ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠨᠠᠮᠲᠠᠭ Шинэ дундад улсын уран бичлэгдэд -<1>1949 оноос өмнө мэндэлсэд - Намтаг
<ᠨᠢᠭᠡ>1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ
—— ᠨᠠᠮᠲᠠᠭ Намтаг
ᠥᠪᠥᠷ ᠮᠣᠩᠭᠣᠯ ᠤ᠋ᠨ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠤᠯᠠᠭᠠᠨᠴᠠᠪ ᠤ᠋ᠨ ᠤᠷᠠᠨ ᠵᠢᠷᠤᠭ᠂ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ ᠵᠡᠷᠭᠡ ᠨᠡᠢᠭᠡᠮ ᠦ᠋ᠨ ᠲᠤᠰᠢᠶᠠᠯ ᠲᠠᠢ᠃
ᠭᠤᠴᠢᠭᠠᠳ ᠵᠢᠯ ᠦ᠋ᠨ ᠵᠢᠭᠠᠨ ᠰᠤᠷᠭᠠᠯᠲᠠ ᠶ᠋ᠢᠨ ᠳᠤᠮᠳᠠ ᠣᠷᠣᠨ ᠤ᠋ ᠭᠠᠳᠠᠭᠠᠳᠤ ᠳᠣᠲᠣᠭᠠᠳᠤ ᠶ᠋ᠢᠨ ᠣᠯᠠᠨ ᠰᠣᠨᠢᠨ ᠰᠡᠳᠬᠦᠯ ᠳ᠋ᠦ᠍ ᠤᠷᠠᠨ ᠪᠢᠴᠢᠯᠭᠡ ᠶ᠋ᠢᠨ ᠲᠤᠬᠠᠢ ᠥᠭᠦᠯᠡᠯ ᠪᠠ ᠤᠷᠠᠨ ᠪᠢᠴᠢᠯᠭᠡ ᠶ᠋ᠢᠨ ᠪᠦᠲᠦᠭᠡᠯ ᠨᠡᠢᠲᠡᠯᠡᠵᠦ᠂ ᠠᠳᠠᠯᠢ ᠪᠤᠰᠤ ᠱᠠᠩᠨᠠᠯ ᠬᠦᠷᠲᠡᠪᠡ᠃
2009 ᠣᠨ᠂ 2010 ᠣᠨ ᠳ᠋ᠤ᠌ ᠺᠣᠷᠢᠶᠠ ᠤᠯᠤᠰ ᠲᠤ᠌ ᠪᠣᠯᠤᠭᠰᠠᠨ ᠣᠯᠠᠨ ᠤᠯᠤᠰ ᠤ᠋ᠨ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠣᠷᠣᠯᠴᠠᠵᠤ ᠣᠨᠴᠠ ᠰᠣᠩᠭᠣᠭᠳᠠᠭᠰᠠᠨ ᠱᠠᠩᠨᠠᠯ ᠬᠦᠷᠲᠡᠪᠡ᠃
2013 ᠣᠨ ᠳ᠋ᠤ᠌ ᠤᠯᠠᠭᠠᠨᠴᠠᠪ ᠬᠣᠲᠠ ᠶ᠋ᠢᠨ ᠤᠬᠠᠭᠤᠯᠬᠤ ᠬᠡᠯᠲᠡᠰ ᠡᠴᠡ 《 ᠤᠯᠠᠭᠠᠨᠴᠠᠪ ᠬᠣᠲᠠ ᠶ᠋ᠢᠨ ᠠᠩᠬᠠᠳᠤᠭᠠᠷ ᠬᠤᠭᠤᠴᠠᠭᠠᠨ ᠤ᠋ ᠰᠣᠶᠣᠯ ᠤᠷᠠᠯᠢᠭ ᠤ᠋ᠨ ᠪᠦᠲᠦᠭᠡᠯ 》 ᠦ᠋ᠨ ᠱᠠᠩᠨᠠᠯ ᠢ᠋ ᠬᠦᠷᠲᠡᠭᠡᠪᠡ᠃
2015 ᠣᠨ ᠳ᠋ᠤ᠌ ᠠᠯᠳᠠᠷᠲᠤ ᠤᠷᠠᠨ ᠪᠢᠴᠢᠯᠭᠡᠳᠡᠨ ᠽᠣᠤ ᠪᠢᠶᠣᠤ ᠠᠪᠤᠭᠠᠢ ᠲᠠᠢ ᠬᠠᠮᠲᠤᠷᠠᠵᠤ ᠮᠣᠩᠭᠣᠯ ᠬᠢᠲᠠᠳ ᠬᠠᠪᠰᠤᠷᠭᠠᠭᠰᠠᠨ《ᠰᠢᠭᠦᠮᠵᠢᠯᠡᠯ ᠥᠭᠦᠯᠡᠯ 》 ( 论语 ) ᠭᠡᠬᠦ ᠤᠷᠠᠨ ᠪᠢᠴᠢᠯᠭᠡ ᠶ᠋ᠢᠨ ᠤᠷᠲᠤ ᠣᠷᠢᠶᠠᠮᠠᠭ ᠤᠷᠠᠨ ᠪᠢᠴᠢᠯᠭᠡ ᠶ᠋ᠢᠨ ᠪᠦᠲᠦᠭᠡᠯ ᠢ᠋ ᠪᠢᠴᠢᠵᠦ᠂ ᠥᠪᠥᠷ ᠮᠣᠩᠭᠣᠯ ᠤ᠋ᠨ ᠲᠡᠦᠬᠡ ᠰᠣᠶᠣᠯ ᠢ᠋ ᠰᠤᠳᠤᠯᠬᠤ ᠣᠷᠳᠣᠨ ᠳ᠋ᠤ᠌ ᠨᠠᠨᠳᠢᠩᠨᠠᠨ ᠬᠠᠳᠠᠭᠠᠯᠠᠭᠳᠠᠪᠠ᠃ ᠲᠤᠰ ᠪᠦᠲᠦᠭᠡᠯ ᠨᠢ ᠨᠡᠢᠲᠡ 20 ᠣᠷᠢᠶᠠᠮᠠᠭ᠂ ᠣᠷᠢᠶᠠᠮᠠᠭ ᠪᠦᠷᠢ 18 ᠮᠧᠲ᠋ᠷ᠂ ᠥᠨᠳᠥᠷ ᠢ᠋ᠶ᠋ᠡᠷ ᠢ᠋ᠶ᠋ᠡᠨ 0.6 ᠮᠧᠲ᠋ᠷ ᠶᠦᠮ᠃ 2017 ᠣᠨ ᠳ᠋ᠤ᠌ ᠠᠯᠳᠠᠷᠲᠤ ᠬᠢᠲᠠᠳ ᠤᠷᠠᠨ ᠪᠢᠴᠢᠯᠭᠡᠳᠡᠨ ᠽᠣᠤ ᠪᠢᠶᠣᠤ ᠲᠠᠢ ᠬᠠᠮᠲᠤᠷᠠᠨ ᠮᠣᠩᠭᠣᠯ ᠬᠢᠲᠠᠳ ᠬᠠᠪᠰᠤᠷᠭᠠᠭᠰᠠᠨ《 ᠴᠢᠩᠭᠢᠰ ᠬᠠᠭᠠᠨ ᠤ᠋ ᠪᠢᠯᠢᠭ ᠰᠤᠷᠭᠠᠯ 》 (成吉思汗箴言 ) ᠭᠡᠬᠦ 14 ᠣᠷᠢᠶᠠᠮᠠᠭ᠂ ᠣᠷᠢᠶᠠᠮᠠᠭ ᠪᠦᠷᠢ ᠵᠢᠷᠭᠤᠭᠠᠨ ᠮᠧᠲ᠋ᠷ ᠦ᠋ᠨ ᠤᠷᠠᠨ ᠪᠢᠴᠢᠯᠭᠡ ᠶ᠋ᠢᠨ ᠪᠦᠲᠦᠭᠡᠯ ᠢ᠋ ᠪᠢᠴᠢᠵᠦ ᠨᠣᠮ ᠪᠣᠯᠭᠠᠨ ᠬᠡᠪᠯᠡᠭᠦᠯᠪᠡ᠃ ᠣᠳᠣ ᠶᠠᠭ ᠰᠠᠢᠬᠠᠨ ᠮᠣᠩᠭᠣᠯ ᠬᠢᠲᠠᠳ ᠬᠠᠪᠰᠤᠷᠭᠠᠭᠰᠠᠨ《 ᠮᠥᠷ ᠦ᠋ᠨ ᠶᠣᠰᠣᠨ ᠤ᠋ ᠰᠤᠳᠤᠷ 》 ( 道德经 ) ᠢ᠋ ᠪᠢᠴᠢᠨ ᠶᠠᠭᠠᠷᠠᠵᠤ ᠪᠣᠢ᠃
ᠨᠠᠮᠳᠠᠭ ᠤ᠋ᠨ ᠤᠷᠠᠨ ᠪᠢᠴᠢᠯᠭᠡ

