд -<1>1949 оноос өмнө мэндэлсэд - Юншин

ᠠᠩᠭᠢᠯᠠᠯ:ᠤᠷᠠᠨ ᠪᠢᠴᠢᠯᠭᠡ
2024-03-25

304

<ᠨᠢᠭᠡ> 1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ

—— ᠢᠦᠨᠰᠢᠨ Юншин


        ᠢᠦᠨᠰᠢᠨ ( ᠢᠦᠨᠰᠢᠨᠸᠠᠩᠵᠢᠯ ) (1927 -1992 ) ᠡᠷᠩᠲᠡᠢ᠂ ᠮᠣᠩᠭᠣᠯ ᠦᠨᠳᠦᠰᠦᠲᠡᠨ᠂ 1927 ᠣᠨ ᠤ᠋ 4 ᠰᠠᠷ᠎ᠠ ᠶ᠋ᠢᠨ 12 ᠤ᠋ ᠡᠳᠦᠷ ᠥᠪᠥᠷ ᠮᠣᠩᠭᠣᠯ ᠤ᠋ᠨ ᠰᠢᠯᠢ ᠶ᠋ᠢᠨ ᠭᠣᠣᠯ ᠠᠢᠮᠠᠭ ᠤ᠋ᠨ ᠰᠢᠯᠤᠭᠤᠨ ᠴᠠᠭᠠᠨ ᠬᠤᠰᠢᠭᠤᠨ ᠤ᠋ ᠳᠣᠯᠣᠳᠤᠭᠠᠷ ᠰᠤᠮᠤ ( ᠣᠳᠣ ᠶ᠋ᠢᠨ ᠴᠠᠭᠠᠨ ᠠᠭᠤᠯᠠᠨ ᠰᠤᠮᠤ ᠶ᠋ᠢᠨ ᠭᠦᠨ ᠡᠷᠭᠢ ) ᠶ᠋ᠢᠨ ᠨᠢᠭᠡᠨ ᠶᠠᠳᠠᠭᠤ ᠮᠠᠯᠴᠢᠨ ᠤ᠋ ᠭᠡᠷ ᠲᠦ᠍ ᠲᠥᠷᠥᠵᠡᠢ᠃ 1946 ᠣᠨ ᠤ᠋12 ᠰᠠᠷ᠎ᠠ ᠳ᠋ᠤ᠌ ᠬᠤᠪᠢᠰᠬᠠᠯ ᠤ᠋ᠨ ᠠᠵᠢᠯ ᠳ᠋ᠤ᠌ ᠣᠷᠣᠯᠴᠠᠵᠤ᠂ ᠴᠠᠬᠠᠷ ᠠᠢᠮᠠᠭ ᠤ᠋ᠨ ᠪᠢᠴᠢᠭᠡᠴᠢ᠂ ᠰᠢᠯᠢ ᠶ᠋ᠢᠨ ᠭᠣᠣᠯ ᠠᠢᠮᠠᠭ ᠤ᠋ᠨ ᠤᠬᠠᠭᠤᠯᠬᠤ ᠠᠩᠭᠢ ᠶ᠋ᠢᠨ ᠳᠠᠷᠤᠭ᠎ᠠ ᠪᠠᠷ ᠠᠵᠢᠯᠠᠯᠵᠤ ᠪᠠᠢᠵᠠᠢ᠃ 1946 ᠣᠨ ᠤ᠋ 6 ᠰᠠᠷ᠎ᠠ ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠳ᠋ᠤ᠌ ᠡᠯᠰᠡᠭᠳᠡᠵᠦ᠂ 1992 ᠣᠨ ᠤ᠋ 8 ᠰᠠᠷ᠎ᠠ ᠶ᠋ᠢᠨ13 ᠤ᠋ ᠡᠳᠦᠷ ᠡᠪᠡᠳᠴᠢᠨ ᠢ᠋ᠶ᠋ᠡᠷ ᠬᠥᠬᠡᠬᠣᠲᠠ ᠳ᠋ᠤ᠌ ᠨᠠᠰᠤ ᠪᠠᠷᠠᠪᠠ᠃  
       ᠢᠦᠨᠰᠢᠨ ᠨᠥᠬᠥᠷ ᠤᠷᠢᠳ ᠬᠣᠵᠢᠳ ᠥᠪᠥᠷ ᠮᠣᠩᠭᠣᠯ ᠤ᠋ᠨ ᠤᠷᠠᠨ ᠰᠠᠢᠬᠠᠨ ᠤ᠋ ᠪᠦᠯᠬᠦᠮ᠂ ᠰᠢᠯᠢ ᠶ᠋ᠢᠨ ᠭᠣᠣᠯ ᠠᠢᠮᠠᠭ ᠤ᠋ᠨ ᠤᠬᠠᠭᠤᠯᠬᠤ ᠭᠠᠵᠠᠷ᠂ ᠤᠯᠠᠭᠠᠨᠴᠠᠪ ᠬᠣᠲᠠ ᠶ᠋ᠢᠨ ᠦᠨᠳᠦᠰᠦᠲᠡᠨ ᠦ᠌ ᠳᠠᠭᠤᠤ ᠪᠥᠵᠢᠭ ᠦ᠋ᠨ ᠪᠦᠯᠬᠦᠮ᠂ ᠥᠪᠥᠷ ᠮᠣᠩᠭᠣᠯ ᠤ᠋ᠨ ᠰᠣᠶᠣᠯ ᠤ᠋ᠨ ᠲᠢᠩᠬᠢᠮ᠂ ᠥᠪᠥᠷ ᠮᠣᠩᠭᠣᠯ ᠤ᠋ᠨ ᠳᠠᠭᠤᠤ ᠪᠥᠵᠢᠭ ᠦ᠋ᠨ ᠪᠦᠯᠬᠦᠮ᠂ ᠥᠪᠥᠷ ᠮᠣᠩᠭᠣᠯ ᠤ᠋ᠨ ᠺᠢᠨᠣ᠋ ᠣᠷᠴᠢᠭᠤᠯᠤᠨ ᠦᠢᠯᠡᠳᠬᠦ ᠦᠢᠯᠡᠳᠪᠦᠷᠢ᠂ ᠥᠪᠥᠷ ᠮᠣᠩᠭᠣᠯ ᠤ᠋ᠨ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ ᠵᠡᠷᠭᠡ ᠪᠠᠢᠭᠤᠯᠭ᠎ᠠ ᠳ᠋ᠤ᠌ ᠠᠵᠢᠯᠯᠠᠵᠤ ᠪᠠᠢᠭᠰᠠᠨ ᠪᠥᠭᠡᠳ ᠰᠢᠯᠢ ᠶ᠋ᠢᠨ ᠭᠣᠣᠯ ᠠᠢᠮᠠᠭ ᠤ᠋ᠨ ᠤᠬᠠᠭᠤᠯᠬᠤ ᠭᠠᠵᠠᠷ ᠤ᠋ᠨ ᠳᠠᠷᠤᠭ᠎ᠠ᠂ ᠤᠯᠠᠭᠠᠨᠴᠠᠪ ᠬᠣᠲᠠ ᠶ᠋ᠢᠨ ᠦᠨᠳᠦᠰᠦᠲᠡᠨ ᠦ᠌ ᠳᠠᠭᠤᠤ ᠪᠥᠵᠢᠭ ᠦ᠋ᠨ ᠪᠦᠯᠬᠦᠮ ᠦ᠋ᠨ ᠳᠠᠷᠤᠭ᠎ᠠ᠂ 《ᠥᠨᠢᠷ ᠴᠡᠴᠡᠭ》ᠰᠡᠳᠬᠦᠯ ᠦ᠋ᠨ ᠶᠡᠷᠦᠩᠬᠡᠢ ᠨᠠᠢᠷᠠᠭᠤᠯᠤᠭᠴᠢ᠂ ᠥᠪᠥᠷ ᠮᠣᠩᠭᠣᠯ ᠤ᠋ᠨ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ ᠶ᠋ᠢᠨ ᠨᠠᠷᠢᠨ ᠪᠢᠴᠢᠭᠡᠴᠢ ᠶ᠋ᠢᠨ ᠳᠠᠷᠤᠭ᠎ᠠ᠂ ᠥᠪᠥᠷ ᠮᠣᠩᠭᠣᠯ ᠤ᠋ᠨ ᠰᠣᠶᠣᠯ ᠤ᠋ᠨ ᠲᠢᠩᠬᠢᠮ ᠦ᠋ᠨ ᠤᠷᠠᠯᠢᠭ ᠤ᠋ᠨ ᠭᠠᠵᠠᠷ ᠤ᠋ᠨ ᠳᠠᠷᠤᠭ᠎ᠠ᠂ ᠰᠣᠶᠣᠯ ᠤ᠋ᠨ ᠲᠢᠩᠬᠢᠮ᠂ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ ᠶ᠋ᠢᠨ ᠨᠠᠮ ᠤ᠋ᠨ ᠳᠤᠭᠤᠢᠯᠠᠩ ᠤ᠋ᠨ ᠭᠡᠰᠢᠭᠦᠨ᠂ ᠥᠪᠥᠷ ᠮᠣᠩᠭᠣᠯ ᠤ᠋ᠨ ᠤᠷᠠᠨ ᠵᠦᠴᠦᠭᠡ ᠶ᠋ᠢᠨ ᠬᠦᠷᠢᠶᠡᠯᠡᠩ ᠦ᠋ᠨ ᠳᠡᠳ᠋ ᠳᠠᠷᠤᠭ᠎ᠠ᠂ ᠥᠪᠥᠷ ᠮᠣᠩᠭᠣᠯ ᠤ᠋ᠨ ᠳᠠᠭᠤᠤ ᠪᠥᠵᠢᠭ ᠦ᠋ᠨ ᠪᠦᠯᠬᠦᠮ ᠦ᠋ᠨ ᠳᠠᠷᠤᠭ᠎ᠠ ᠶ᠋ᠢᠨ ᠲᠤᠰᠢᠶᠠᠯ ᠢ᠋ ᠬᠠᠷᠢᠭᠤᠴᠠᠵᠤ ᠥᠩᠭᠡᠷᠡᠵᠡᠢ᠃ ᠰᠡᠭᠦᠯᠡᠷ ᠨᠢ ᠲᠡᠷᠡ ᠥᠪᠥᠷ ᠮᠣᠩᠭᠣᠯ ᠤ᠋ᠨ ᠺᠢᠨᠣ᠋ ᠣᠷᠴᠢᠭᠤᠯᠤᠨ ᠦᠢᠯᠡᠳᠬᠦ ᠦᠢᠯᠡᠳᠪᠦᠷᠢ ᠶ᠋ᠢᠨ ᠳᠠᠷᠤᠭ᠎ᠠ᠂ ᠥᠪᠥᠷ ᠮᠣᠩᠭᠣᠯ ᠤ᠋ᠨ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ ᠶ᠋ᠢᠨ ᠳᠡᠳ᠋ ᠲᠡᠷᠢᠭᠦᠯᠩᠴᠢ᠂ ᠨᠠᠮ ᠤ᠋ᠨ ᠳᠤᠭᠤᠢᠯᠠᠩ ᠤ᠋ᠨ ᠳᠡᠳ᠋ ᠱᠦᠵᠢ ᠵᠡᠷᠭᠡ ᠲᠤᠰᠢᠶᠠᠯ ᠢ᠋ ᠬᠠᠷᠢᠭᠤᠴᠠᠵᠤ ᠪᠠᠢᠵᠠᠢ᠃  
       ᠲᠡᠷᠡ 《 ᠥᠨᠢᠷ ᠴᠡᠴᠡᠭ 》᠂ 《 ᠠᠯᠲᠠᠨ ᠲᠦᠯᠬᠢᠭᠦᠷ 》 ᠰᠡᠳᠬᠦᠯ ᠢ᠋ ᠡᠭᠦᠰᠬᠡᠨ ᠡᠷᠬᠢᠯᠡᠬᠦ ᠳ᠋ᠦ᠍ ᠴᠢᠬᠤᠯᠠ ᠬᠤᠪᠢ ᠨᠡᠮᠡᠷᠢ ᠦᠵᠡᠭᠦᠯᠵᠦ᠂ ᠮᠣᠩᠭᠣᠯ ᠰᠢᠨ᠎ᠡ ᠤᠳᠬ᠎ᠠ ᠵᠣᠬᠢᠶᠠᠯ ᠤ᠋ᠨ ᠴᠡᠴᠡᠭᠯᠡᠨ ᠬᠥᠭᠵᠢᠬᠦ ᠳ᠋ᠦ᠍ ᠪᠠᠲᠤ ᠰᠠᠭᠤᠷᠢ ᠶ᠋ᠢ ᠲᠠᠯᠪᠢᠵᠠᠢ᠃   
       ᠳᠡᠭᠡᠷ᠎ᠡ ᠵᠠᠭᠤᠨ ᠤ᠋ ᠳᠥᠴᠢᠭᠡᠳ ᠣᠨ ᠤ᠋ ᠰᠡᠭᠦᠯᠡᠷ ᠲᠡᠭᠦᠨ ᠦ᠌ ᠵᠣᠬᠢᠶᠠᠭᠰᠠᠨ 《ᠮᠠᠯᠴᠢᠨ ᠤ᠋ ᠳᠠᠭᠤᠤ》 (ᠲᠦᠩᠹᠦ᠋ ᠶ᠋ᠢᠨ ᠠᠶ᠎ᠠ ) ᠂《ᠬᠣᠨᠢ ᠬᠠᠢᠴᠢᠯᠠᠬᠤ ᠳᠠᠭᠤᠤ》 ( ᠲᠤᠷᠵᠢᠶᠦᠩᠷᠤᠩ ᠤ᠋ᠨ ᠦᠭᠡ ) ᠨᠢ ᠲᠥᠪ ᠦ᠋ᠨ ᠪᠠ ᠥᠪᠡᠷᠲᠡᠭᠡᠨ ᠵᠠᠰᠠᠬᠤ ᠣᠷᠣᠨ ᠤ᠋ ᠱᠠᠩᠨᠠᠯ ᠢ᠋ ᠬᠦᠷᠲᠡᠭᠰᠡᠨ ᠪᠥᠭᠡᠳ ᠠᠷᠠᠳ ᠤ᠋ᠨ ᠳᠤᠮᠳᠠ ᠥᠷᠭᠡᠨ ᠢ᠋ᠶ᠋ᠡᠷ ᠳᠡᠯᠭᠡᠷᠡᠵᠡᠢ᠃  
       ᠢᠦᠨᠰᠢᠨ ᠨᠥᠬᠥᠷ ᠥᠪᠡᠷᠲᠡᠭᠡᠨ ᠵᠠᠰᠠᠬᠤ ᠣᠷᠣᠨ ᠤ᠋ ᠰᠣᠶᠣᠯ ᠤᠷᠠᠯᠢᠭ ᠤ᠋ᠨ ᠦᠢᠯᠡᠰ ᠲᠦ᠍ ᠬᠦᠴᠦ ᠬᠥᠳᠡᠯᠮᠦᠷᠢ ᠪᠡᠨ ᠬᠠᠷᠠᠮ ᠦᠭᠡᠢ ᠡᠷᠭᠦᠭᠰᠡᠨ ᠲᠤᠯᠠ ᠥᠪᠡᠷᠲᠡᠭᠡᠨ ᠵᠠᠰᠠᠬᠤ ᠣᠷᠣᠨ ᠤ᠋ ᠭᠤᠷᠪᠠᠳᠤᠭᠠᠷ ᠤᠳᠠᠭᠠᠨ ᠤ᠋ 《ᠰᠣᠯᠣᠩᠭ᠎ᠠ》᠂ 《ᠰᠠᠷᠠᠨ᠎ᠠ》 ᠤᠳᠬ᠎ᠠ ᠵᠣᠬᠢᠶᠠᠯ ᠤᠷᠠᠯᠢᠭ ᠤ᠋ᠨ ᠱᠠᠩᠨᠠᠯ ᠵᠢᠴᠢ 《ᠠᠯᠲᠠᠨ ᠲᠡᠮᠡᠭᠡ ᠬᠤᠨᠳᠠᠭᠠᠲᠤ》ᠣᠨᠴᠠ ᠢᠷᠠᠭᠤ ᠠᠯᠳᠠᠷ ᠢ᠋ ᠬᠦᠷᠲᠡᠵᠡᠢ᠃ ᠲᠡᠷᠡ ᠮᠣᠩᠭᠣᠯ ᠤᠷᠠᠨ ᠪᠢᠴᠢᠯᠭᠡ ᠶ᠋ᠢᠨ ᠦᠢᠯᠡᠰ ᠲᠦ᠍ ᠬᠠᠯᠠᠭᠤᠨ ᠰᠡᠳᠬᠢᠯᠭᠡ ᠲᠡᠢ ᠤᠴᠢᠷ ᠠ᠋ᠴᠠ ᠮᠣᠩᠭᠣᠯ ᠨᠤᠲᠤᠭ ᠲᠤ᠌ ᠮᠣᠩᠭᠣᠯ ᠤᠷᠠᠨ ᠪᠢᠴᠢᠯᠭᠡ ᠶ᠋ᠢᠨ ᠬᠥᠳᠡᠯᠭᠡᠭᠡᠨ ᠢ᠋ ᠥᠷᠨᠢᠭᠦᠯᠬᠦ ᠲᠤᠬᠠᠢ ᠰᠠᠨᠠᠯ ᠢ᠋ ᠨᠡᠯᠢᠶᠡᠳ ᠡᠷᠲᠡ ᠦᠶ᠎ᠡ ᠳ᠋ᠦ᠍ ᠳᠤᠷᠠᠳᠴᠤ᠂ ᠬᠥᠬᠡᠬᠣᠲᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠨᠡᠢᠭᠡᠮᠯᠢᠭ ᠢ᠋ ᠡᠭᠦᠳᠦᠨ ᠪᠠᠢᠭᠤᠯᠵᠠᠢ᠃ ᠲᠡᠷᠡ ᠪᠣᠯ ᠮᠠᠨ ᠤ᠋ ᠣᠷᠣᠨ ᠤ᠋ ᠮᠣᠩᠭᠣᠯ ᠤᠷᠠᠨ ᠪᠢᠴᠢᠯᠭᠡ ᠶ᠋ᠢᠨ ᠬᠥᠭᠵᠢᠯᠲᠡ ᠳ᠋ᠦ᠍ ᠮᠠᠰᠢ ᠶᠡᠬᠡ ᠠᠬᠢᠭᠤᠯᠬᠤ ᠦᠢᠯᠡᠳᠦᠯ ᠦᠵᠡᠭᠦᠯᠦᠭᠰᠡᠨ ᠪᠠᠢᠨ᠎ᠠ᠃  

         ᠢᠳᠰᠢᠨ ᠦ᠌ ᠤᠷᠠᠨ ᠪᠢᠴᠢᠯᠭᠡ