ᠤᠰᠤᠨ ᠴᠦᠭᠦᠷᠰᠦУсан цүүрс ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠰᠤᠨ ᠴᠦᠭᠦᠷᠰᠦУсан цүүрс

ᠤᠰᠤᠨ ᠴᠦᠭᠦᠷᠰᠦУсан цүүрс

2024-03-31

475

ᠤᠰᠤᠨ ᠴᠦᠭᠦᠷᠰᠦ

              ᠴᠦᠭᠦᠷᠰᠦ ᠶ᠋ᠢᠨ ᠢᠵᠠᠭᠤᠷ 
      ᠨᠠᠪᠴᠢ ᠵᠤᠯᠭᠠᠷᠠᠬᠤ ᠲᠤᠷᠤᠭ ᠮᠣᠳᠣ᠂35m ᠬᠢᠷᠢ ᠥᠨᠳᠥᠷ᠃ ᠬᠣᠯᠲᠣᠰᠣ ᠨᠢ ᠪᠣᠷᠣᠪᠲᠤᠷ ᠦᠨᠡᠰᠦᠨ ᠥᠩᠭᠡ ᠲᠡᠢ᠃ ᠵᠢᠵᠢᠭ ᠮᠥᠴᠢᠷ ᠨᠢ ᠴᠢᠭᠲᠠᠯᠠᠨ ᠤᠨᠵᠢᠢᠵᠤ ᠤᠷᠭᠤᠨ᠎ᠠ᠃ ᠨᠠᠪᠴᠢ ᠨᠢ ᠪᠦᠰᠡ ᠬᠡᠯᠪᠡᠷᠢ ᠲᠡᠢ᠂ ᠪᠠᠷᠢᠭᠤᠯ ᠦᠭᠡᠢ ᠰᠢᠬᠠᠭᠤ᠂ ᠮᠥᠴᠢᠷ ᠳᠡᠭᠡᠷ᠎ᠡ ᠪᠡᠨ ᠰᠣᠯᠪᠢᠴᠠᠵᠤ ᠴᠢᠭᠲᠠᠯᠠᠨ ᠬᠣᠶᠠᠷ ᠮᠥᠷ ᠪᠣᠯᠵᠤ ᠤᠷᠭᠤᠨ᠎ᠠ᠂1—1.7m ᠤᠷᠲᠤ᠂ ᠠᠷᠤ ᠳ᠋ᠤᠨᠢ1—8 ᠵᠤᠷᠪᠤᠰ ᠬᠡᠢ ᠶ᠋ᠢᠨ ᠠᠮᠠᠰᠠᠷ ᠤ᠋ᠨ ᠴᠤᠪᠤᠭ᠎ᠠ ᠲᠠᠢ᠂ ᠡᠪᠦᠯ ᠪᠣᠯᠬᠤ ᠳ᠋ᠤ᠌ ᠴᠢᠭᠲᠠᠯᠠᠨ ᠤᠷᠭᠤᠭᠰᠠᠨ ᠵᠢᠵᠢᠭ ᠮᠥᠴᠢᠷ ᠲᠡᠢ ᠪᠡᠨ ᠬᠠᠮᠲᠤ ᠵᠤᠯᠭᠠᠷᠠᠨ᠎ᠠ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠭᠡᠷ ᠲᠡᠢ᠃ ᠬᠣᠷᠢᠭᠠᠳ ᠲᠠᠬᠢᠭᠤᠷᠲᠤ ᠡᠷ᠎ᠡ ᠪᠠᠭ ᠴᠡᠴᠡᠭ ᠨᠢ ᠪᠥᠮᠪᠥᠭᠡᠯᠢᠭ ᠪᠥᠭᠡᠳ ᠨᠠᠪᠴᠢᠨ ᠤ᠋ ᠥᠪᠥᠷ ᠲᠤ ᠪᠤᠶᠤ ᠮᠥᠴᠢᠷ ᠦ᠋ᠨ ᠣᠷᠣᠢ ᠳ᠋ᠤ᠌ ᠱᠣᠷᠣᠯᠵᠢᠨ ᠬᠡᠯᠪᠡᠷᠢᠲᠦ ᠨᠡᠢᠯᠡᠮᠡᠯ ᠪᠠᠭ ᠴᠡᠴᠡᠭ ᠪᠦᠷᠢᠯᠳᠦᠳᠡᠭ᠂ ᠲᠡᠭᠦᠨ ᠦ᠌ ᠬᠠᠢᠷᠰᠤᠨ ᠢᠯᠲᠠᠰᠤ ᠨᠢ ᠰᠣᠯᠪᠢᠴᠠᠵᠤ ᠴᠢᠭᠲᠠᠯᠠᠨ ᠤᠷᠭᠤᠭᠰᠠᠨ ᠶᠤᠮ᠃ ᠡᠮ᠎ᠡ ᠪᠠᠭ ᠴᠡᠴᠡᠭ ᠨᠢ ᠲᠤᠰ ᠪᠦᠷᠢ3—9 ᠦᠷ᠎ᠡ ᠨᠠᠬᠢᠶ᠎ᠠ ᠪᠦᠬᠦᠢ22—28 ᠰᠣᠯᠪᠢᠴᠠᠵᠤ ᠴᠢᠭᠲᠠᠯᠠᠨ ᠤᠷᠭᠤᠭᠰᠠᠨ ᠦᠷ᠎ᠡ ᠶ᠋ᠢᠨ ᠬᠠᠢᠷᠰᠤ ᠲᠠᠢ ᠪᠥᠭᠡᠳ ᠪᠥᠮᠪᠦᠭᠡᠨ ᠬᠡᠯᠪᠡᠷᠢ ᠲᠡᠢ᠂ ᠭᠠᠭᠴᠠᠭᠠᠷ ᠤᠷᠭᠤᠨ᠎ᠠ᠃ ᠪᠤᠭᠤᠷᠴᠠᠭ ᠨᠢ ᠪᠠᠬᠠᠨ ᠳᠥᠷᠪᠡᠨ ᠢᠷᠮᠡᠭ ᠲᠡᠢ ᠰᠢᠭ ᠪᠥᠮᠪᠦᠭᠡᠨ ᠬᠡᠯᠪᠡᠷᠢ ᠲᠡᠢ᠂1.8—2.5cm ᠤᠷᠲᠤ᠂ ᠪᠠᠷᠠᠭᠠᠨ ᠬᠦᠷᠡᠩ᠂ ᠤᠨᠵᠢᠢᠵᠤ ᠰᠠᠭᠤᠨ᠎ᠠ᠃ ᠦᠷ᠎ᠡ ᠮᠣᠳᠣᠵᠢᠭᠰᠠᠨ ᠬᠠᠢᠷᠰᠤ ᠨᠢ ᠪᠠᠮᠪᠠᠢ ᠬᠡᠯᠪᠡᠷᠢ ᠲᠡᠢ᠂ ᠬᠣᠲᠣᠭᠣᠷ ᠣᠷᠣᠢ ᠲᠠᠢ᠂ ᠲᠤᠰ ᠪᠦᠷᠢ5—9 ᠦᠷ᠎ᠡ ᠲᠡᠢ᠃ ᠦᠷ᠎ᠡ ᠨᠢ ᠬᠠᠪᠲᠠᠭᠠᠢ ᠪᠥᠭᠡᠳ ᠲᠣᠩᠭᠣᠷᠤᠤ ᠥᠨᠳᠡᠭᠡᠯᠵᠢᠨ᠂ ᠬᠥᠪᠡᠭᠡ ᠳ᠋ᠡᠭᠡᠨ ᠳᠠᠯᠠᠪᠴᠢ ᠲᠠᠢ ᠪᠥᠭᠡᠳ ᠬᠣᠲᠣᠭᠣᠷ ᠣᠷᠣᠢ ᠲᠠᠢ᠂5mm ᠣᠷᠴᠢᠮ᠃
ᠥᠰᠬᠦ ᠨᠢ ᠮᠠᠰᠢ ᠲᠦᠷᠭᠡᠨ ᠮᠣᠳᠣ᠃ ᠳᠤᠯᠠᠭᠠᠨ ᠠᠭᠤᠷ ᠠᠮᠢᠰᠬᠤᠯ ᠲᠠᠢ
      ᠭᠠᠵᠠᠷ ᠤ᠋ᠨ ᠴᠢᠭᠢᠭᠲᠡᠢ ᠪᠥᠭᠡᠳ ᠥᠩ ᠰᠢᠮ᠎ᠡ ᠰᠠᠢᠨ ᠠᠭᠤᠯᠠ ᠶ᠋ᠢᠨ ᠭᠣᠣ᠂ ᠮᠥᠷᠡᠨ ᠦ᠌ ᠬᠣᠶᠠᠷ ᠬᠥᠪᠡᠭᠡ ᠪᠡᠷ ᠰᠠᠢᠨ ᠤᠷᠭᠤᠨ᠎ᠠ᠃
      ᠮᠠᠨ ᠤ᠋ ᠤᠯᠤᠰ ᠤ᠋ᠨ ᠣᠨᠴᠠ ᠭᠠᠷᠤᠯᠲᠠ ᠮᠥᠨ᠃ ᠰᠧᠴᠤᠸᠠᠨ᠂ ᠬᠤᠪᠧᠢ ᠳ᠋ᠦ᠍ ᠬᠡᠭᠡᠷ᠎ᠡ ᠤᠷᠭᠤᠳᠠᠭ᠃ ᠪᠤᠰᠤᠳ ᠡᠯ᠎ᠡ ᠭᠠᠵᠠᠷ ᠲᠤ ᠥᠷᠭᠡᠨ ᠢ᠋ᠶ᠋ᠡᠷ ᠠᠷᠠᠴᠢᠯᠠᠨ ᠵᠠᠢᠯᠠᠵᠤ ᠪᠣᠢ᠃
ᠲᠤᠩ ᠰᠠᠢᠨ ᠦᠵᠡᠮᠵᠢ ᠶ᠋ᠢᠨ ᠮᠣᠳᠣ᠃ ᠮᠣᠳᠣ ᠶ᠋ᠢ ᠨᠢ ᠪᠠᠷᠢᠯᠭ᠎ᠠ᠂ ᠪᠠᠭᠠᠵᠢ ᠬᠡᠷᠡᠭᠰᠡᠯ ᠬᠢᠬᠦ ᠳ᠋ᠦ᠍ ᠬᠡᠷᠡᠭᠯᠡᠨ᠎ᠡ᠃
ᠬᠢᠲᠠᠳ ᠨᠡᠷ᠎ᠡ᠄水杉
ᠠᠩᠭ᠌ᠯᠢ ᠨᠡᠷ᠎ᠡ᠄Meta Sequoia Glyptostroboides Hu et Cheng
   ᠦᠰᠦᠭ ᠠᠮᠢᠯᠠᠭᠤᠯᠤᠭᠴᠢ᠄ ᠫᠤ· ᠴᠠᠭᠠᠨ
   ᠬᠢᠨᠠᠭᠴᠢ᠄ ᠲᠤᠶᠠᠭ᠎ᠠ