ᠥᠷᠭᠡᠰᠦᠲᠦ ᠠᠷᠴᠠӨргөст арц

ᠥᠷᠭᠡᠰᠦᠲᠦ ᠠᠷᠴᠠ
ᠠᠷᠴᠠ ᠶ᠋ᠢᠨ ᠢᠵᠠᠭᠤᠷ
ᠮᠥᠩᠬᠡ ᠨᠣᠭᠣᠭᠠᠨ ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠂ 10—15m ᠥᠨᠳᠥᠷ᠂ ᠬᠠᠷᠠᠪᠲᠤᠷ ᠬᠦᠷᠡᠩ ᠬᠣᠯᠲᠣᠰᠣ ᠲᠠᠢ᠃ ᠨᠢᠭᠡ ᠡᠴᠡ ᠬᠣᠶᠠᠷ ᠨᠠᠰᠤᠨ ᠤ᠋ ᠮᠥᠴᠢᠷ ᠨᠢ ᠭᠤᠷᠪᠠᠯᠵᠢᠨ᠃ ᠨᠠᠪᠴᠢ ᠨᠢ ᠭᠤᠷᠪᠠᠨ ᠢᠷᠮᠡᠭ ᠲᠡᠢ᠂ ᠵᠡᠭᠦᠦ ᠰᠢᠭ ᠬᠤᠷᠴᠠ ᠥᠷᠭᠡᠰᠦᠲᠦ ᠦᠵᠦᠭᠦᠷ ᠲᠡᠢ᠂ ᠬᠠᠲᠠᠭᠤ᠂ ᠤᠭ ᠲᠤᠨᠢ ᠦᠶ᠎ᠡ ᠲᠡᠢ᠂ ᠳᠡᠭᠡᠳᠦ ᠲᠠᠯ᠎ᠠ ᠳ᠋ᠠᠭᠠᠨ ᠭᠦᠨ ᠭᠤᠯᠳᠤ ᠬᠣᠪᠢᠯ ᠲᠠᠢ ᠪᠠ ᠬᠣᠪᠢᠯ ᠳ᠋ᠤᠨᠢ ᠨᠢᠭᠡᠨ ᠵᠤᠷᠪᠤᠰ ᠴᠠᠭᠠᠨ ᠥᠩᠭᠡᠲᠦ ᠬᠡᠢ ᠶ᠋ᠢᠨ ᠠᠮᠠᠰᠠᠷ ᠤ᠋ᠨ ᠴᠤᠪᠤᠭ᠎ᠠ ᠲᠠᠢ᠂ 1mm ᠣᠷᠴᠢᠮ ᠥᠷᠭᠡᠨ᠂12—17mm ᠤᠷᠲᠤ᠂ ᠭᠤᠷᠪᠠ ᠭᠤᠷᠪᠠ ᠪᠠᠷ ᠳᠤᠭᠤᠢᠷᠠᠨ ᠤᠷᠭᠤᠳᠠᠭ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠭᠡᠷ ᠲᠡᠢ ᠪᠥᠭᠡᠳ ᠪᠦᠷ ᠲᠤᠰ ᠵᠢᠯ ᠦ᠋ᠨ ᠮᠥᠴᠢᠷ ᠦ᠋ᠨ ᠨᠠᠪᠴᠢᠨ ᠤ᠋ ᠥᠪᠥᠷ ᠲᠤ ᠤᠷᠭᠤᠨ᠎ᠠ᠃ ᠡᠷ᠎ᠡ ᠪᠠᠭ ᠴᠡᠴᠡᠭ ᠨᠢ ᠥᠨᠳᠡᠭᠡᠯᠵᠢᠨ᠂ 4.5mm ᠤᠷᠲᠤ᠂ ᠰᠢᠷᠠᠪᠲᠤᠷ ᠬᠦᠷᠡᠩ᠃ ᠡᠮ᠎ᠡ ᠪᠠᠭ ᠴᠡᠴᠡᠭ ᠨᠢ ᠪᠥᠮᠪᠥᠭᠡᠯᠢᠭ᠂ 3mm ᠤᠷᠲᠤ᠂ ᠨᠣᠭᠣᠭᠠᠨ ᠪᠤᠶᠤ ᠬᠦᠷᠡᠩ ᠨᠣᠭᠣᠭᠠᠨ᠃ ᠪᠣᠷᠭᠣᠴᠣᠭ ᠨᠢ ᠰᠢᠭᠦᠰᠦᠯᠢᠭ ᠵᠢᠮᠢᠰ ᠰᠢᠭ᠂ ᠪᠥᠮᠪᠥᠭᠡᠯᠢᠭ ᠪᠤᠶᠤ ᠵᠤᠤᠪᠠᠩ᠂ ᠳ᠋ᠢᠶᠠᠮᠧᠲ᠋ᠷ ᠨᠢ6—8mm᠂ ᠪᠣᠯᠪᠠᠰᠤᠷᠠᠪᠠᠯ ᠬᠠᠷ᠎ᠠ ᠬᠦᠷᠡᠩ ᠪᠤᠶᠤ ᠬᠥᠬᠡᠪᠲᠦᠷ ᠬᠠᠷ᠎ᠠ ᠪᠣᠯᠬᠤ ᠮᠥᠷᠲᠡᠭᠡᠨ ᠴᠠᠭᠠᠨ ᠣ ᠲᠠᠢ ᠪᠠᠢᠳᠠᠭ᠂ ᠬᠠᠭᠠᠷᠠᠬᠤ ᠦᠭᠡᠢ᠃ ᠦᠷ᠎ᠡ ᠨᠢ1—4᠂ ᠮᠠᠰᠢ ᠬᠠᠲᠠᠭᠤ᠂ ᠬᠦᠷᠡᠩ ᠥᠩᠭᠡᠲᠡᠢ᠂ ᠥᠨᠳᠡᠭᠡᠯᠵᠢᠨ᠂ ᠱᠣᠪᠬᠣ ᠦᠵᠦᠭᠦᠷ ᠲᠡᠢ᠂ ᠢᠯᠡ ᠪᠤᠰᠤ ᠳᠥᠷᠪᠡᠨ ᠢᠷᠮᠡᠭ ᠲᠡᠢ᠃
ᠠᠭᠤᠯᠠ ᠶ᠋ᠢᠨ ᠣᠷᠣᠢ ᠪᠤᠶᠤ ᠡᠭᠡᠪᠦᠷ ᠬᠠᠵᠠᠭᠤ ᠳ᠋ᠠᠬᠢ ᠬᠠᠳᠠ ᠴᠢᠯᠠᠭᠤᠨ ᠤ᠋ ᠵᠠᠪᠰᠠᠷ᠂ ᠬᠠᠢᠷ ᠴᠢᠯᠠᠭᠤᠲᠤ ᠭᠣᠣ ᠵᠢᠯᠠᠭ᠎ᠠ ᠪᠠᠷ ᠤᠷᠭᠤᠨ᠎ᠠ᠃ ᠮᠠᠨ ᠤ᠋ ᠤᠯᠤᠰ ᠤ᠋ᠨ ᠥᠪᠥᠷ ᠮᠣᠩᠭᠣᠯ᠂ ᠬᠠᠷᠠᠮᠦ᠋ᠷᠡᠨ᠂ ᠬᠢᠷᠢᠨ᠂ ᠯᠢᠶᠣᠤᠨᠢᠩ᠂ ᠾᠧᠪᠧᠢ᠂ ᠾᠧᠨᠠᠨ᠂ ᠱᠠᠨᠳᠦ᠋ᠩ᠂ ᠱᠠᠨ ᠰᠢ᠂ ᠱᠠᠨᠰᠢ᠂ ᠭᠠᠨᠰᠦ ᠵᠡᠷᠭᠡ ᠮᠣᠵᠢ ᠣᠷᠣᠨ ᠳ᠋ᠤ᠌ ᠪᠦᠷ ᠤᠷᠭᠤᠳᠠᠭ᠃
ᠮᠣᠳᠣ ᠶ᠋ᠢ ᠨᠢ ᠪᠠᠷᠢᠯᠭ᠎ᠠ᠂ ᠬᠥᠭᠥᠷᠭᠡ ᠲᠠᠯᠪᠢᠬᠤ ᠵᠡᠷᠭᠡ ᠳ᠋ᠦ᠍ ᠬᠡᠷᠡᠭᠯᠡᠨ᠎ᠡ᠃ ᠵᠢᠮᠢᠰ ᠲᠤᠨᠢ ᠠᠩᠬᠢᠯᠤᠮ᠎ᠠ ᠲᠣᠰᠣ ᠪᠣᠢ᠃ ᠵᠢᠮᠢᠰ ᠨᠢ ᠡᠮ ᠳ᠋ᠦ᠍ ᠣᠷᠣᠨ᠎ᠠ᠃ ᠰᠢᠪᠧᠷᠢᠶ᠎ᠡ ᠥᠷᠭᠡᠰᠦᠲᠦ( J.sibirics Burgsd.) ᠢᠬᠴᠤ ᠰᠠᠯᠠᠭ᠎ᠠ ᠮᠥᠴᠢᠷ ᠪᠦᠬᠦᠢ ᠮᠥᠯᠬᠥᠭᠡ ᠪᠤᠲᠠ ᠮᠣᠳᠣ᠃ ᠶᠡᠷᠦ ᠳ᠋ᠡᠭᠡᠨ ᠬᠠᠳᠤᠭᠤᠷ ᠮᠡᠲᠦ ᠵᠢᠭᠠᠬᠠᠨ ᠮᠤᠷᠤᠢ ᠬᠠᠪᠲᠠᠭᠠᠢ ᠲᠡᠪᠡᠨᠡ ᠰᠢᠭ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢᠲᠦ ᠨᠠᠪᠴᠢ ᠲᠠᠢ᠃ ᠮᠠᠨ ᠤ᠋ ᠤᠯᠤᠰ ᠤ᠋ᠨ ᠥᠪᠥᠷ ᠮᠣᠩᠭᠣᠯ᠂ ᠰᠢᠨᠵᠢᠶᠠᠩ᠂ ᠲᠥᠪᠡᠳ᠂ ᠵᠡᠭᠦᠨ ᠬᠣᠢᠲᠤ ᠣᠷᠣᠨ ᠳ᠋ᠤ᠌ ᠤᠷᠭᠤᠨ᠎ᠠ᠃
ᠬᠢᠲᠠᠳ ᠨᠡᠷ᠎ᠡ᠄杜松
ᠠᠩᠭ᠌ᠯᠢ ᠨᠡᠷ᠎ᠡ᠄ Juniperus rigida Sieb. et Zucc
ᠦᠰᠦᠭ ᠠᠮᠢᠯᠠᠭᠤᠯᠤᠭᠠᠴᠢ᠄ ᠳ᠂ ᠡᠷᠬᠢᠮᠪᠠᠭᠠᠲᠤᠷ
ᠬᠢᠨᠠᠭᠴᠢ᠄ ᠣᠳᠬᠠᠨᠰᠣ᠎ᠠ ᠫᠤ· ᠴᠠᠭᠠᠨ
