ᠲᠦᠪᠵᠢᠷᠭᠠᠯ (1927 - 2016) ᠂ ᠡᠷᠡᠭᠲᠡᠢ᠂ ᠮᠣᠩᠭᠣᠯ ᠦᠨᠳᠦᠰᠦᠲᠡᠨ᠃ 1927 ᠣᠨ ᠳ᠋ᠤ᠌ ᠤᠤᠯ ᠤ᠋ᠨ ᠠᠯᠠᠱᠠ ᠬᠤᠰᠢᠭᠤᠨ ᠤ᠋ ᠪᠠᠶᠠᠨ᠋ᠠ᠋ᠭᠤᠯᠠ ᠶ᠋ᠢᠨ ᠪᠠᠭ ᠤ᠋ᠨ ᠮᠠᠯᠴᠢᠨ ᠰᠠᠢᠨᠪᠠᠶᠠᠷ ᠤ᠋ᠨ ᠬᠥᠪᠡᠭᠦᠨ ᠪᠣᠯᠤᠨ ᠵᠠᠶᠠᠭᠠᠵᠠᠢ᠃ ᠳᠡᠭᠡᠳᠦ ᠵᠡᠷᠭᠡ ᠶ᠋ᠢᠨ ᠲᠤᠰᠬᠠᠢ ᠮᠡᠷᠭᠡᠵᠢᠯ ᠦ᠋ᠨ ᠰᠣᠶᠣᠯ ᠤ᠋ᠨ ᠬᠡᠮᠵᠢᠶ᠎ᠡ ᠲᠡᠢ᠃ 1940 ᠣᠨ ᠳ᠋ᠤ᠌ ᠠᠯᠠᠱᠠ ᠬᠤᠰᠢᠭᠤᠨ ᠤ᠋ ᠵᠠᠬᠢᠷᠤᠭᠴᠢ ᠵᠠᠩᠭᠢ ᠲᠣᠷᠭᠤᠳ ᠪᠠᠭᠠᠲᠤᠷ ᠢ᠋ ᠪᠠᠭᠰᠢ ᠰᠢᠲᠦᠵᠦ ᠮᠣᠩᠭᠣᠯ ᠪᠢᠴᠢᠭ ᠰᠤᠷᠴᠠᠢ᠃ 1941 ᠣᠨ ᠳ᠋ᠤ᠌ ᠠᠯᠠᠱᠠ ᠬᠤᠰᠢᠭᠤᠨ ᠤ᠋ ᠮᠣᠩᠭᠣᠯ ᠤᠳᠬ᠎ᠠ ᠶ᠋ᠢᠨ ᠪᠦᠷᠢᠨ ᠪᠠᠭ᠎ᠠ ᠰᠤᠷᠭᠠᠭᠤᠯᠢ ᠠᠩᠬ᠎ᠠ ᠪᠠᠢᠭᠤᠯᠤᠭᠳᠠᠬᠤ ᠳ᠋ᠤ᠌ ᠡᠯᠰᠡᠭᠳᠡᠨ ᠰᠤᠷᠤᠯᠴᠠᠭᠠᠳ 1943 ᠣᠨ ᠳ᠋ᠤ᠌ ᠰᠢᠯᠢᠳᠡᠭ ᠬᠢᠷᠢ ᠪᠦᠲᠦᠮᠵᠢ ᠪᠡᠷ ᠲᠡᠭᠦᠰᠴᠦ᠂ ᠳᠣᠯᠣᠳᠤᠭᠠᠷ ᠰᠠᠷ᠎ᠠ ᠳ᠋ᠤ᠌ ᠠᠯᠠᠱᠠ ᠬᠤᠰᠢᠭᠤᠨ ᠤ᠋ ᠵᠠᠰᠠᠭ ᠤ᠋ᠨ ᠣᠷᠳᠣᠨ ᠤ᠋ ᠪᠢᠴᠢᠭᠡᠴᠢ ᠶ᠋ᠢᠨ ᠲᠤᠰᠢᠶᠠᠯ ᠳ᠋ᠤ᠌ ᠲᠠᠪᠰᠢᠵᠤ᠂ ᠵᠠᠰᠠᠭ ᠤ᠋ᠨ ᠭᠠᠵᠠᠷ ᠤ᠋ᠨ ᠨᠠᠷᠢᠨ ᠪᠢᠴᠢᠭ ᠦ᠋ᠨ ᠭᠠᠵᠠᠷ ᠲᠤ᠌ ᠳᠠᠩᠰᠠ ᠪᠢᠴᠢᠭ ᠦ᠋ᠨ ᠠᠵᠢᠯ ᠢ᠋ ᠬᠢᠵᠦ᠂ 1949 ᠣᠨ ᠤ᠋ 9 ᠰᠠᠷ᠎ᠠ ᠶ᠋ᠢᠨ 23 ᠠᠯᠠᠱᠠ ᠬᠤᠰᠢᠭᠤᠨ ᠤ᠋ ᠨᠠᠢᠷᠠᠮᠳᠠᠯ ᠤ᠋ᠨ ᠴᠢᠯᠥᠭᠡᠯᠡᠯᠲᠡ ᠳ᠋ᠦ᠍ ᠣᠷᠣᠯᠴᠠᠭᠠᠳ ᠤᠯᠤᠰ ᠤ᠋ᠨ ᠠᠵᠢᠯᠲᠠᠨ ᠪᠣᠯᠪᠠ᠃ 1953 ᠣᠨ ᠳ᠋ᠤ᠌ ᠠᠯᠠᠱᠠ ᠬᠤᠰᠢᠭᠤᠨ ᠤ᠋ ᠪᠠᠶᠠᠨᠪᠥ᠋ᠷᠢᠲᠦ ᠶ᠋ᠢᠨ ᠪᠠᠭ ᠤ᠋ᠨ ᠠᠷᠠᠳ ᠤ᠋ᠨ ᠲᠥᠯᠥᠭᠡᠯᠡᠭᠴᠢ ᠪᠡᠷ ᠰᠣᠩᠭᠣᠭᠳᠠᠵᠤ ᠠᠯᠠᠱᠠ ᠬᠤᠰᠢᠭᠤᠨ ᠤ᠋ ᠠᠩᠬᠠᠳᠤᠭᠠᠷ ᠤᠳᠠᠭᠠᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠳ᠋ᠤ᠌ ᠣᠷᠣᠯᠴᠠᠵᠠᠢ᠃ 1954 - 1955 ᠣᠨ ᠪᠣᠯᠲᠠᠯ᠎ᠠ ᠬᠤᠰᠢᠭᠤᠨ ᠤ᠋ ᠵᠠᠰᠠᠭ ᠤ᠋ᠨ ᠣᠷᠳᠣᠨ ᠤ᠋ ᠵᠢᠭᠠᠪᠤᠷᠢ ᠪᠠᠷ ᠪᠠᠷᠠᠭᠤᠨ ᠬᠣᠢᠲᠤ ᠶ᠋ᠢᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠺᠠᠳ᠋ᠷ ᠤ᠋ᠨ ᠪᠣᠯᠪᠠᠰᠤᠷᠠᠯ ᠤ᠋ᠨ ᠠᠩᠭᠢ ᠳ᠋ᠤ᠌ ᠰᠤᠷᠤᠯᠴᠠᠵᠤ ᠲᠡᠭᠦᠰᠬᠡᠪᠡ᠃ 1955 - 1958 ᠣᠨ ᠤ᠋ ᠡᠴᠦᠰ ᠪᠣᠯᠲᠠᠯ᠎ᠠ ᠨᠢᠭᠡᠳᠦᠭᠡᠷ ᠰᠤᠮᠤᠨ ᠤ᠋ ᠬᠠᠩᠭᠠᠨ ᠪᠣᠷᠣᠯᠠᠭᠤᠯᠬᠤ ᠬᠣᠷᠰᠢᠶ᠎ᠠ ᠳ᠋ᠤ᠌ ᠠᠵᠢᠯᠯᠠᠵᠠᠢ᠃ ᠲᠤᠬᠠᠢ ᠶ᠋ᠢᠨ ᠦᠶ᠎ᠡ ᠶ᠋ᠢᠨ ᠪᠠᠷᠠᠭᠤᠨᠲᠠᠨ ᠢ᠋ ᠡᠰᠡᠷᠭᠦᠴᠡᠬᠦ ᠬᠥᠳᠡᠯᠭᠡᠭᠡᠨ ᠦ᠌ ᠳᠤᠮᠳᠠ ᠠᠵᠢᠯ ᠢ᠋ᠶ᠋ᠠᠨ ᠠᠯᠳᠠᠵᠤ ᠬᠥᠳᠡᠭᠡ ᠭᠡᠷ ᠲᠡᠭᠡᠨ ᠬᠠᠷᠢᠵᠤ ᠮᠠᠯᠵᠢᠬᠤ ᠦᠢᠯᠡᠳᠪᠦᠷᠢᠯᠡᠯ ᠳ᠋ᠦ᠍ ᠣᠷᠣᠯᠴᠠᠪᠠ᠃ 1967 ᠣᠨ ᠤ᠋ ᠲᠥᠷᠥ ᠶ᠋ᠢ ᠲᠦᠢᠪᠡᠭᠡᠨ ᠲᠦᠮᠡᠨ ᠢ᠋ ᠭᠠᠰᠠᠯᠭᠠᠭᠰᠠᠨ 《ᠰᠣᠶᠣᠯ ᠤ᠋ᠨ ᠶᠡᠬᠡ ᠬᠤᠪᠢᠰᠬᠠᠯ 》 ᠤ᠋ᠨ ᠦᠶ᠎ᠡ ᠳ᠋ᠦ᠍ ᠬᠠᠭᠤᠴᠢᠨ ᠨᠡᠢᠭᠡᠮ ᠦ᠋ᠨ ᠠᠯᠪᠠᠨ ᠬᠠᠭᠠᠭᠴᠢ᠂ ᠭᠣᠮᠢᠨᠳᠠᠩ ᠤ᠋ᠨ ᠭᠤᠷᠪᠠᠨ ᠵᠠᠯᠠᠭᠤᠴᠤᠳ ᠤ᠋ᠨ ᠪᠦᠯᠬᠦᠮ ᠦ᠋ᠨ ᠭᠡᠰᠢᠭᠦᠨ᠂ ᠲᠡᠷᠰᠯᠡᠭᠦᠦ ᠮᠠᠯ ᠤ᠋ᠨ ᠡᠵᠡᠨ ᠭᠡᠬᠦ ᠬᠢᠯᠢᠰ ᠶᠠᠯ᠎ᠠ ᠶ᠋ᠢ ᠠᠮᠰᠠᠨ ᠬᠦᠴᠦ ᠪᠡᠷ ᠲᠡᠮᠡᠴᠡᠭᠳᠡᠨ ᠣᠯᠠᠨ ᠲᠦᠮᠡᠨ ᠦ᠌ ᠳᠠᠷᠤᠩᠭᠤᠢᠯᠠᠯ ᠤ᠋ᠨ ᠳᠣᠣᠷ᠎ᠠ ᠥᠭᠡᠷᠡᠴᠢᠯᠡᠭᠳᠡᠵᠦ᠂ 1970 ᠣᠨ ᠪᠣᠯᠬᠤ ᠳ᠋ᠤ᠌ ᠰᠠᠶᠢ ᠨᠠᠮ ᠵᠠᠰᠠᠭ ᠠ᠋ᠴᠠ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠤᠨ ᠬᠢᠯᠢᠰ ᠢ᠋ ᠨᠢ ᠴᠠᠭᠠᠳᠬᠠᠵᠤ᠂ ᠡᠷᠬᠡ ᠪᠡᠨ ᠣᠯᠭᠣᠨ ᠳᠤᠮᠳᠠ ᠮᠠᠯᠴᠢᠨ ᠢ᠋ᠶ᠋ᠠᠷ ᠲᠣᠭᠲᠠᠭᠠᠵᠠᠢ᠃ 1978 ᠣᠨ ᠳ᠋ᠤ᠌ ᠵᠢᠷᠠᠨᠲᠠᠢ ᠰᠤᠮᠤᠨ ᠤ᠋ ᠳᠥᠷᠪᠡᠳᠦᠭᠡᠷ ᠮᠠᠯᠵᠢᠬᠤ ᠪᠠᠷᠢᠭᠠᠳᠠ ᠶ᠋ᠢᠨ ᠠᠷᠠᠳ ᠠ᠋ᠴᠠ ᠡᠷᠬᠢᠯᠡᠭᠰᠡᠨ ᠪᠠᠭ᠎ᠠ ᠰᠤᠷᠭᠠᠭᠤᠯᠢ ᠳ᠋ᠤ᠌ ᠪᠠᠭᠰᠢᠯᠠᠵᠤ ᠪᠠᠢᠭᠠᠳ 1980 ᠣᠨ ᠤ᠋ 8 ᠰᠠᠷ᠎ᠠ ᠶ᠋ᠢᠨ 1 ᠳ᠋ᠦ᠍ ᠠᠯᠠᠱᠠ ᠵᠡᠭᠦᠨ ᠬᠤᠰᠢᠭᠤᠨ ᠤ᠋ ᠨᠠᠮ ᠵᠠᠰᠠᠭ ᠠ᠋ᠴᠠ ᠠᠵᠢᠯ ᠢ᠋ ᠨᠢ ᠰᠡᠷᠭᠦᠭᠡᠵᠦ ᠠᠯᠠᠱᠠ ᠵᠡᠭᠦᠨ ᠬᠤᠰᠢᠭᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠲᠣᠪᠴᠢᠶ᠎ᠠ ᠶ᠋ᠢᠨ ᠮᠣᠩᠭᠣᠯ ᠬᠡᠯᠡ ᠪᠢᠴᠢᠭ ᠦ᠋ᠨ ᠠᠵᠢᠯ ᠤ᠋ᠨ ᠠᠯᠪᠠᠨ ᠭᠡᠷ ᠲᠦ᠍ ᠠᠵᠢᠯᠯᠠᠭᠤᠯᠪᠠ᠃ ᠡᠨᠡ ᠬᠦ᠌ ᠬᠤᠭᠤᠴᠠᠭᠠᠨ ᠳ᠋ᠤ᠌ ᠣᠷᠣᠨ ᠨᠤᠲᠤᠭ ᠤ᠋ᠨ ᠲᠡᠦᠬᠡ ᠰᠣᠶᠣᠯ ᠤ᠋ᠨ ᠥᠪ ᠬᠥᠷᠥᠩᠭᠡ ᠶ᠋ᠢ ᠴᠤᠭᠯᠠᠭᠤᠯᠵᠤ᠂ ᠡᠮᠬᠢᠳᠬᠡᠨ ᠮᠣᠩᠭᠣᠯ ᠬᠡᠯᠡ ᠪᠢᠴᠢᠭ ᠦ᠋ᠨ ᠦᠢᠯᠡᠰ ᠲᠦ᠍ ᠴᠢᠷᠮᠠᠢᠨ ᠵᠢᠳᠬᠦᠵᠦ᠂ ᠠᠯᠠᠱᠠ ᠨᠤᠲᠤᠭ ᠤ᠋ᠨ ᠬᠠᠭᠤᠴᠢ ᠲᠡᠦᠬᠡ᠂ ᠰᠣᠶᠣᠯ ᠤ᠋ᠨ ᠲᠤᠬᠠᠢ ᠰᠤᠳᠤᠯᠭᠠᠨ ᠤ᠋ ᠥᠭᠦᠯᠡᠯ ᠦ᠋ᠳ ᠢ᠋ᠶ᠋ᠡᠨ ᠤᠷᠢᠳ ᠬᠣᠵᠢᠳ《 ᠥᠪᠥᠷ ᠮᠣᠩᠭᠣᠯ ᠤ᠋ᠨ ᠨᠤᠲᠤᠭ ᠤᠰᠤ 》᠂《 ᠥᠪᠥᠷ ᠮᠣᠩᠭᠣᠯ ᠤ᠋ᠨ ᠰᠢᠨᠵᠢᠯᠡᠬᠦ ᠤᠬᠠᠭᠠᠨ 》᠂《 ᠠᠯᠠᠱᠠ ᠶ᠋ᠢᠨ ᠰᠣᠨᠢᠨ 》᠂《 ᠪᠠᠶᠠᠨ ᠪᠦᠷᠢᠳᠦ 》᠂《 ᠪᠠᠶᠠᠨ ᠰᠦᠮᠪᠦᠷ 》ᠵᠡᠷᠭᠡ ᠰᠣᠨᠢᠨ ᠰᠡᠳᠬᠦᠯ ᠳ᠋ᠦ᠍ ᠨᠡᠢᠲᠡᠯᠡᠭᠦᠯᠵᠦ᠂《 ᠥᠪᠥᠷ ᠮᠣᠩᠭᠣᠯ ᠤ᠋ᠨ ᠵᠠᠩ ᠦᠢᠯᠡ ᠶ᠋ᠢᠨ ᠨᠡᠪᠲᠡᠷᠬᠡᠢ ᠲᠣᠯᠢ 》 ᠳ᠋ᠤ᠌ ᠠᠷᠪᠢᠨ ᠵᠣᠬᠢᠶᠠᠯ ᠨᠢ ᠰᠣᠩᠭᠣᠭᠳᠠᠨ ᠣᠷᠣᠵᠠᠢ᠃ ᠲᠡᠷᠡ ᠪᠡᠷ 1984 ᠣᠨ ᠤ᠋ ᠲᠠᠪᠤᠳᠤᠭᠠᠷ ᠰᠠᠷ᠎ᠠ ᠳ᠋ᠤ᠌ ᠠᠯᠠᠱᠠ ᠵᠡᠭᠦᠨ ᠬᠤᠰᠢᠭᠤᠨ ᠤ᠋ ᠮᠣᠩᠭᠣᠯ ᠬᠡᠯᠡ ᠪᠢᠴᠢᠭ ᠰᠤᠷᠴᠤ ᠬᠡᠷᠡᠭᠯᠡᠬᠦ ᠠᠵᠢᠯ ᠳ᠋ᠤ᠌ ᠨᠢᠭᠡᠳᠦᠭᠡᠷ ᠳᠡᠰ ᠢ᠋ᠶ᠋ᠡᠷ ᠰᠠᠢᠰᠢᠶᠠᠨ ᠬᠥᠬᠢᠭᠦᠯᠦᠭᠳᠡᠵᠦ᠂ 1989 ᠣᠨ ᠳ᠋ᠤ᠌ ᠲᠡᠷᠢᠭᠦᠨ ᠦ᠌ ᠠᠵᠢᠯᠲᠠᠨ ᠤ᠋ ᠢᠷᠠᠭᠤ ᠠᠯᠳᠠᠷ ᠢ᠋ ᠣᠯᠵᠠᠢ᠃1990 ᠣᠨ ᠳ᠋ᠤ᠌ ᠠᠵᠢᠯ ᠤ᠋ᠨ ᠠᠮᠠᠷᠠᠯᠲᠠ ᠪᠠᠨ ᠠᠪᠤᠪᠠ᠃ 1988 ᠣᠨ᠂ 1990 ᠣᠨ᠂ 1992 ᠣᠨ ᠳ᠋ᠤ᠌ ᠶᠠᠪᠤᠭᠳᠠᠭᠤᠯᠤᠭᠰᠠᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《 ᠰᠥᠩ ᠾᠧ (ᠨᠠᠷᠠᠰᠤ ᠲᠣᠭᠣᠷᠤᠤ) 》 ᠬᠤᠨᠳᠠᠭᠠᠲᠤ ᠪᠢᠴᠢᠯᠭᠡ ᠵᠢᠷᠤᠭ ᠤ᠋ᠨ ᠠᠩᠬᠠᠳᠤᠭᠠᠷ᠂ ᠬᠣᠶᠠᠳᠤᠭᠠᠷ᠂ ᠭᠤᠷᠪᠠᠳᠤᠭᠠᠷ ᠤᠷᠤᠯᠳᠤᠭᠠᠨ ᠳ᠋ᠤ᠌ ᠪᠦᠷ ᠭᠣᠴᠣ ᠪᠦᠲᠦᠭᠡᠯ ᠦ᠋ᠨ ᠱᠠᠩ ᠲᠤᠰᠴᠠᠢ᠃ 2016 ᠣᠨ ᠤ᠋10 ᠰᠠᠷ᠎ᠠ ᠳ᠋ᠤ᠌ ᠲᠠᠭᠠᠯᠠᠯ ᠲᠡᠭᠦᠰᠪᠡᠢ᠃
ᠲᠦᠪᠵᠢᠷᠭᠠᠯ ᠤ᠋ᠨ ᠤᠷᠠᠨ ᠪᠢᠴᠢᠯᠭᠡ