ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠳ ᠂ ᠪᠠᠨᠳᠠᠯᠠᠢ Шинэ дундад улсын уран бичлэгдэд -<1>1949 оноос өмнө мэндэлсэд - Д ᠂ Бандалай
<ᠨᠢᠭᠡ>1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ
—— ᠳ ᠂ ᠪᠠᠨᠳᠠᠯᠠᠢ Д ᠂ Бандалай
ᠳ᠌᠂ ᠪᠠᠨᠳᠠᠯᠠᠢ ( ᠠᠯᠪᠠᠨ ᠨᠡᠷ᠎ᠡ ᠬᠤᠪᠢᠰᠬᠠᠯᠲᠤ ) ᠂ ᠡᠷᠡᠭᠲᠡᠢ᠂ ᠮᠣᠩᠭᠣᠯ ᠦᠨᠳᠦᠰᠦᠲᠡᠨ᠂ ᠳᠤᠮᠳᠠᠳᠤ ᠰᠤᠷᠭᠠᠭᠤᠯᠢ ᠶ᠋ᠢᠨ ᠬᠡᠯᠡ ᠪᠢᠴᠢᠭ ᠦ᠋ᠨ ᠳᠡᠭᠡᠳᠦ ᠳᠡᠰ ᠦ᠋ᠨ ᠪᠠᠭᠰᠢ᠃ 1942 ᠣᠨ ᠳ᠋ᠤ᠌ ᠣᠳᠣ ᠶ᠋ᠢᠨ ᠥᠪᠥᠷ ᠮᠣᠩᠭᠣᠯ ᠤ᠋ᠨ ᠠᠯᠠᠱᠠ ᠠᠢᠮᠠᠭ ᠤ᠋ᠨ ᠠᠯᠠᠱᠠ ᠪᠠᠷᠠᠭᠤᠨ ᠬᠤᠰᠢᠭᠤᠨ ᠤ᠋ ᠠᠯᠲᠠᠬᠣᠪᠣᠭᠠ ᠪᠠᠯᠭᠠᠰᠤᠨ ᠤ᠋ ᠲᠣᠬᠣᠢ ᠭᠠᠴᠠᠭ᠎ᠠ ᠶ᠋ᠢᠨ ᠮᠠᠯᠴᠢᠨ ᠪᠤᠲᠠᠯᠠ ᠶ᠋ᠢᠨ ᠬᠣᠶᠠᠳᠤᠭᠠᠷ ᠬᠥᠪᠡᠭᠦᠨ ᠪᠣᠯᠤᠨ ᠲᠥᠷᠥᠵᠦ᠂ ᠪᠠᠭ᠎ᠠ ᠳ᠋ᠤ᠌ ᠪᠠᠨ ᠮᠥᠨ ᠲᠤᠰ ᠪᠠᠯᠭᠠᠰᠤᠨ ᠤ᠋ ᠠᠷᠭᠠᠯᠢᠩᠳᠠᠢ ᠭᠠᠴᠠᠭ᠎ᠠ ᠶ᠋ᠢᠨ ᠬᠥᠬᠡ ᠲᠣᠯᠣᠭᠠᠢ ᠭᠡᠳᠡᠭ ᠭᠠᠵᠠᠷ ᠵᠠᠷᠮᠣᠳ ᠳᠠᠰᠢᠴᠢᠷᠠᠨ ᠳ᠋ᠤ᠌ ᠡᠷᠭᠦᠭᠳᠡᠪᠡ᠃
ᠲᠡᠷᠡ ᠪᠠᠭ᠎ᠠ ᠠ᠋ᠴᠠ ᠪᠠᠨ ᠪᠢᠴᠢᠭ ᠰᠣᠶᠣᠯ ᠤ᠋ᠨ ᠮᠥᠷ ᠢ᠋ ᠬᠥᠭᠡᠭᠡᠵᠦ᠂ 1968 ᠣᠨ ᠳ᠋ᠤ᠌ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠣᠯ ᠬᠡᠯᠡ ᠪᠢᠴᠢᠭ ᠤᠳᠬ᠎ᠠ ᠵᠣᠬᠢᠶᠠᠯ ᠤ᠋ᠨ ᠰᠠᠯᠪᠤᠷᠢ ᠶ᠋ᠢᠨ ᠵᠢᠩᠬᠢᠨᠢ ᠠᠩᠭᠢ ᠠ᠋ᠴᠠ ᠲᠡᠭᠦᠰᠴᠦ᠂ ᠨᠤᠲᠤᠭ ᠲᠤ᠌ ᠪᠠᠨ ᠢᠷᠡᠵᠦ ᠪᠠᠭᠰᠢᠯᠠᠪᠠ᠃
ᠲᠡᠷᠡ ᠪᠠᠭᠰᠢᠯᠠᠵᠤ ᠪᠠᠢᠬᠤ ᠬᠤᠭᠤᠴᠠᠭᠠᠨ ᠳ᠋ᠤ᠌ ᠪᠠᠨ ᠠᠵᠢᠯ ᠤ᠋ᠨ ᠴᠢᠯᠥᠭᠡ ᠵᠠᠪ ᠢ᠋ᠶ᠋ᠠᠷ ᠰᠢᠯᠦᠭ ᠨᠠᠢᠷᠠᠭᠤᠯᠤᠯ᠂ ᠣᠬᠣᠷ ᠥᠭᠦᠯᠡᠯᠭᠡ ᠵᠡᠷᠭᠡ ᠶ᠋ᠢ ᠪᠢᠴᠢᠵᠦ ᠰᠤᠷᠤᠭᠴᠢᠳ ᠤ᠋ᠨ ᠵᠣᠬᠢᠶᠠᠨ ᠪᠢᠴᠢᠯᠭᠡ ᠶ᠋ᠢ ᠵᠢᠯᠣᠭᠣᠳᠤᠨ ᠤᠷᠮᠠᠰᠢᠭᠤᠯᠵᠤ ᠣᠷᠣᠨ ᠪᠠ ᠠᠢᠮᠠᠭ ᠬᠤᠰᠢᠭᠤᠨ ᠤ᠋ ᠰᠣᠨᠢᠨ ᠰᠡᠳᠬᠦᠯ ᠳ᠋ᠦ᠍ ᠨᠡᠢᠲᠡᠯᠡᠳᠡᠭ ᠪᠠᠢᠪᠠ᠃ ᠲᠡᠷᠡ ᠵᠢᠭᠠᠬᠤ ᠶ᠋ᠢ ᠰᠤᠳᠤᠯᠬᠤ ᠲᠠᠰᠤᠭ ᠲᠤ᠌ ᠠᠵᠢᠯᠯᠠᠵᠤ ᠪᠠᠢᠬᠤ ᠳ᠋ᠤ᠌ ᠪᠠᠨ ᠰᠤᠷᠭᠠᠨ ᠬᠥᠮᠦᠵᠢᠯ ᠦ᠋ᠨ ᠲᠤᠬᠠᠢ ᠡᠷᠳᠡᠮ ᠰᠢᠨᠵᠢᠯᠡᠭᠡᠨ ᠦ᠌ ᠥᠭᠦᠯᠡᠯ ᠢ᠋ ᠨᠡᠯᠢᠶᠡᠳ ᠠᠷᠪᠢᠨ ᠪᠢᠴᠢᠭᠰᠡᠨ ᠪᠥᠭᠡᠳ 《 ᠬᠡᠯᠡ ᠪᠢᠴᠢᠭ ᠢ᠋ ᠦᠰᠦᠷᠦᠯᠲᠡ ᠲᠡᠢ ᠪᠡᠷ ᠤᠩᠰᠢᠨ ᠲᠠᠢᠯᠪᠤᠷᠢᠯᠠᠬᠤ ᠲᠤᠬᠠᠢ 》 ᠵᠡᠷᠭᠡ ᠭᠤᠷᠪᠠᠨ ᠥᠭᠦᠯᠡᠯ ᠨᠢ ᠣᠷᠣᠨ ᠤ᠋ ᠳᠡᠰ ᠦ᠋ᠨ ᠬᠣᠶᠠᠳᠤᠭᠠᠷ ᠳᠡᠰ ᠪᠣᠯᠤᠨ ᠰᠢᠯᠢᠳᠡᠭ ᠱᠠᠩᠨᠠᠯ ᠢ᠋ ᠬᠦᠷᠲᠡᠵᠦ ᠥᠩᠭᠡᠷᠡᠭᠰᠡᠨ ᠶᠦᠮ᠃ ᠵᠠᠷᠢᠮ ᠥᠭᠦᠯᠡᠯ ᠨᠢ ᠠᠢᠮᠠᠭ ᠲᠤ᠌ ᠪᠠᠨ ᠲᠡᠷᠢᠭᠦᠨ ᠳᠡᠰ ᠢ᠋ᠶ᠋ᠡᠷ ᠬᠥᠬᠢᠭᠦᠯᠦᠭᠳᠡᠨ ᠱᠠᠩᠨᠠᠭᠳᠠᠪᠠ᠃ 2000 ᠣᠨ ᠳ᠋ᠤ᠌ ᠲᠡᠷᠡ ᠪᠠᠢ ᠶ᠋ᠢᠨ ᠱᠠᠨ ᠲᠠᠢ ᠬᠠᠮᠲᠤᠷᠠᠵᠤ《 ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠳᠥᠷᠪᠡᠨ ᠵᠢᠯ ᠦ᠋ᠨ ᠳᠦᠷᠢᠮᠲᠦ ᠠᠩᠬ᠎ᠠ ᠳᠤᠮᠳᠠᠳᠤ ᠶ᠋ᠢᠨ ᠬᠡᠯᠡ ᠪᠢᠴᠢᠭ ᠦ᠋ᠨ ᠲᠠᠪᠤᠳᠤᠭᠠᠷ ᠳᠡᠪᠲᠡᠷ ᠦ᠋ᠨ ᠵᠡᠷᠭᠡᠴᠡᠭᠡ ᠪᠣᠯᠪᠠᠰᠤᠷᠠᠯ 》ᠭᠡᠰᠡᠨ ᠨᠣᠮ ᠢ᠋ ᠨᠠᠢᠷᠠᠭᠤᠯᠪᠠ᠃ ᠢᠩᠭᠢᠭᠡᠳ ᠲᠤᠰ ᠬᠥᠮᠦᠨ《 ᠳᠤᠮᠳᠠᠳᠤ ᠤᠯᠤᠰ ᠤ᠋ᠨ ᠰᠤᠷᠭᠠᠨ ᠬᠥᠮᠦᠵᠢᠯ ᠦ᠋ᠨ ᠲᠡᠮᠳᠡᠭᠯᠡᠯ 》ᠭᠡᠰᠡᠨ ᠨᠣᠮ ᠳ᠋ᠤ᠌ ᠨᠠᠮᠲᠠᠷ ᠢ᠋ᠶ᠋ᠠᠨ ᠦᠯᠡᠳᠡᠭᠡᠪᠡ᠃
ᠲᠡᠷᠡ ᠠᠵᠢᠯ ᠤ᠋ᠨ ᠠᠮᠠᠷᠠᠯᠲᠠ ᠪᠠᠨ ᠠᠪᠤᠭᠰᠠᠨ ᠤ᠋ ᠳᠠᠷᠠᠭ᠎ᠠ᠂ ᠮᠣᠩᠭᠣᠯ ᠤ᠋ᠨ ᠡᠷᠲᠡᠨ ᠦ᠌ ᠤᠳᠬ᠎ᠠ ᠵᠣᠬᠢᠶᠠᠯ ᠤ᠋ᠨ ᠴᠢᠭᠯᠡᠯ ᠲᠡᠢ ᠡᠷᠳᠡᠮ ᠰᠢᠨᠵᠢᠯᠡᠭᠡᠨ ᠢ᠋ ᠤᠷᠤᠯᠳᠤᠵᠤ᠂《ᠴᠣᠭᠲᠤ ᠲᠠᠢᠵᠢ ᠶ᠋ᠢᠨ ᠳᠠᠭᠤᠲᠤ ᠶ᠋ᠢᠨ ᠬᠠᠷ᠎ᠠ ᠴᠢᠯᠠᠭᠤᠨ ᠤ᠋ ᠪᠢᠴᠢᠭᠡᠰᠦ ᠶ᠋ᠢᠨ ᠳᠠᠯᠳᠠ ᠤᠳᠬ᠎ᠠ ᠶ᠋ᠢᠨ ᠢᠯᠡᠷᠡᠭᠦᠯᠦᠯᠲᠡ》ᠵᠡᠷᠭᠡ ᠡᠷᠳᠡᠮ ᠰᠢᠨᠵᠢᠯᠡᠭᠡᠨ ᠦ᠌ ᠥᠭᠦᠯᠡᠯ ᠢ᠋ᠶ᠋ᠡᠷ ᠢ᠋ᠶ᠋ᠡᠨ ᠪᠦᠬᠦ ᠤᠯᠤᠰ ᠤ᠋ᠨ ᠲᠠᠪᠤᠳᠤᠭᠠᠷ᠂ ᠵᠢᠷᠭᠤᠳᠤᠭᠠᠷ ᠤᠳᠠᠭᠠᠨ ᠤ᠋ ᠣᠢᠷᠠᠳ ᠮᠣᠩᠭᠣᠯ ᠤ᠋ᠨ ᠲᠡᠦᠬᠡ ᠰᠣᠶᠣᠯ ᠤ᠋ᠨ ᠡᠷᠳᠡᠮ ᠰᠢᠨᠵᠢᠯᠡᠭᠡᠨ ᠦ᠌ ᠶᠠᠷᠢᠯᠴᠠᠬᠤ ᠬᠤᠷᠠᠯ ᠳ᠋ᠤ᠌ ᠣᠷᠣᠵᠤ《 ᠰᠢᠨ᠎ᠡ ᠰᠡᠳᠦᠪ ᠢ᠋ ᠨᠡᠭᠡᠭᠡᠭᠰᠡᠨ ᠰᠢᠨᠵᠢᠯᠡᠭᠡ ᠪᠡᠷ ᠣᠢᠷᠠᠳ ᠤ᠋ᠨ ᠲᠡᠦᠬᠡ ᠰᠣᠶᠣᠯ ᠤ᠋ᠨ ᠰᠤᠳᠤᠯᠤᠯ ᠳ᠋ᠤ᠌ ᠥᠪᠡᠷᠮᠢᠴᠡ ᠬᠤᠪᠢ ᠨᠡᠮᠡᠷᠢ ᠣᠷᠣᠭᠤᠯᠤᠭᠴᠢᠳ 》 ᠢ᠋ᠶ᠋ᠠᠷ ᠦᠨᠡᠯᠡᠭᠳᠡᠪᠡ᠃
ᠨᠥᠬᠥᠷ ᠪᠠᠨᠳᠠᠯᠠᠢ ᠪᠠᠭ᠎ᠠ ᠰᠤᠷᠭᠠᠭᠤᠯᠢ ᠳ᠋ᠤ᠌ ᠰᠤᠷᠤᠯᠴᠠᠵᠤ ᠪᠠᠢᠬᠤ ᠳ᠋ᠤ᠌ ᠪᠠᠨ ᠠᠬᠠᠮᠠᠳ ᠪᠠᠭᠰᠢ ᠵᠢᠭᠮᠢᠳ ᠡᠴᠡ ᠪᠡᠨ ᠦᠰᠦᠨ ᠪᠢᠷ ᠦ᠋ᠨ ᠪᠢᠴᠢᠯᠭᠡ ᠶ᠋ᠢ ᠵᠢᠭᠠᠯᠭᠠᠵᠤ ᠰᠤᠷᠤᠭᠰᠠᠨ ᠪᠥᠭᠡᠳ ᠠᠵᠢᠯᠯᠠᠵᠤ ᠪᠠᠢᠬᠤ ᠬᠤᠭᠤᠴᠠᠭᠠᠨ ᠳ᠋ᠤ᠌ ᠪᠠᠨ ᠤᠷᠢᠶ᠎ᠠ ᠯᠣᠣᠽᠠᠩ ᠬᠥᠨᠳᠡᠯᠡᠨ ᠢᠯᠡᠷᠬᠡᠢᠯᠡᠯ᠂ ᠴᠠᠭᠠᠨ ᠰᠠᠷ᠎ᠠ ᠶ᠋ᠢᠨ ᠬᠣᠣᠰ ᠤᠶᠠᠩᠭ᠎ᠠ ᠵᠡᠷᠭᠡ ᠬᠡᠷᠡᠭᠯᠡᠭᠡᠨ ᠦ᠌ ᠪᠢᠴᠢᠯᠭᠡ ᠪᠢᠴᠢᠵᠦ ᠪᠠᠢᠪᠠ᠃ ᠠᠵᠢᠯ ᠤ᠋ᠨ ᠠᠮᠠᠷᠠᠯᠲᠠ ᠪᠠᠨ ᠠᠪᠤᠭᠰᠠᠨ ᠤ᠋ ᠳᠠᠷᠠᠭ᠎ᠠ ᠰᠤᠳᠤᠷ ᠨᠣᠮ ᠬᠠᠭᠤᠯᠤᠨ ᠪᠢᠴᠢᠵᠦ ᠪᠠᠢᠭᠰᠠᠨ ᠢ᠋ᠶ᠋ᠠᠨ ᠨᠢᠭᠡᠨ ᠥᠪᠡᠷᠮᠢᠴᠡ ᠣᠨᠴᠠᠯᠢᠭᠲᠤ ᠲᠠᠲᠠᠯᠭᠠᠨ ᠪᠢᠴᠢᠯᠭᠡ ᠶ᠋ᠢ ᠰᠤᠳᠤᠯᠤᠨ ᠪᠦᠲᠦᠭᠡᠵᠦ ᠪᠣᠯᠪᠠᠰᠤᠷᠠᠭᠤᠯᠤᠭᠰᠠᠨ ᠪᠠᠢᠨ᠎ᠠ᠃ 2000 ᠣᠨ ᠠ᠋ᠴᠠ ᠨᠠᠭᠠᠰᠢ ᠠᠢᠮᠠᠭ ᠬᠤᠰᠢᠭᠤᠨ ᠠ᠋ᠴᠠ ᠡᠷᠬᠢᠯᠡᠭᠰᠡᠨ ᠳᠥᠷᠪᠡᠨ ᠤᠳᠠᠭᠠᠨ ᠤ᠋ ᠮᠣᠩᠭᠣᠯ ᠤᠷᠠᠨ ᠪᠢᠴᠢᠯᠭᠡ ᠶ᠋ᠢᠨ ᠦᠵᠡᠭᠦᠯᠦᠯᠭᠡ ᠶ᠋ᠢᠨ ᠤᠷᠤᠯᠳᠤᠭᠠᠨ ᠳ᠋ᠤ᠌ ᠣᠷᠣᠯᠴᠠᠵᠤ᠂ ᠰᠢᠯᠢᠳᠡᠭ ᠳᠡᠰ᠂ ᠭᠤᠷᠪᠠᠳᠤᠭᠠᠷ ᠳᠡᠰ᠂ ᠬᠣᠶᠠᠳᠤᠭᠠᠷ ᠳᠡᠰ᠂ ᠨᠢᠭᠡᠳᠦᠭᠡᠷ ᠳᠡᠰ ᠦ᠋ᠨ ᠱᠠᠩᠨᠠᠯ ᠢ᠋ ᠲᠤᠰ ᠲᠤᠰ ᠬᠦᠷᠲᠡᠵᠦ ᠥᠩᠭᠡᠷᠡᠪᠡ᠃ ᠲᠡᠭᠦᠨ ᠦ᠌ ᠲᠠᠲᠠᠯᠭᠠᠨ ᠪᠢᠴᠢᠯᠭᠡ ᠨᠢ ᠲᠤᠩ ᠶᠡᠬᠡ ᠥᠪᠡᠷᠮᠢᠴᠡ ᠣᠨᠴᠠᠯᠢᠭ ᠲᠠᠢ ᠮᠥᠷᠲᠡᠭᠡᠨ ᠠᠮᠢᠳᠤ ᠴᠣᠪᠣᠭᠣᠯᠢᠭ ᠰᠦᠷ ᠳᠠᠯᠠᠢᠴᠠ ᠲᠠᠢ᠂ ᠬᠥᠨᠳᠡᠯᠡᠨ ᠭᠤᠯᠳᠤ ᠳᠣᠪᠲᠣᠯᠭᠠᠨ᠂ ᠵᠠᠯᠭᠠᠯᠳᠤᠭᠤᠯᠤᠨ ᠡᠷᠭᠢᠯᠳᠦᠭᠦᠯᠵᠦ᠂ ᠪᠠᠷᠢᠭᠳᠠᠯ ᠦᠭᠡᠢ ᠤᠷᠤᠰᠤᠮ᠎ᠠ ᠰᠠᠢᠬᠠᠨ ᠪᠠᠢᠳᠠᠭ᠃ ᠪᠦᠲᠦᠴᠡ ᠨᠢ ᠲᠡᠭᠰᠢ ᠬᠠᠵᠠᠭᠠᠢ ᠬᠠᠷᠢᠯᠴᠠᠨ ᠨᠥᠬᠥᠴᠡᠯᠳᠦᠵᠦ᠂ ᠨᠢᠭᠲᠠ ᠰᠡᠢᠷᠡᠭ ᠨᠢ ᠵᠣᠬᠢᠮᠵᠢᠲᠠᠢ ᠭᠡᠵᠦ ᠦᠨᠡᠯᠡᠭᠳᠡᠭᠰᠡᠨ ᠪᠠᠢᠨ᠎ᠠ᠃ ᠮᠣᠩᠭᠣᠯ ᠤᠷᠠᠨ ᠪᠢᠴᠢᠯᠭᠡ ᠶ᠋ᠢᠨ ᠥᠪᠡᠷᠮᠢᠴᠡ ᠪᠢᠴᠢᠯᠭᠡ ᠪᠡᠷ ᠢ᠋ᠶ᠋ᠡᠨ 2009 ᠣᠨ ᠳ᠋ᠤ᠌ ᠪᠦᠬᠦ ᠠᠢᠮᠠᠭ ᠤ᠋ᠨ ᠦᠨᠳᠦᠰᠦᠲᠡᠨ ᠦ᠌ ᠰᠣᠶᠣᠯ ᠢ᠋ ᠪᠠᠳᠠᠷᠠᠭᠤᠯᠵᠤ᠂ ᠦᠨᠳᠦᠰᠦᠲᠡᠨ ᠦ᠌ ᠪᠦᠯᠬᠦᠮᠳᠡᠯ ᠢ᠋ ᠠᠬᠢᠭᠤᠯᠤᠭᠰᠠᠨ ᠲᠡᠷᠢᠭᠦᠨ ᠦ᠌ ᠬᠤᠪᠢ ᠬᠥᠮᠦᠨ ᠢ᠋ᠶ᠋ᠡᠷ ᠱᠠᠩᠨᠠᠭᠳᠠᠪᠠ᠃
ᠲᠡᠭᠦᠨ ᠦ᠌ ᠪᠢᠴᠢᠯᠭᠡ ᠶ᠋ᠢᠨ ᠭᠣᠣᠯ ᠣᠨᠴᠠᠯᠢᠭ ᠭᠡᠪᠡᠯ᠄ ᠮᠣᠩᠭᠣᠯ ᠦᠰᠦᠭ ᠦ᠋ᠨ ᠨᠢᠷᠤᠭᠤ ᠪᠣᠰᠤᠭ᠎ᠠ ᠠᠰ ᠲᠥᠷᠬᠦ ᠶ᠋ᠢ《ᠡᠪᠳᠡᠵᠦ》ᠬᠥᠨᠳᠡᠯᠡᠨ ᠴᠢᠭᠯᠡᠯ ᠦ᠋ᠨ ᠬᠡᠪᠲᠡᠭᠡ ᠵᠢᠷᠤᠯᠭ᠎ᠠ ᠶ᠋ᠢ ᠣᠯᠠᠰᠢᠷᠠᠭᠤᠯᠵᠤ᠂ ᠦᠰᠦᠭ ᠦ᠋ᠨ ᠬᠡᠪᠲᠡᠭᠡ ᠴᠢᠭᠯᠡᠯ ᠦ᠋ᠨ ᠬᠠᠷᠠᠭᠠᠰᠤ ᠶ᠋ᠢ ᠥᠷᠭᠡᠳᠬᠡᠭᠰᠡᠨ ᠲᠤᠯᠠ ᠪᠤᠰᠤᠳ ᠪᠢᠴᠢᠯᠭᠡ ᠡᠴᠡ ᠥᠪᠡᠷᠮᠢᠴᠡ ᠣᠨᠴᠠᠯᠢᠭᠳᠠᠨ᠎ᠠ᠃ ᠵᠠᠷᠢᠮ ᠳ᠋ᠤ᠌ ᠪᠠᠨ ᠬᠢᠲᠠᠳ ᠤ᠋ᠨ ᠳᠥᠷᠪᠡᠯᠵᠢᠨ ᠦᠰᠦᠭ ᠦ᠋ᠨ ᠦᠨᠦᠷ ᠠᠮᠲᠠ ᠶ᠋ᠢ ᠴᠦ᠍ ᠰᠢᠩᠭᠡᠬᠡᠨ ᠤᠷᠠᠯᠠᠭᠰᠠᠨ ᠰᠢᠭ᠋ ᠰᠠᠨᠠᠭᠳᠠᠬᠤ ᠶᠤᠮ᠃
ᠳ᠌ ᠂ ᠪᠠᠨᠳᠠᠯᠠᠢ ᠶ᠋ᠢᠨ ᠤᠷᠠᠨ ᠪᠢᠴᠢᠯᠭᠡ


