ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠠᠢ ᠶᠦᠨ ᠱᠠᠨ Шинэ дундад улсын уран бичлэгдэд -<1>1949 оноос өмнө мэндэлсэд - Бай юн шан ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠠᠢ ᠶᠦᠨ ᠱᠠᠨ Шинэ дундад улсын уран бичлэгдэд -<1>1949 оноос өмнө мэндэлсэд - Бай юн шан

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠪᠠᠢ ᠶᠦᠨ ᠱᠠᠨ Шинэ дундад улсын уран бичлэгдэд -<1>1949 оноос өмнө мэндэлсэд - Бай юн шан

ᠠᠩᠭᠢᠯᠠᠯ:ᠤᠷᠠᠨ ᠪᠢᠴᠢᠯᠭᠡ
2024-03-28

325


       ᠪᠠᠢ ᠶᠦᠨ ᠱᠠᠨ ( 1936 ᠊᠊᠊᠊ 1982) ᠂ ᠡᠷᠡᠭᠲᠡᠢ᠂ ᠮᠣᠩᠭᠣᠯ ᠦᠨᠳᠦᠰᠦᠲᠡᠨ᠂ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠢ᠋ᠶ᠋ᠠᠷ ᠨᠤᠲᠤᠭ ᠲᠠᠢ᠃ 1936 ᠣᠨ ᠤ᠋ 10 ᠰᠠᠷ᠎ᠠ ᠶ᠋ᠢᠨ 23 ᠤ᠋ ᠡᠳᠦᠷ ᠲᠥᠷᠥᠵᠡᠢ᠃ ᠪᠠᠭ᠎ᠠ ᠶ᠋ᠢᠨ ᠨᠡᠷ᠎ᠡ ᠨᠢ ᠱᠣᠨᠣᠳᠠᠸᠠ ᠭᠡᠳᠡᠭ᠃1944 ᠣᠨ ᠠ᠋ᠴᠠ ᠡᠬᠢᠯᠡᠨ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠨᠠᠷᠢᠨᠬᠣᠰᠢᠭᠣ ᠠᠢᠯ ᠤ᠋ᠨ ᠪᠠᠭ᠎ᠠ ᠰᠤᠷᠭᠠᠭᠤᠯᠢ ᠳ᠋ᠤ᠌ ᠪᠢᠴᠢᠭ ᠦᠵᠡᠵᠦ᠂ 1949 ᠣᠨ ᠳ᠋ᠤ᠌ ᠨᠡᠷᠡᠳᠦᠬᠣᠰᠢᠭᠣ ᠠᠢᠯ ᠳ᠋ᠤ᠌ ᠨᠡᠭᠦᠨ ᠣᠴᠢᠭᠰᠠᠨ ᠲᠤᠯᠠ ᠲᠤᠰ ᠠᠢᠯ ᠤ᠋ᠨ ᠪᠠᠭ᠎ᠠ ᠰᠤᠷᠭᠠᠭᠤᠯᠢ ᠳ᠋ᠤ᠌ ᠰᠤᠷᠤᠯᠴᠠᠵᠤ᠂ ᠳᠠᠬᠢᠨ ᠬᠠᠯᠵᠢᠨ ᠨᠤᠲᠤᠭ ᠤ᠋ᠨ ᠪᠦᠷᠢᠨ ᠪᠠᠭ᠎ᠠ ᠰᠤᠷᠭᠠᠭᠤᠯᠢ ᠳ᠋ᠤ᠌ ᠬᠣᠶᠠᠷ ᠰᠠᠷ᠎ᠠ ᠰᠢᠬᠠᠮ ᠰᠤᠷᠤᠯᠴᠠᠭᠠᠳ᠂ ᠵᠢᠷᠢᠮ ᠠᠢᠮᠠᠭ ᠤ᠋ᠨ ᠲᠦᠩᠯᠢᠶᠣᠣ ᠳ᠋ᠠᠬᠢ ᠮᠣᠩᠭᠣᠯ ᠪᠠᠭ᠎ᠠ ᠰᠤᠷᠭᠠᠭᠤᠯᠢ ᠳ᠋ᠤ᠌ ᠰᠢᠯᠵᠢᠨ ᠰᠤᠷᠤᠯᠴᠠᠵᠤ᠂ ᠲᠡᠨᠳᠡ ᠡᠴᠡ ᠥᠨᠳᠥᠷ ᠵᠡᠷᠭᠡ ᠶ᠋ᠢᠨ ᠪᠠᠭ᠎ᠠ ᠰᠤᠷᠭᠠᠭᠤᠯᠢ ᠲᠡᠭᠦᠰᠦᠭᠰᠡᠨ ᠪᠠᠲᠤᠯᠠᠪᠤᠷᠢ ᠣᠯᠵᠤ᠂ 1953 ᠣᠨ ᠳ᠋ᠤ᠌ ᠲᠦᠩᠯᠢᠶᠣᠣ ᠳ᠋ᠠᠬᠢ ᠨᠢᠭᠡᠳᠦᠭᠡᠷ ᠳᠤᠮᠳᠠᠳᠤ ᠰᠤᠷᠭᠠᠭᠤᠯᠢ ᠳ᠋ᠤ᠌ ᠰᠢᠯᠭᠠᠨ ᠣᠷᠣᠪᠠ᠃1954 ᠣᠨ ᠳ᠋ᠤ᠌ ᠲᠦᠩᠯᠢᠶᠣᠣ ᠬᠣᠶᠠᠳᠤᠭᠠᠷ ᠳᠤᠮᠳᠠᠳᠤ ᠰᠤᠷᠭᠠᠭᠤᠯᠢ ᠪᠠᠢᠭᠤᠯᠤᠭᠳᠠᠭᠰᠠᠨ ᠠ᠋ᠴᠠ ᠲᠡᠨᠳᠡ ᠰᠢᠯᠵᠢᠨ ᠰᠤᠷᠤᠯᠴᠠᠵᠤ᠂ ᠲᠤᠰ ᠵᠢᠯ ᠦ᠋ᠨ ᠲᠠᠪᠤᠨ ᠰᠠᠷ᠎ᠠ ᠶ᠋ᠢᠨ ᠳᠥᠷᠪᠡᠨ ᠦ᠌ ᠡᠳᠦᠷ ᠳᠤᠮᠳᠠᠳᠤ ᠤᠯᠤᠰ ᠤ᠋ᠨ ᠵᠠᠯᠠᠭᠤᠴᠤᠳ ᠤ᠋ᠨ ᠡᠪᠯᠡᠯ ᠳ᠋ᠦ᠍ ᠡᠯᠰᠡᠭᠳᠡᠵᠦ᠂ 1955 ᠣᠨ ᠳ᠋ᠤ᠌ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ ᠪᠠᠨ ᠲᠡᠭᠦᠰᠬᠡᠵᠦ᠂ ᠤᠤᠯ ᠤ᠋ᠨ ᠥᠪᠥᠷ ᠮᠣᠩᠭᠣᠯ ᠤ᠋ᠨ ᠪᠠᠭᠰᠢ ᠶ᠋ᠢᠨ ᠳᠡᠭᠡᠳᠦ ᠰᠤᠷᠭᠠᠭᠤᠯᠢ ᠶ᠋ᠢᠨ ᠮᠣᠩᠭᠣᠯ ᠬᠡᠯᠡᠨ ᠦ᠌ ᠰᠠᠯᠪᠤᠷᠢ ᠳ᠋ᠤ᠌ ᠰᠢᠯᠭᠠᠨ ᠣᠷᠣᠵᠤ ᠰᠤᠷᠤᠯᠴᠠᠪᠠ᠃1956 ᠣᠨ ᠤ᠋ 8 ᠰᠠᠷ᠎ᠠ ᠳ᠋ᠤ᠌ ᠰᠤᠷᠤᠯᠭ᠎ᠠ ᠪᠠᠨ ᠲᠡᠭᠦᠰᠬᠡᠵᠦ᠂ ᠲᠦᠩᠯᠢᠶᠣᠣ ᠬᠣᠶᠠᠳᠤᠭᠠᠷ ᠳᠤᠮᠳᠠᠳᠤ ᠰᠤᠷᠭᠠᠭᠤᠯᠢ ᠳ᠋ᠤ᠌ ᠮᠣᠩᠭᠣᠯ ᠬᠡᠯᠡᠨ ᠦ᠌ ᠪᠠᠭᠰᠢ ᠪᠠᠷ ᠠᠵᠢᠯᠯᠠᠵᠤ ᠪᠠᠢᠭᠰᠠᠨ ᠢ᠋ᠶ᠋ᠠᠨ᠂ 1959 ᠣᠨ ᠤ᠋ 3 ᠰᠠᠷ᠎ᠠ ᠳ᠋ᠤ᠌ ᠤᠤᠯ ᠤ᠋ᠨ ᠵᠢᠷᠢᠮ ᠠᠢᠮᠠᠭ ᠤ᠋ᠨ ᠲᠦᠩᠯᠢᠶᠣᠣ ᠪᠠᠭᠰᠢ ᠶ᠋ᠢᠨ ᠰᠤᠷᠭᠠᠭᠤᠯᠢ ᠳ᠋ᠤ᠌ ᠠᠵᠢᠯ ᠰᠢᠯᠵᠢᠵᠦ᠂ 1972 ᠣᠨ ᠤ᠋ 3 ᠰᠠᠷ᠎ᠠ ᠠ᠋ᠴᠠ ᠤᠤᠯ ᠤ᠋ᠨ ᠲᠦᠩᠯᠢᠶᠣᠣ ᠪᠠᠭᠰᠢ ᠶ᠋ᠢᠨ ᠳᠡᠭᠡᠳᠦ ᠰᠤᠷᠭᠠᠭᠤᠯᠢ ᠶ᠋ᠢᠨ ᠮᠣᠩᠭᠣᠯ ᠬᠡᠯᠡᠨ ᠦ᠌ ᠰᠠᠯᠪᠤᠷᠢ ᠳ᠋ᠤ᠌ ᠪᠠᠭᠰᠢᠯᠠᠵᠤ᠂ 1982 ᠣᠨ ᠵᠣᠯ ᠪᠤᠰᠤ ᠪᠠᠷ ᠨᠠᠰᠤ ᠪᠠᠷᠠᠪᠠ᠃ 
       ᠪᠠᠢ ᠶᠦᠨ ᠱᠠᠨ ᠭᠤᠸᠠᠢ 《 ᠳᠤᠮᠳᠠᠳᠤ ᠰᠤᠷᠭᠠᠭᠤᠯᠢ ᠳ᠋ᠤ᠌ ᠣᠷᠣᠬᠤ ᠠ᠋ᠴᠠ ᠡᠮᠦᠨ᠎ᠡ᠂ ᠤᠬᠠᠭᠠᠨ ᠭᠦᠢᠴᠡᠭᠡᠳᠦᠢ ᠦᠶ᠎ᠡ ᠡᠴᠡ ᠡᠬᠢᠯᠡᠨ ᠪᠠᠭᠰᠢ ᠪᠣᠯᠬᠤ ᠶᠡᠬᠡ ᠳᠤᠷᠠᠲᠠᠢ ᠪᠠᠢᠭᠰᠠᠨ 》(ᠬᠤᠪᠢ ᠶ᠋ᠢᠨ ᠨᠠᠮᠲᠠᠷ ᠲᠤ᠌ ᠪᠠᠨ ᠪᠢᠴᠢᠭᠰᠡᠨ ᠥᠪᠡᠷ ᠦ᠋ᠨ ᠬᠢᠨᠢ ᠦᠭᠡ)ᠪᠥᠭᠡᠳ ᠦᠨᠡᠬᠡᠷ ᠥᠪᠡᠷ ᠦ᠋ᠨ ᠬᠦᠰᠡᠯ ᠶᠣᠰᠣᠭᠠᠷ ᠢ᠋ᠶ᠋ᠠᠨ ᠪᠠᠭᠰᠢ ᠶ᠋ᠢᠨ ᠠᠵᠢᠯ ᠤ᠋ᠨ ᠪᠠᠢᠷᠢ ᠳ᠋ᠤ᠌ ᠭᠠᠷᠮᠠᠭᠠᠢᠯᠠᠨ ᠴᠢᠷᠮᠠᠢᠵᠤ᠂ ᠪᠦᠬᠦ ᠨᠠᠰᠤ ᠪᠠᠨ ᠦᠨᠳᠦᠰᠦᠲᠡᠨ ᠦ᠌ ᠰᠣᠶᠣᠯ ᠰᠤᠷᠭᠠᠨ ᠬᠥᠮᠦᠵᠢᠯ ᠦ᠋ᠨ ᠦᠢᠯᠡᠰ ᠲᠦ᠍ ᠵᠣᠷᠢᠭᠤᠯᠤᠭᠰᠠᠨ ᠪᠠᠢᠨ᠎ᠠ᠃ ᠢᠯᠠᠩᠭᠤᠶ᠎ᠠ ᠶᠡᠬᠡ ᠰᠤᠷᠭᠠᠭᠤᠯᠢ ᠳ᠋ᠤ᠌ ᠠᠵᠢᠯᠯᠠᠵᠤ ᠪᠠᠢᠭ᠎ᠠ ᠬᠤᠭᠤᠴᠠᠭᠠᠨ ᠳ᠋ᠤ᠌ ᠪᠠᠨ《 ᠴᠢᠦᠢ ᠶᠤᠸᠠᠨ ᠤ᠋ ᠤᠶᠠᠩᠭ᠎ᠠ 》᠂《ᠰᠤᠷᠭᠠᠬᠤᠢ ᠲᠡᠮᠳᠡᠭᠯᠡᠯ 》᠂《 ᠴᠦ ᠶ᠋ᠢᠨ ᠤᠶᠠᠩᠭ᠎ᠠ ᠶ᠋ᠢᠨ ᠰᠣᠩᠭᠣᠮᠠᠯ 》ᠢ᠋ ᠣᠷᠴᠢᠭᠤᠯᠤᠨ ᠬᠡᠪᠯᠡᠭᠦᠯᠵᠦ᠂ ᠯᠦ᠍ ᠰᠢᠶᠦ᠋ᠨ ᠦ᠌ ᠵᠣᠬᠢᠶᠠᠯ ᠵᠡᠷᠭᠡ ᠭᠤᠴᠢ ᠭᠠᠷᠤᠢ ᠰᠢᠯᠦᠭ᠂ ᠥᠭᠦᠯᠡᠯᠭᠡ᠂ ᠨᠠᠢᠷᠠᠭᠤᠯᠤᠯ ᠢ᠋ ᠣᠷᠴᠢᠭᠤᠯᠤᠨ ᠨᠡᠢᠲᠡᠯᠡᠵᠦ᠂《 ᠳᠤᠮᠳᠠᠳᠤ ᠰᠤᠷᠭᠠᠭᠤᠯᠢ ᠳ᠋ᠤ᠌ ᠬᠡᠯᠡ ᠪᠢᠴᠢᠭ ᠵᠢᠭᠠᠬᠤ ᠠᠷᠭ᠎ᠠ 》᠂《ᠮᠣᠩᠭᠣᠯ ᠦᠰᠦᠨ ᠪᠢᠷ ᠦ᠋ᠨ ᠵᠢᠭᠠᠨ ᠰᠤᠷᠭᠠᠯᠲᠠ ᠶ᠋ᠢᠨ ᠯᠠᠪᠯᠠᠬᠤ ᠪᠢᠴᠢᠭ 》ᠭᠡᠬᠦ ᠮᠡᠲᠦ ᠶ᠋ᠢᠨ ᠰᠤᠷᠬᠤ ᠪᠢᠴᠢᠭ ᠨᠠᠢᠷᠠᠭᠤᠯᠤᠭᠰᠠᠨ ᠪᠠᠢᠨ᠎ᠠ᠃ 
       《 ᠮᠣᠩᠭᠣᠯ ᠦᠰᠦᠨ ᠪᠢᠷ ᠦ᠋ᠨ ᠪᠢᠴᠢᠯᠭᠡ 》 ᠪᠣᠯ ᠪᠠᠢ ᠶᠦᠨ ᠱᠠᠨ ᠭᠤᠸᠠᠢ ᠶ᠋ᠢᠨ ᠨᠠᠢᠷᠠᠭᠤᠯᠵᠤ ᠪᠢᠴᠢᠭᠰᠡᠨ᠂ ᠬᠠᠮᠤᠭ ᠡᠷᠲᠡᠨ ᠦ᠌ ᠮᠣᠩᠭᠣᠯ ᠤᠷᠠᠨ ᠪᠢᠴᠢᠯᠭᠡ ᠶ᠋ᠢᠨ ᠬᠣᠪᠣᠷᠬᠠᠨ ᠬᠡᠳᠦᠨ ᠰᠤᠷᠬᠤ ᠪᠢᠴᠢᠭ ᠦ᠋ᠨ ᠨᠢᠭᠡ ᠪᠣᠯᠤᠨ᠎ᠠ᠃ ᠲᠡᠷᠡ ᠨᠢ ᠪᠦᠬᠦᠯᠢ ᠡᠳᠦᠷ ᠦ᠋ᠨ ᠠᠷᠪᠠᠨ ᠵᠢᠯ ᠦ᠋ᠨ ᠳᠦᠷᠢᠮᠲᠦ ᠰᠤᠷᠭᠠᠭᠤᠯᠢ ᠶ᠋ᠢᠨ ᠪᠠᠭ᠎ᠠ᠂ ᠠᠩᠬ᠎ᠠ ᠳᠤᠮᠳᠠᠳᠤ ᠳ᠋ᠤ᠌ ᠰᠣᠩᠭᠣᠨ ᠬᠡᠷᠡᠭᠯᠡᠬᠦ ᠪᠢᠴᠢᠭ ᠦ᠋ᠨ ᠬᠤᠪᠢ ᠪᠠᠷ᠂ 1981 ᠣᠨ ᠳ᠋ᠤ᠌ ᠥᠪᠥᠷ ᠮᠣᠩᠭᠣᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠠ᠋ᠴᠠ ᠬᠡᠪᠯᠡᠭᠦᠯᠦᠭᠰᠡᠨ ᠪᠠᠢᠨ᠎ᠠ᠃  
       ᠪᠠᠢ ᠶᠦᠨ ᠱᠠᠨ ᠭᠤᠸᠠᠢ ᠶ᠋ᠢᠨ《 ᠮᠣᠩᠭᠣᠯ ᠦᠰᠦᠨ ᠪᠢᠷ ᠦ᠋ᠨ ᠪᠢᠴᠢᠯᠭᠡ 》ᠨᠢ ᠄ a ᠦᠰᠦᠨ ᠪᠢᠷ ᠬᠡᠷᠡᠭᠯᠡᠬᠦ ᠠᠴᠢ ᠬᠣᠯᠪᠣᠭᠳᠠᠯ b ᠪᠢᠴᠢᠭ ᠦ᠋ᠨ ᠭᠡᠷ ᠦ᠋ᠨ ᠳᠥᠷᠪᠡᠨ ᠡᠷᠳᠡᠨᠢ c ᠦᠰᠦᠨ ᠪᠢᠷ ᠢ᠋ ᠬᠡᠷᠬᠢᠨ ᠬᠡᠷᠡᠭᠯᠡᠬᠦ ᠲᠤᠬᠠᠢ d ᠮᠣᠩᠭᠣᠯ ᠪᠢᠴᠢᠭ ᠦ᠋ᠨ ᠤᠷᠠᠨ ᠪᠢᠴᠢᠯᠭᠡ ᠶ᠋ᠢᠨ ᠲᠤᠬᠠᠢ ᠰᠢᠨᠵᠢᠯᠡᠯᠲᠡ e ᠤᠷᠠᠨ ᠪᠢᠴᠢᠯᠭᠡ ᠶ᠋ᠢᠨ ᠲᠢᠭ ᠵᠢᠱ᠌ᠢᠶ᠎ᠡ ᠵᠡᠷᠭᠡ ᠲᠠᠪᠤᠨ ᠪᠦᠯᠦᠭ ᠢ᠋ᠶ᠋ᠡᠷ ᠪᠦᠷᠢᠯᠳᠦᠵᠡᠢ᠃ ᠣᠨᠴᠠᠭᠠᠢᠯᠠᠨ 《 ᠮᠣᠩᠭᠣᠯ ᠪᠢᠴᠢᠭ ᠦ᠋ᠨ ᠤᠷᠠᠨ ᠪᠢᠴᠢᠯᠭᠡ ᠶ᠋ᠢᠨ ᠲᠤᠬᠠᠢ ᠰᠢᠨᠵᠢᠯᠡᠯᠲᠡ》ᠪᠦᠯᠦᠭ ᠲᠦ᠍᠂ ᠮᠣᠩᠭᠣᠯ ᠤᠷᠠᠨ ᠪᠢᠴᠢᠯᠭᠡ ᠰᠤᠷᠴᠤ ᠪᠣᠯᠪᠠᠰᠤᠷᠠᠬᠤ ᠠᠯᠬᠤᠮ ᠳᠠᠷᠠᠭ᠎ᠠ᠂ ᠪᠢᠴᠢᠬᠦ ᠠᠷᠭ᠎ᠠ ᠪᠠᠷᠢᠯ《ᠳᠥᠭᠥᠮ ᠨᠥᠬᠥᠴᠡᠰᠦ ᠲᠢᠭ》ᠡᠴᠡ《ᠪᠤᠳᠤᠯᠢᠶᠠᠨ ᠲᠠᠢ ᠦᠭᠡ》ᠲᠡᠰᠢ《ᠠᠯᠬᠤᠮ ᠳᠠᠷᠠᠭ᠎ᠠ ᠲᠠᠢ ᠠᠭᠠᠵᠢᠮ ᠢ᠋ᠶ᠋ᠠᠷ ᠠᠬᠢᠬᠤ ᠵᠠᠷᠴᠢᠮ》ᠪᠠ《ᠦᠰᠦᠭ ᠦ᠋ᠨ ᠲᠢᠭ ᠦ᠋ᠨ ᠪᠦᠲᠦᠴᠡ᠂ ᠵᠢᠷᠤᠯᠭ᠎ᠠ ᠶ᠋ᠢ ᠬᠢᠨᠠᠵᠤ ᠰᠤᠳᠤᠯᠤᠨ᠂ ᠰᠢᠨᠵᠢᠯᠡᠬᠦ ᠤᠬᠠᠭᠠᠨᠴᠢᠯᠠᠭᠰᠠᠨ ᠵᠢᠮ᠎ᠡ ᠶᠣᠰᠣ᠂ ᠪᠢᠴᠢᠬᠦ ᠠᠷᠭ᠎ᠠ ᠪᠠᠷᠢᠯ ᠢ᠋ ᠨᠢ ᠣᠯᠬᠤ》ᠴᠢᠬᠤᠯᠠ ᠴᠢᠨᠠᠷ ᠢ᠋ ᠳᠤᠷᠠᠳᠴᠤ᠂ ᠮᠣᠩᠭᠣᠯ ᠦᠰᠦᠭ ᠦ᠋ᠨ ᠦᠨᠳᠦᠰᠦᠨ ᠵᠢᠷᠤᠯᠭ᠎ᠠ ᠶ᠋ᠢ《 ᠦᠶ᠎ᠡ ᠦᠰᠦᠭ ᠦ᠋ᠨ ᠲᠢᠲᠢᠮ ᠲᠣᠯᠣᠭᠠᠢ ᠪᠣᠯᠬᠤ〈 ᠡ‍ ᠂ ᠨ‍ ᠂ ᠦ᠌ ᠂ ᠫ ᠂ ᠹ ᠂ ᠭ( ᠬ‍ )᠂ ᠵ ᠂ ᠶ ᠂ ᠲ ᠂ ᠳ᠋᠊ ᠂ ᠮ ᠂ ᠴ ᠂ ᠷ ᠂ ᠱ ᠂ ᠯ ᠂ ᠸ ᠂ ᠼ ᠂ ᠽ ᠂ ᠺ ᠂ ᠾ 〉ᠵᠡᠷᠭᠡ ᠪᠠ〈 ‍ᠨ᠂ ᠎ᠡ᠂ ᠊ᠢ᠂ ᠣ‍ ᠂ ᠪ‍ ᠂ ᠡ‍ ᠂ ᠵ 〉ᠭᠡᠬᠦ ᠮᠡᠲᠦ ᠶ᠋ᠢᠨ ᠠᠴᠤᠭ᠂ ᠰᠢᠯᠪᠢ᠂ ᠭᠡᠳᠡᠰᠦ᠂ ᠣᠷᠬᠢᠴᠠ᠂ ᠤᠷᠤᠭᠰᠢᠯᠠᠭ᠎ᠠ᠂ ᠴᠠᠴᠤᠯᠭ᠎ᠠ᠂ ᠪᠢᠲᠡᠭᠦᠦ᠂ ᠬᠡᠢᠰᠪᠦᠷᠢ ᠰᠡᠭᠦᠯ᠂ ᠨᠢᠷᠤᠭᠤ(ᠵᠠᠯᠭᠠᠬᠤ ᠨᠢᠷᠤᠭᠤ ᠪᠠᠭᠲᠠᠨ᠎ᠠ)ᠵᠡᠷᠭᠡ ᠶ᠋ᠢᠨ ᠦᠨᠳᠦᠰᠦᠨ ᠲᠢᠭ ᠲᠡᠮᠳᠡᠭ᠂ ᠬᠡᠯᠪᠡᠷᠢ ᠳᠦᠷᠰᠦ ᠲᠡᠳᠦᠢ ᠪᠣᠯᠤᠨ᠎ᠠ》ᠭᠡᠮᠡᠨ ᠬᠤᠷᠢᠶᠠᠩᠭᠤᠢᠯᠠᠨ᠂《ᠪᠢᠴᠢᠯᠭᠡ ᠶ᠋ᠢᠨ ᠬᠡᠪ ᠢ᠋ᠶ᠋ᠡᠨ ᠬᠠᠷᠠᠨᠳᠠ ᠪᠤᠶᠤ ᠪᠣᠯᠣᠳ ᠪᠢᠷ ᠢ᠋ᠶ᠋ᠡᠷ ᠳᠠᠭᠤᠷᠢᠶᠠᠨ ᠪᠢᠴᠢᠭᠡᠳ᠂ ᠳᠠᠬᠢᠨ ᠳᠡᠭᠡᠷ᠎ᠡ ᠡᠴᠡ ᠨᠢ ᠦᠰᠦᠨ ᠪᠢᠷ ᠢ᠋ᠶ᠋ᠡᠷ ᠪᠢᠴᠢᠬᠦ》᠂《ᠰᠢᠭᠤᠳ ᠪᠢᠴᠢᠯᠭᠡ ᠶ᠋ᠢᠨ ᠬᠡᠪ ᠢ᠋ᠶ᠋ᠡᠨ ᠦᠵᠡᠵᠦ ᠳᠠᠭᠤᠷᠢᠶᠠᠨ ᠪᠢᠴᠢᠬᠦ》ᠬᠣᠶᠠᠷ ᠵᠦᠢᠯ ᠦ᠋ᠨ ᠳᠠᠭᠤᠷᠢᠶᠠᠨ ᠪᠢᠴᠢᠬᠦ ᠠᠷᠭ᠎ᠠ ᠶ᠋ᠢ ᠲᠠᠨᠢᠯᠴᠠᠭᠤᠯᠤᠨ᠂《ᠮᠣᠩᠭᠣᠯ ᠦᠰᠦᠭ ᠢ᠋ ᠰᠠᠢᠬᠠᠨ ᠪᠢᠴᠢᠬᠦ ᠳ᠋ᠦ᠍ ᠠᠩᠬᠠᠷᠤᠭᠤᠰᠢᠲᠠᠢ ᠵᠦᠢᠯ ᠦ᠋ᠳ》ᠢ᠋ ᠣᠯᠠᠨ ᠲᠠᠯ᠎ᠠ ᠪᠠᠷ ᠨᠠᠷᠢᠯᠢᠭ ᠮᠥᠷᠲᠡᠭᠡᠨ ᠵᠢᠱ᠌ᠢᠶ᠎ᠡ ᠲᠡᠢ ᠲᠠᠢᠯᠪᠣᠷᠢᠯᠠᠭᠰᠠᠨ ᠢ᠋ᠶ᠋ᠠᠷ ᠪᠠᠷᠠᠬᠤ ᠦᠭᠡᠢ᠂ ᠤᠷᠠᠨ ᠪᠢᠴᠢᠯᠭᠡ ᠶ᠋ᠢᠨ ᠲᠢᠭ ᠵᠢᠱ᠌ᠢᠶ᠎ᠡ ᠪᠦᠯᠦᠭ ᠲᠦ᠍《ᠦᠰᠦᠭ ᠦ᠋ᠨ ᠲᠢᠭ ᠪᠢᠴᠢᠵᠦ ᠪᠣᠯᠪᠠᠰᠤᠷᠠᠬᠤ ᠵᠢᠱ᠌ᠢᠶ᠎ᠡ》᠂《ᠴᠠᠭᠠᠨ ᠲᠣᠯᠣᠭᠠᠢ ᠪᠣᠯᠤᠨ ᠳᠥᠭᠥᠮ ᠦᠭᠡ ᠪᠢᠴᠢᠵᠦ ᠪᠣᠯᠪᠠᠰᠤᠷᠠᠬᠤ ᠵᠢᠱ᠌ᠢᠶ᠎ᠡ》 ᠂《ᠲᠥᠯᠥᠭᠡᠯᠡᠬᠦ ᠴᠢᠨᠠᠷᠲᠠᠢ ᠦᠭᠡᠰ ᠪᠢᠴᠢᠵᠦ ᠪᠣᠯᠪᠠᠰᠤᠷᠠᠬᠤ ᠵᠢᠱ᠌ᠢᠶ᠎ᠡ》᠂《ᠥᠭᠦᠯᠡᠪᠦᠷᠢ ᠨᠦ᠍ᠭᠦᠳ ᠢ᠋ ᠪᠢᠴᠢᠵᠦ ᠪᠣᠯᠪᠠᠰᠤᠷᠠᠬᠤ ᠵᠢᠱ᠌ᠢᠶ᠎ᠡ》᠂《ᠵᠣᠬᠢᠶᠠᠯ ᠤ᠋ᠨ ᠬᠡᠰᠡᠭ ᠪᠦᠯᠦᠭ ᠢ᠋ ᠪᠢᠴᠢᠵᠦ ᠪᠣᠯᠪᠠᠰᠤᠷᠠᠬᠤ ᠵᠢᠱ᠌ᠢᠶ᠎ᠡ》᠂《ᠪᠦᠷᠢᠨ ᠪᠦᠲᠦᠨ ᠵᠣᠬᠢᠶᠠᠯ ᠪᠢᠴᠢᠵᠦ ᠪᠣᠯᠪᠠᠰᠤᠷᠠᠬᠤ ᠵᠢᠱ᠌ᠢᠶ᠎ᠡ》ᠵᠡᠷᠭᠡ ᠶ᠋ᠢ ᠥᠪᠡᠷ ᠦ᠋ᠨ ᠪᠢᠴᠢᠯᠭᠡ ᠶ᠋ᠢᠨ ᠲᠢᠭ ᠢ᠋ᠶ᠋ᠡᠷ ᠢ᠋ᠶ᠋ᠡᠨ ᠪᠢᠴᠢᠨ ᠦᠯᠡᠳᠡᠭᠡᠭᠰᠡᠨ ᠨᠢ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠨ ᠪᠠ ᠦᠢᠯᠡᠳᠦᠯᠭᠡ ᠶ᠋ᠢᠨ ᠪᠣᠯᠪᠠᠰᠤᠷᠠᠯ ᠳ᠋ᠤ᠌ ᠲᠤᠢᠯ ᠤ᠋ᠨ ᠦᠨᠡᠲᠦ ᠬᠣᠪᠣᠷ ᠮᠠᠲ᠋ᠧᠷᠢᠶᠠᠯ ᠪᠣᠯᠤᠨ ᠬᠣᠴᠣᠷᠤᠭᠰᠠᠨ ᠪᠠᠢᠨ᠎ᠠ᠃ ᠪᠠᠢ ᠶᠦᠨ ᠱᠠᠨ ᠪᠠᠭᠰᠢ ᠶ᠋ᠢᠨ ᠲᠤᠰ ᠨᠣᠮ ᠳ᠋ᠤ᠌ ᠥᠭᠦᠯᠡᠭᠰᠡᠨ ᠤᠷᠠᠨ ᠪᠢᠴᠢᠯᠭᠡ ᠭᠡᠳᠡᠭ ᠨᠢ ᠮᠠᠨ ᠤ᠋ ᠣᠳᠣ ᠶ᠋ᠢᠨ ᠶᠠᠷᠢᠳᠠᠭ ᠲᠥᠪ ᠪᠢᠴᠢᠯᠭᠡ ᠶ᠋ᠢ ᠵᠢᠭᠠᠭᠰᠠᠨ ᠪᠠᠢᠨ᠎ᠠ᠃ ᠭᠡᠬᠦ ᠳ᠋ᠡᠭᠡᠨ ᠲᠥᠪ ᠪᠢᠴᠢᠯᠭᠡ ᠶ᠋ᠢ《ᠲᠣᠮᠣ ᠦᠰᠦᠭ᠂ ᠳᠤᠮᠳᠠ ᠶ᠋ᠢᠨ ᠦᠰᠦᠭ᠂ ᠵᠢᠵᠢᠭ ᠦᠰᠦᠭ》ᠭᠡᠵᠦ ᠭᠤᠷᠪᠠ ᠬᠤᠪᠢᠶᠠᠨ ᠦᠵᠡᠵᠦ ᠬᠥᠮᠦᠰ ᠢ᠋《ᠳᠤᠮᠳᠠ ᠶ᠋ᠢᠨ ᠦᠰᠦᠭ ᠪᠢᠴᠢᠵᠦ᠂ ᠲᠣᠮᠣ ᠦᠰᠦᠭ ᠪᠢᠴᠢᠵᠦ ᠰᠤᠷᠤᠭᠰᠠᠨ ᠰᠠᠭᠤᠷᠢᠨ ᠳᠡᠭᠡᠷ᠎ᠡ ᠰᠠᠶᠢ ᠵᠢᠵᠢᠭ ᠦᠰᠦᠭ ᠪᠢᠴᠢᠵᠦ ᠰᠤᠷᠪᠠᠯ ᠰᠠᠢᠨ ᠶᠤᠮ》ᠭᠡᠵᠦ ᠴᠢᠬᠤᠯᠠᠴᠢᠯᠠᠨ ᠦᠵᠡᠭᠰᠡᠨ ᠨᠢ ᠮᠠᠰᠢ ᠦᠨ᠎ᠡ ᠴᠠᠨ᠎ᠠ ᠲᠠᠢ ᠵᠥᠪ ᠰᠠᠨᠠᠭᠤᠯᠭ᠎ᠠ ᠪᠣᠯᠬᠤ ᠮᠥᠷᠲᠡᠭᠡᠨ ᠲᠥᠪ ᠪᠢᠴᠢᠯᠭᠡ ᠶ᠋ᠢᠨ ᠪᠣᠯᠪᠠᠰᠤᠷᠠᠯ ᠤ᠋ᠨ ᠠᠯᠬᠤᠮ ᠳᠠᠷᠠᠭᠠᠯᠠᠯ ᠢ᠋ ᠰᠢᠨᠵᠢᠯᠡᠬᠦ ᠤᠬᠠᠭᠠᠨᠴᠢ ᠪᠠᠷ ᠳᠤᠷᠠᠳᠴᠤ ᠭᠠᠷᠭᠠᠭᠰᠠᠨ ᠦᠨᠡᠨ ᠶᠣᠰᠣᠨ ᠪᠣᠯᠤᠨ᠎ᠠ᠃ 
       
         ᠪᠠᠢ ᠶᠦᠨ ᠱᠠᠨ ᠤ᠋ ᠪᠣᠯᠣᠳ ᠪᠢᠷ ᠦ᠋ᠨ ᠪᠢᠴᠢᠯᠭᠡ       


         ᠪᠠᠢ ᠶᠦᠨ ᠱᠠᠨ ᠤ᠋ ᠦᠰᠦᠨ ᠪᠢᠷ ᠦ᠋ᠨ ᠤᠷᠠᠨ ᠪᠢᠴᠢᠯᠭᠡ