ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠣᠷᠵᠢᠭᠢᠨ ᠵᠢᠳᠬᠦᠯᠲᠦ Шинэ дундад улсын уран бичлэгдэд -<1>1949 оноос өмнө мэндэлсэд - Боржигон Зүтгэлт ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠣᠷᠵᠢᠭᠢᠨ ᠵᠢᠳᠬᠦᠯᠲᠦ Шинэ дундад улсын уран бичлэгдэд -<1>1949 оноос өмнө мэндэлсэд - Боржигон Зүтгэлт

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠣᠷᠵᠢᠭᠢᠨ ᠵᠢᠳᠬᠦᠯᠲᠦ Шинэ дундад улсын уран бичлэгдэд -<1>1949 оноос өмнө мэндэлсэд - Боржигон Зүтгэлт

ᠠᠩᠭᠢᠯᠠᠯ:ᠤᠷᠠᠨ ᠪᠢᠴᠢᠯᠭᠡ
2024-03-27

332

<ᠨᠢᠭᠡ >1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ

—— ᠪᠣᠷᠵᠢᠭᠢᠨ ᠵᠢᠳᠬᠦᠯᠲᠦ Боржигон Зүтгэлт


       ᠪᠣᠷᠵᠢᠭᠢᠨ ᠵᠢᠳᠬᠦᠯᠳᠦ᠂ ᠡᠷᠡᠭᠲᠡᠢ᠂ ᠮᠣᠩᠭᠣᠯ ᠦᠨᠳᠦᠰᠦᠲᠡᠨ᠂ ᠤᠤᠯ ᠨᠤᠲᠤᠭ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ᠋ ᠬᠥᠮᠦᠨ᠃ 1933 ᠣᠨ ᠤ᠋ 10 ᠰᠠᠷ᠎ᠠ ᠶ᠋ᠢᠨ 15 ᠳ᠋ᠤ᠌ ᠲᠥᠷᠥᠪᠡ᠃ ᠲᠡᠦᠬᠡ ᠶ᠋ᠢᠨ ᠤᠴᠢᠷ ᠰᠢᠯᠲᠠᠭᠠᠨ ᠠ᠋ᠴᠠ ᠪᠣᠯᠵᠤ ᠲᠡᠭᠦᠨ ᠦ᠌ ᠦᠨᠡᠨ ᠨᠠᠰᠤ ᠶ᠋ᠢ ᠣᠳᠣᠬᠢ ᠳᠠᠩᠰᠠ ᠡᠪᠬᠡᠮᠡᠯ ᠪᠠ ᠪᠡᠶ᠎ᠡ ᠶ᠋ᠢᠨ ᠦᠨᠡᠮᠯᠡᠯ ᠳᠡᠭᠡᠷ᠎ᠡ ᠨᠢ ᠲᠠᠪᠤᠨ ᠨᠠᠰᠤ ᠪᠠᠭᠤᠷᠠᠭᠤᠯᠤᠨ ᠪᠢᠴᠢᠵᠡᠢ ᠭᠡᠵᠦ ᠡᠪᠦᠭᠡᠨ ᠡᠮᠡᠭᠡᠨ ᠬᠣᠶᠠᠭᠤᠯᠠ ᠪᠠᠨ ᠶᠡᠬᠡ ᠯᠡ ᠬᠠᠷᠠᠮᠰᠠᠨ ᠶᠠᠷᠢᠵᠤ ᠪᠠᠢᠭᠰᠠᠨ᠃ ᠲᠡᠷᠡ ᠪᠡᠷ ᠭᠤᠷᠪᠠᠨ ᠨᠠᠰᠤᠨ ᠳ᠋ᠤ᠌ ᠪᠠᠨ ᠨᠤᠨ ᠠᠷᠪᠠᠨ ᠬᠤᠰᠢᠭᠤᠨ ᠤ᠋ ᠨᠣᠶᠠᠨ ᠬᠤᠲᠤᠭᠲᠤ ᠭᠡᠭᠡᠨ ᠰᠦᠮ᠎ᠡ ᠶ᠋ᠢᠨ ᠳᠣᠯᠣᠳᠤᠭᠠᠷ ᠳᠦᠷᠢ ᠶ᠋ᠢᠨ ᠪᠠᠷᠠᠭᠤᠨ ᠭᠦᠦᠰᠢ ᠶ᠋ᠢᠨ ᠬᠤᠪᠢᠯᠭᠠᠨ ᠯᠠᠮ᠎ᠠ ᠪᠠᠷ ᠲᠣᠳᠣᠯᠤᠭᠳᠠᠭᠠᠳ ᠵᠢᠷᠭᠤᠭᠠᠨ ᠨᠠᠰᠤᠨ ᠳ᠋ᠤ᠌ ᠪᠠᠨ ᠲᠤᠰ ᠰᠦᠮ᠎ᠡ ᠳ᠋ᠦ᠍ ᠵᠠᠯᠠᠭᠳᠠᠵᠤ ᠲᠥᠪᠡᠳ ᠨᠣᠮ ᠰᠤᠷᠪᠠ᠃ ᠲᠡᠷᠡ1947 ᠣᠨ ᠳ᠋ᠤ᠌ ᠬᠥᠳᠡᠭᠡ ᠭᠡᠷ ᠲᠦ᠍ ᠪᠡᠨ ᠬᠠᠷᠢᠵᠤ ᠤᠷᠢᠳ ᠬᠣᠵᠢᠳ ᠪᠠᠭ᠎ᠠ ᠰᠤᠷᠭᠠᠭᠤᠯᠢ᠂ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ᠂ ᠥᠪᠥᠷ ᠮᠣᠩᠭᠣᠯ ᠤ᠋ᠨ ᠮᠣᠩᠭᠣᠯ ᠬᠡᠯᠡ ᠪᠢᠴᠢᠭ ᠦ᠋ᠨ ᠲᠤᠰᠬᠠᠢ ᠮᠡᠷᠭᠡᠵᠢᠯ ᠦ᠋ᠨ ᠰᠤᠷᠭᠠᠭᠤᠯᠢ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠡᠷᠭᠡ ᠰᠤᠷᠭᠠᠭᠤᠯᠢ ᠳ᠋ᠤ᠌ ᠰᠤᠷᠤᠯᠴᠠᠭᠠᠳ᠂ 1963 ᠣᠨ ᠳ᠋ᠤ᠌ ᠰᠤᠷᠭᠠᠭᠤᠯᠢ ᠪᠠᠨ ᠲᠡᠭᠦᠰᠴᠦ ᠰᠢᠯᠢ ᠶ᠋ᠢᠨ ᠭᠣᠣᠯ ᠠᠢᠮᠠᠭ ᠤ᠋ᠨ ᠡᠳᠦᠷ ᠦ᠋ᠨ ᠰᠣᠨᠢᠨ ᠤ᠋ ᠬᠣᠷᠢᠶᠠᠨ ᠳ᠋ᠤ᠌ ᠠᠵᠢᠯ ᠤ᠋ᠨ ᠪᠠᠢᠷᠢ ᠠᠪᠴᠢ᠃ ᠲᠡᠷᠡ ᠦᠰᠦᠨ ᠪᠢᠷ ᠲᠡᠢ ᠤᠷᠲᠤ ᠬᠤᠭᠤᠴᠠᠭ᠎ᠠ ᠨᠥᠬᠥᠷᠯᠡᠭᠡᠳ᠂ ᠣᠷᠣᠨ᠂ ᠠᠢᠮᠠᠭ ᠬᠣᠲᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠦᠵᠡᠰᠬᠦᠯᠡᠩ ᠳ᠋ᠦ᠍ ᠣᠯᠠᠨᠲᠠ ᠣᠷᠣᠯᠴᠠᠵᠤ ᠠᠳᠠᠯᠢ ᠪᠤᠰᠤ ᠳᠡᠰ ᠦ᠋ᠨ ᠱᠠᠩᠨᠠᠯ ᠬᠥᠬᠢᠭᠦᠯᠦᠯ ᠬᠦᠷᠲᠡᠵᠡᠢ᠃  
       1995 ᠣᠨ ᠳ᠋ᠤ᠌ ᠥᠪᠥᠷ ᠮᠣᠩᠭᠣᠯ ᠤ᠋ᠨ ᠬᠣᠶᠠᠳᠤᠭᠠᠷ ᠬᠤᠭᠤᠴᠠᠭᠠᠨ ᠤ᠋ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠬᠣᠶᠠᠳᠤᠭᠠᠷ ᠳᠡᠰ ᠦ᠋ᠨ ᠱᠠᠩᠨᠠᠯ ᠬᠦᠷᠲᠡᠵᠦ᠂ 2003 ᠣᠨ ᠳ᠋ᠤ᠌ 《ᠪᠤᠭᠤᠲᠤ ᠬᠤᠨᠳᠠᠭᠠᠲᠤ》ᠪᠦᠬᠦ ᠣᠷᠣᠨ ᠤ᠋ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠨᠠᠰᠤᠲᠠᠢᠴᠤᠤᠯ ᠤ᠋ᠨ ᠳᠤᠭᠤᠢᠯᠠᠩ ᠤ᠋ᠨ ᠨᠢᠭᠡᠳᠦᠭᠡᠷ ᠳᠡᠰ ᠦ᠋ᠨ ᠱᠠᠩᠨᠠᠯ ᠬᠦᠷᠲᠡᠵᠡᠢ᠃ 2006 ᠣᠨ ᠤ᠋ 6 ᠰᠠᠷ᠎ᠠ ᠳ᠋ᠤ᠌ ᠮᠣᠩᠭᠣᠯ ᠤᠯᠤᠰ ᠲᠤ᠌ ᠬᠤᠪᠢ ᠬᠥᠮᠦᠨ ᠦ᠌ ᠦᠵᠡᠰᠬᠦᠯᠡᠩ ᠭᠠᠷᠭᠠᠵᠤ《ᠠᠺᠠᠳᠧᠮᠢᠴᠢ》ᠴᠣᠯᠠ ᠬᠦᠷᠲᠡᠵᠡᠢ᠃12 ᠰᠠᠷ᠎ᠠ ᠳ᠋ᠤ᠌ ᠴᠢᠩᠭᠢᠰ ᠦ᠋ᠨ ᠪᠢᠯᠢᠭ ᠰᠤᠷᠭᠠᠯ ᠢ᠋ ᠰᠡᠢᠷᠡᠭᠦᠯᠦᠭᠰᠡᠨ ᠪᠦᠲᠦᠭᠡᠯ ᠢ᠋ᠶ᠋ᠡᠷ ᠢ᠋ᠶ᠋ᠡᠨ《ᠰᠠᠷᠠᠨ᠎ᠠ 》ᠱᠠᠩᠨᠠᠯ ᠣᠯᠵᠠᠢ᠃ 2009 ᠣᠨ ᠤ᠋10 ᠰᠠᠷ᠎ᠠ ᠶ᠋ᠢᠨ1 ᠦ᠌ ᠡᠳᠦᠷ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ60 ᠵᠢᠯ ᠦ᠋ᠨ ᠣᠢ ᠳ᠋ᠤ᠌ ᠪᠦᠬᠦ ᠤᠯᠤᠰ ᠤ᠋ᠨ ᠵᠢᠷᠤᠭ ᠪᠢᠴᠢᠯᠭᠡ ᠶ᠋ᠢᠨ ᠦᠵᠡᠰᠬᠦᠯᠡᠩ ᠢ᠋ ᠵᠣᠬᠢᠶᠠᠨ ᠪᠠᠢᠭᠤᠯᠤᠭᠰᠠᠨ ᠭᠠᠵᠠᠷ ᠠ᠋ᠴᠠ 《ᠳᠤᠮᠳᠠᠳᠤᠴᠤᠳ ᠤ᠋ᠨ ᠤᠯᠤᠰ ᠢ᠋ᠶ᠋ᠠᠨ ᠬᠠᠢᠷᠠᠯᠠᠭᠰᠠᠨ ᠤᠷᠠᠯᠢᠭᠴᠢᠨ》ᠭᠡᠰᠡᠨ ᠲᠡᠮᠳᠡᠭ ᠣᠯᠭᠣᠪᠠ᠃ 2011 ᠣᠨ ᠤ᠋ 9 ᠰᠠᠷ᠎ᠠ ᠶ᠋ᠢᠨ 20 ᠤ᠋ ᠡᠳᠦᠷ ᠳᠡᠯᠡᠬᠡᠢ ᠶ᠋ᠢᠨ ᠳᠤᠮᠳᠠᠳᠤᠴᠤᠳ ᠪᠠ ᠬᠠᠷᠢᠶᠠᠲᠤ ᠨᠠᠷ ᠤ᠋ᠨ ᠬᠣᠯᠪᠣᠭᠠᠲᠤ ᠬᠤᠷᠠᠯ ᠠ᠋ᠴᠠ《ᠳᠤᠮᠳᠠᠳᠤᠴᠤᠳ ᠤ᠋ᠨ ᠳᠡᠯᠡᠬᠡᠢ ᠶ᠋ᠢᠨ ᠰᠢᠯᠭᠠᠷᠠᠭᠰᠠᠨ ᠤᠷᠠᠯᠢᠭᠴᠢᠨ》ᠭᠡᠬᠦ ᠣᠳᠣᠨ ᠵᠡᠭᠦᠯᠭᠡᠪᠡ᠃ 9 ᠰᠠᠷ᠎ᠠ ᠳ᠋ᠤ᠌ ᠡᠪ ᠬᠠᠮᠲᠤ ᠨᠠᠮ ᠪᠠᠢᠭᠤᠯᠤᠭᠳᠠᠭᠰᠠᠨ90 ᠵᠢᠯ ᠦ᠋ᠨ ᠣᠢ ᠪᠣᠯᠤᠨ ᠴᠠᠭᠠᠭᠴᠢᠨ ᠭᠠᠬᠠᠢ ᠵᠢᠯ ᠦ᠋ᠨ100 ᠵᠢᠯ ᠦ᠋ᠨ ᠣᠢ ᠶ᠋ᠢᠨ ᠳᠦᠷᠰᠦ ᠪᠢᠴᠢᠯᠭᠡ ᠵᠢᠷᠤᠭ ᠤᠷᠠᠯᠢᠭ ᠤ᠋ᠨ ᠦᠵᠡᠰᠬᠦᠯᠡᠩ ᠡᠴᠡ 《ᠳᠤᠮᠳᠠᠳᠤᠴᠤᠳ ᠤ᠋ᠨ ᠨᠠᠰᠤᠨ ᠲᠤᠷᠰᠢᠳᠠ ᠤᠷᠠᠯᠢᠭ ᠤ᠋ᠨ ᠠᠮᠵᠢᠯᠲᠠ ᠲᠠᠢ ᠱᠠᠩᠨᠠᠯ》ᠣᠯᠭᠣᠪᠠ᠃ 2011 ᠣᠨ ᠳ᠋ᠤ᠌《ᠮᠣᠩᠭᠣᠯ ᠤ᠋ᠨ ᠨᠢᠭᠤᠴᠠ ᠲᠣᠪᠴᠢᠶᠠᠨ》ᠢ᠋ ᠦᠰᠦᠨ ᠪᠢᠷ ᠢ᠋ᠶ᠋ᠡᠷ ᠰᠡᠢᠷᠡᠭᠦᠯᠵᠦ ᠬᠡᠪᠯᠡᠭᠦᠯᠵᠡᠢ᠃  

        ᠪᠣᠷᠵᠢᠭᠢᠨ ᠵᠢᠳᠬᠦᠯᠳᠦ ᠶ᠋ᠢᠨ ᠤᠷᠠᠨ ᠪᠢᠴᠢᠯᠭᠡ 
               ( ᠮᠣᠩᠭᠣᠯ ᠤ᠋ᠨ ᠨᠢᠭᠤᠴᠠ ᠲᠣᠪᠴᠢᠶᠠᠨ ᠤ᠋ ᠰᠡᠢᠷᠠᠭᠦᠯᠦᠯ ᠡᠴᠡ ᠰᠣᠩᠭᠣᠪᠠ )