ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠲᠣᠭᠲᠤᠨᠪᠢᠯᠢᠭ᠌ Шинэ дундад улсын уран бичлэгдэд -<1>1949 оноос өмнө мэндэлсэд - Догтунбилиг
<ᠨᠢᠭᠡ>1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ
- ᠲᠣᠭᠲᠤᠨᠪᠢᠯᠢᠭ᠌ Догтунбилиг
ᠲᠤᠭᠲᠤᠨᠪᠢᠯᠢᠭ᠌ ᠂ ᠡᠷᠡᠭᠲᠡᠢ᠂ ᠥᠪᠥᠷ ᠮᠣᠩᠭᠣᠯ ᠤ᠋ᠨ ᠪᠠᠶᠠᠨᠨᠠᠭᠤᠷ ᠬᠣᠲᠠ ᠶ᠋ᠢᠨ ᠤᠷᠠᠳ ᠤ᠋ᠨ ᠳᠤᠮᠳᠠᠳᠤ ᠬᠤᠰᠢᠭᠤᠨ ᠤ᠋ ᠬᠥᠮᠦᠨ᠃ 1944 ᠣᠨ ᠤ᠋ 4 ᠰᠠᠷ᠎ᠠ ᠳ᠋ᠤ᠌ ᠲᠥᠷᠥᠪᠡ᠃ ᠬᠠᠷᠠᠬᠠᠨ ᠪᠠᠭ᠎ᠠ ᠠ᠋ᠴᠠ ᠪᠠᠨ ᠵᠢᠷᠤᠭ ᠪᠢᠴᠢᠯᠭᠡ ᠳ᠋ᠦ᠍ ᠳᠤᠷ᠎ᠠ ᠲᠠᠢ᠃ 1963 ᠣᠨ ᠳ᠋ᠤ᠌ ᠥᠪᠥᠷ ᠮᠣᠩᠭᠣᠯ ᠤ᠋ᠨ ᠪᠠᠭᠰᠢ ᠶ᠋ᠢᠨ ᠳᠡᠭᠡᠳᠦ ᠰᠤᠷᠭᠠᠭᠤᠯᠢ ᠶ᠋ᠢᠨ ᠤᠷᠠᠨ ᠵᠢᠷᠤᠭ ᠤ᠋ᠨ ᠰᠠᠯᠪᠤᠷᠢ ᠳ᠋ᠤ᠌ ᠰᠢᠯᠭᠠᠨ ᠣᠷᠣᠵᠤ 1968 ᠣᠨ ᠳ᠋ᠤ᠌ ᠲᠡᠭᠦᠰᠦᠮᠡᠭᠴᠡ ᠥᠪᠥᠷ ᠮᠣᠩᠭᠣᠯ ᠤ᠋ᠨ ᠡᠳᠦᠷ ᠦ᠋ᠨ ᠰᠣᠨᠢᠨ ᠤ᠋ ᠬᠣᠷᠢᠶᠠᠨ ᠳ᠋ᠤ᠌ ᠠᠵᠢᠯᠯᠠᠵᠤ ᠨᠠᠰᠤ ᠪᠠᠷ ᠢ᠋ᠶ᠋ᠠᠨ ᠵᠢᠷᠤᠭ ᠪᠢᠴᠢᠯᠭᠡ ᠶ᠋ᠢᠨ ᠨᠠᠢᠷᠠᠭᠤᠯᠤᠭᠴᠢ ᠶ᠋ᠢᠨ ᠠᠵᠢᠯ ᠬᠢᠭᠰᠡᠨ ᠪᠠᠢᠨ᠎ᠠ᠃ 1963 ᠣᠨ ᠠ᠋ᠴᠠ ᠡᠬᠢᠯᠡᠨ ᠤᠢᠭᠤᠷᠵᠢᠨ ᠮᠣᠩᠭᠣᠯ᠂ ᠲᠣᠳᠣ ᠦᠰᠦᠭ᠂ ᠫᠠᠭᠪᠠ ᠦᠰᠦᠭ᠂ ᠺᠢᠷᠢᠯ ᠦᠰᠦᠭ ᠦ᠋ᠨ ᠤᠷᠠᠨ ᠪᠢᠴᠢᠯᠭᠡ ᠶ᠋ᠢ ᠰᠤᠷᠤᠭᠰᠠᠨ ᠪᠥᠭᠡᠳ ᠬᠢᠲᠠᠳ ᠤᠷᠠᠨ ᠪᠢᠴᠢᠯᠭᠡ᠂ ᠭᠣᠷ ᠰᠡᠢᠯᠦᠮᠡᠯ ᠵᠡᠷᠭᠡ ᠶ᠋ᠢ ᠰᠤᠷᠴᠤ ᠰᠤᠳᠤᠯᠤᠭᠰᠠᠨ ᠪᠠᠢᠨ᠎ᠠ᠃ ᠲᠡᠭᠦᠨ ᠦ᠌ ᠤᠷᠠᠨ ᠪᠢᠴᠢᠯᠭᠡ ᠭᠣᠷ ᠰᠡᠢᠯᠦᠮᠡᠯ ᠦ᠋ᠨ ᠪᠦᠲᠦᠭᠡᠯ ᠨᠢ《ᠥᠪᠥᠷ ᠮᠣᠩᠭᠣᠯ ᠤ᠋ᠨ ᠡᠳᠦᠷ ᠦ᠋ᠨ ᠰᠣᠨᠢᠨ 》᠂ 《ᠦᠳᠡᠰᠢ ᠶ᠋ᠢᠨ ᠰᠣᠨᠢᠨ 》᠂ 《 ᠰᠧᠴᠤᠸᠠᠨ ᠤ᠋ ᠡᠳᠦᠷ ᠦ᠋ᠨ ᠰᠣᠨᠢᠨ 》᠂ 《 ᠮᠣᠩᠭᠣᠯ ᠬᠡᠯᠡ ᠤᠳᠬ᠎ᠠ ᠵᠣᠬᠢᠶᠠᠯ 》 ᠵᠡᠷᠭᠡ ᠳ᠋ᠦ᠍ ᠨᠡᠢᠲᠡᠯᠡᠭᠳᠡᠵᠦ ᠥᠩᠭᠡᠷᠡᠭᠰᠡᠨ ᠪᠥᠭᠡᠳ ᠤᠯᠤᠰ ᠤ᠋ᠨ ᠳᠣᠲᠣᠭᠠᠳᠤ ᠭᠠᠳᠠᠭᠠᠳᠤ ᠳ᠋ᠤ᠌ ᠬᠠᠳᠠᠭᠠᠯᠠᠭᠳᠠᠭᠰᠠᠨ ᠪᠠᠢᠨ᠎ᠠ᠃ ᠵᠢᠱ᠌ᠢᠶᠡᠯᠡᠪᠡᠯ ᠄ ᠠᠩᠭ᠌ᠯᠢ ᠶ᠋ᠢᠨ ᠺᠠᠮᠸᠪᠦᠷᠢᠵᠢ ᠶᠡᠬᠡ ᠰᠤᠷᠭᠠᠭᠤᠯᠢ ᠶ᠋ᠢᠨ ᠨᠡᠢᠭᠡᠮ ᠦᠨᠳᠦᠰᠦᠲᠡᠨ ᠦ᠌ ᠤᠬᠠᠭᠠᠨ ᠤ᠋ ᠰᠠᠯᠪᠤᠷᠢ ᠶ᠋ᠢᠨ ᠮᠣᠩᠭᠣᠯ ᠰᠤᠳᠤᠯᠤᠯ ᠤ᠋ᠨ ᠲᠥᠪ ᠲᠦ᠍ ᠬᠠᠳᠠᠭᠠᠯᠠᠭᠳᠠᠵᠤ ᠪᠠᠢᠳᠠᠭ ᠃ ᠲᠡᠷᠡ ᠪᠡᠷ ᠥᠪᠥᠷ ᠮᠣᠩᠭᠣᠯ` ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠷᠠᠨ ᠵᠢᠷᠤᠭ ᠤ᠋ᠨ ᠨᠡᠢᠭᠡᠮᠯᠢᠭ ᠦ᠋ᠨ ᠭᠡᠰᠢᠭᠦᠨ ᠂ ᠳᠤᠮᠳᠠᠳᠤ ᠤᠯᠤᠰ ᠤ᠋ᠨ ᠭᠠᠷ ᠤᠷᠠᠯᠠᠯ ᠤᠷᠠᠨ ᠵᠢᠷᠤᠭ ᠤ᠋ᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠡᠳᠦᠷ ᠦ᠋ᠨ ᠰᠣᠨᠢᠨ ᠤ᠋ ᠶᠡᠷᠦᠩᠬᠡᠢ ᠨᠠᠢᠷᠠᠭᠤᠯᠬᠤ ᠲᠠᠰᠤᠭ ᠤ᠋ᠨ ᠤᠷᠠᠨ ᠵᠢᠷᠤᠭ ᠤ᠋ᠨ ᠳᠤᠭᠤᠢᠯᠠᠩ ᠤ᠋ᠨ ᠳᠠᠷᠤᠭ᠎ᠠ ᠪᠠᠷ ᠠᠵᠢᠯᠯᠠᠵᠤ ᠥᠩᠭᠡᠷᠡᠪᠡ᠃
ᠤᠷᠠᠨ ᠵᠢᠷᠤᠭ ᠤ᠋ᠨ ᠶᠣᠰᠣ ᠤᠬᠠᠭᠠᠨ ᠢ᠋ᠶ᠋ᠠᠷ ᠮᠣᠩᠭᠣᠯ ᠤᠷᠠᠨ ᠪᠢᠴᠢᠯᠭᠡ ᠶ᠋ᠢ ᠤᠷᠠᠯᠠᠨ ᠪᠢᠴᠢᠭᠰᠡᠨ ᠬᠠᠮᠤᠭ ᠪᠦᠲᠦᠮᠵᠢ ᠲᠡᠢ ᠬᠥᠮᠦᠨ ᠦ᠌ ᠨᠢᠭᠡ ᠨᠢ ᠲᠤᠭᠲᠤᠨᠪᠢᠯᠢᠭ᠌ ᠭᠤᠸᠠᠢ ᠪᠣᠯᠤᠨ᠎ᠠ᠃ ᠤᠷᠠᠨ ᠵᠢᠷᠤᠭ ᠤ᠋ᠨ ᠶᠣᠰᠣ ᠤᠬᠠᠭᠠᠨ ᠢ᠋ᠶ᠋ᠠᠷ ᠭᠡᠳᠡᠭ ᠨᠢ ᠬᠢᠲᠠᠳ ᠵᠢᠷᠤᠭ ᠤ᠋ᠨ ᠪᠢᠷ ᠬᠡᠷᠡᠭᠯᠡᠬᠦ ᠠᠷᠭ᠎ᠠ ᠪᠠᠷ ᠮᠣᠩᠭᠣᠯ ᠦᠰᠦᠭ ᠢ᠋ ᠤᠷᠠᠯᠠᠨ ᠪᠢᠴᠢᠬᠦ ᠶ᠋ᠢ ᠶᠠᠷᠢᠵᠤ ᠪᠠᠢᠨ᠎ᠠ᠃ ᠲᠡᠷᠡ ᠨᠢ ᠮᠣᠩᠭᠣᠯ ᠦᠰᠦᠭ ᠦ᠋ᠨ ᠵᠢᠷᠤᠯᠭ᠎ᠠ ᠶ᠋ᠢ ᠵᠢᠷᠤᠭᠠᠰᠤ ᠪᠣᠯᠭᠠᠨ ᠦᠵᠡᠵᠦ᠂ ᠪᠢᠷ ᠢ᠋ ᠡᠲᠡᠬᠦ᠂ ᠭᠣᠬᠠᠳᠠᠬᠤ᠂ ᠲᠠᠲᠠᠬᠤ᠂ ᠲᠦᠯᠬᠢᠬᠦ᠂ ᠴᠢᠷᠬᠦ᠂ ᠰᠠᠴᠤᠯᠠᠬᠤ᠂ ᠳᠠᠪᠲᠠᠬᠤ ᠁ ᠮᠡᠲᠦ ᠤᠷᠠᠨ ᠵᠢᠷᠤᠭ ᠤ᠋ᠨ ᠪᠢᠷ ᠬᠡᠷᠡᠭᠯᠡᠬᠦ ᠣᠯᠠᠨ ᠠᠷᠭ᠎ᠠ ᠪᠠᠷ ᠤᠷᠠᠨ ᠪᠢᠴᠢᠯᠭᠡ ᠶ᠋ᠢ ᠪᠢᠴᠢᠳᠡᠭ ᠢ᠋ ᠬᠡᠯᠡᠵᠦ ᠪᠣᠢ᠃ ᠲᠡᠭᠦᠨ ᠦ᠌ ᠦᠰᠦᠭ ᠢ᠋ ᠮᠣᠩᠭᠣᠯ ᠦᠰᠦᠭ ᠦ᠋ᠨ ᠲᠠᠪᠤᠨ ᠱᠤᠭᠤᠮ ᠤ᠋ᠨ ᠤᠬᠠᠭᠠᠨ ᠬᠢᠭᠡᠳ ᠦᠰᠦᠭ ᠦ᠋ᠨ ᠬᠠᠷᠢᠴᠠᠯ ᠵᠣᠬᠢᠴᠠᠯ ᠤ᠋ᠨ ᠶᠣᠰᠣᠨ ᠢ᠋ᠶ᠋ᠠᠷ ᠬᠡᠮᠵᠢᠶᠡᠯᠡᠬᠦ ᠶ᠋ᠢᠨ ᠠᠷᠭ᠎ᠠ ᠦᠭᠡᠢ ᠪᠠᠢᠳᠠᠭ᠃ ᠮᠠᠰᠢ ᠴᠢᠯᠥᠭᠡᠲᠡᠢ ᠪᠢᠴᠢᠳᠡᠭ᠃
ᠲᠤᠭᠲᠤᠨᠪᠢᠯᠢᠭ᠌ ᠤ᠋ᠨ ᠤᠷᠠᠨ ᠪᠢᠴᠢᠯᠭᠡ



