ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠ᠊᠂ ᠪᠠᠭᠠᠲᠤᠷ Шинэ дундад улсын уран бичлэгдэд -<1>1949 оноос өмнө мэндэлсэд - А ᠂ Баатар ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠ᠊᠂ ᠪᠠᠭᠠᠲᠤᠷ Шинэ дундад улсын уран бичлэгдэд -<1>1949 оноос өмнө мэндэлсэд - А ᠂ Баатар

ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠠ᠊᠂ ᠪᠠᠭᠠᠲᠤᠷ Шинэ дундад улсын уран бичлэгдэд -<1>1949 оноос өмнө мэндэлсэд - А ᠂ Баатар

ᠠᠩᠭᠢᠯᠠᠯ:ᠤᠷᠠᠨ ᠪᠢᠴᠢᠯᠭᠡ
2024-04-05

489


       ᠠ‍᠂ ᠪᠠᠭᠠᠲᠤᠷ (1945 — 2008 ) ᠂ ᠡᠷᠡᠭᠲᠡᠢ᠂ ᠮᠣᠩᠭᠣᠯ ᠦᠨᠳᠦᠰᠦᠲᠡᠨ᠂ 1945 ᠣᠨ ᠳ᠋ᠤ᠌ ᠣᠳᠣ ᠶ᠋ᠢᠨ ᠠᠯᠠᠱᠠ ᠵᠡᠭᠦᠨ ᠬᠤᠰᠢᠭᠤᠨ ᠤ᠋ ᠬᠠᠨ ᠠᠭᠤᠯᠠ ᠰᠤᠮᠤ ᠶ᠋ᠢᠨ ᠨᠤᠲᠤᠭ ᠲᠤ᠌ ᠭᠥᠷᠥᠭᠡᠴᠢᠨ ᠣᠪᠣᠭᠲᠤ  ᠪᠠᠶᠠᠨᠪᠢᠯᠢᠭ᠌ ᠤ᠋ᠨ ᠬᠦᠦ ᠪᠣᠯᠵᠤ ᠲᠥᠷᠥᠵᠡᠢ᠃ ᠤᠷᠢᠳ ᠬᠣᠵᠢᠳ ᠠᠷᠠᠳ ᠤ᠋ᠨ ᠪᠠᠭᠰᠢ᠂ ᠰᠣᠨᠢᠨ ᠰᠡᠳᠬᠦᠯ ᠦ᠋ᠨ ᠨᠠᠢᠷᠠᠭᠤᠯᠤᠭᠴᠢ᠂ ᠤᠳᠬ᠎ᠠ ᠤᠷᠠᠯᠢᠭ᠂ ᠲᠡᠦᠬᠡ ᠰᠣᠶᠣᠯ ᠤ᠋ᠨ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠᠢᠭᠰᠠᠨ ᠪᠥᠭᠡᠳ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠵᠣᠬᠢᠶᠠᠯᠴᠢᠳ ᠤ᠋ᠨ ᠰᠤᠳᠤᠯᠭᠠᠨ ᠤ᠋ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠵᠣᠬᠢᠶᠠᠯᠴᠢᠳ ᠤ᠋ᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠠᠯᠠᠱᠠ ᠠᠢᠮᠠᠭ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠱᠠᠰᠢᠨ ᠰᠤᠷᠲᠠᠬᠤᠨ ᠤ᠋ ᠬᠡᠷᠡᠭ ᠡᠷᠬᠢᠯᠡᠬᠦ ᠵᠥᠪᠯᠡᠯ ᠦ᠋ᠨ ᠡᠷᠬᠢᠯᠡᠭᠴᠢ ᠵᠡᠷᠭᠡ ᠲᠤᠰᠢᠶᠠᠯ ᠢ᠋ ᠡᠭᠦᠷᠭᠡᠯᠡᠵᠦ ᠪᠠᠢᠪᠠ᠃ ᠮᠣᠩᠭᠣᠯ ᠦᠨᠳᠦᠰᠦᠲᠡᠨ ᠦ᠌ ᠰᠢᠯᠭᠠᠷᠠᠭᠰᠠᠨ ᠵᠣᠬᠢᠶᠠᠯᠴᠢ᠂ ᠠᠯᠳᠠᠷᠲᠤ ᠤᠷᠠᠨ ᠵᠣᠬᠢᠶᠠᠯ ᠤ᠋ᠨ ᠣᠷᠴᠢᠭᠤᠯᠤᠭᠴᠢ᠂ ᠨᠡᠷᠡᠲᠦ ᠮᠣᠩᠭᠣᠯ ᠤᠷᠠᠨ ᠪᠢᠴᠢᠯᠭᠡᠲᠡᠨ᠂ ᠠᠯᠠᠱᠠ ᠶ᠋ᠢᠨ ᠰᠣᠶᠣᠯ ᠤ᠋ᠨ ᠭᠠᠷᠮᠠᠭᠠᠢ ᠵᠢᠳᠬᠦᠯᠲᠡᠨ᠃
       ᠠ‍᠂ ᠪᠠᠭᠠᠲᠤᠷ ᠭᠤᠸᠠᠢ ᠤᠷᠢᠳ ᠬᠣᠵᠢᠳ《ᠠᠯᠠᠱᠠ ᠠᠷᠠᠳ ᠤ᠋ᠨ ᠳᠠᠭᠤᠤ ᠶ᠋ᠢᠨ ᠰᠣᠩᠭᠣᠮᠠᠯ》᠂《ᠮᠣᠩᠭᠣᠯ ᠠᠷᠠᠳ ᠤ᠋ᠨ ᠳᠠᠭᠤᠤ ᠶ᠋ᠢᠨ ᠴᠤᠪᠤᠷᠠᠯ — ᠠᠯᠠᠱᠠ ᠠᠢᠮᠠᠭ ᠤ᠋ᠨ ᠲᠡᠭᠦᠪᠦᠷᠢ》᠂《ᠳᠤᠮᠳᠠᠳᠤ ᠤᠯᠤᠰ ᠤ᠋ᠨ ᠠᠷᠠᠳ ᠤ᠋ᠨ ᠳᠠᠭᠤᠤ ᠶ᠋ᠢᠨ ᠴᠢᠭᠤᠯᠭ᠎ᠠ —ᠥᠪᠥᠷ ᠮᠣᠩᠭᠣᠯ ᠤ᠋ᠨ ᠪᠤᠳ᠋》᠂《ᠪᠠᠶᠠᠨ ᠬᠠᠷᠣᠣᠨ᠎ᠠ ᠶ᠋ᠢᠨ ᠤᠨᠠᠭ᠎ᠠ》᠂《ᠠᠯᠠᠱᠠ ᠶ᠋ᠢᠨ ᠢᠷᠦᠭᠡᠯ ᠮᠠᠭᠲᠠᠭᠠᠯ ᠤ᠋ᠨ ᠲᠡᠭᠦᠪᠦᠷᠢ》᠂《ᠠᠯᠠᠱᠠ ᠴᠠᠮ》᠂《ᠠᠯᠠᠱᠠ ᠳᠣᠮᠣᠭ》ᠵᠡᠷᠭᠡ ᠠᠷᠠᠳ ᠤ᠋ᠨ ᠳᠠᠭᠤᠤ ᠪᠥᠵᠢᠭ᠂ ᠦᠯᠢᠭᠡᠷ ᠳᠣᠮᠣᠭ᠂ ᠢᠷᠦᠭᠡᠯ ᠮᠠᠭᠲᠠᠭᠠᠯ ᠤ᠋ᠨ ᠨᠣᠮ ᠤ᠋ᠳ ᠡᠮᠬᠢᠳᠬᠡᠨ ᠬᠡᠪᠯᠡᠭᠦᠯᠵᠦ᠂《ᠬᠠᠷ᠎ᠠ ᠨᠠᠷᠠ ᠲᠠᠢ ᠡᠳᠦᠷ ᠦ᠋ᠳ》᠂《ᠮᠤᠩᠬᠠᠭ ᠬᠠᠷᠠᠩᠭᠤᠢ ᠶ᠋ᠢᠨ ᠳᠤᠮᠳᠠ》᠂《ᠠᠢ ᠡᠣ ᠯᠦ᠍ ᠥᠷᠥᠭᠡᠨ ᠦ᠌ ᠲᠠᠲᠠᠯᠠᠭ᠎ᠠ ᠰᠢᠯᠦᠭ 》ᠵᠡᠷᠭᠡ ᠷᠣᠮᠠᠨ᠂ ᠲᠣᠭᠣᠵᠢ᠂ ᠣᠷᠴᠢᠭᠤᠯᠭ᠎ᠠ ᠶ᠋ᠢᠨ ᠪᠦᠲᠦᠭᠡᠯ ᠬᠡᠪᠯᠡᠭᠦᠯᠵᠦ᠂ ᠪᠠᠰᠠ ᠺᠢᠨᠣ᠋ ᠵᠦᠴᠦᠭᠡ᠂ ᠰᠢᠯᠦᠭ᠂ ᠥᠭᠦᠯᠡᠯᠭᠡ ᠶ᠋ᠢᠨ ᠪᠦᠲᠦᠭᠡᠯ ᠦᠯᠡᠮᠵᠢᠬᠡᠨ ᠨᠡᠢᠲᠡᠯᠡᠭᠦᠯᠵᠦ᠂ ᠠᠯᠠᠱᠠ ᠶ᠋ᠢᠨ ᠰᠢᠨ᠎ᠡ ᠦᠶ᠎ᠡ ᠶ᠋ᠢᠨ ᠮᠣᠩᠭᠣᠯ ᠤᠷᠠᠨ ᠵᠣᠬᠢᠶᠠᠯ ᠤ᠋ᠨ ᠬᠥᠭᠵᠢᠯᠲᠡ ᠳ᠋ᠦ᠍ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠪᠥᠭᠡᠳ ᠤᠷᠢᠳ ᠬᠣᠵᠢᠳ ᠤᠯᠤᠰ ᠤ᠋ᠨ ᠰᠣᠶᠣᠯ ᠤ᠋ᠨ ᠶᠠᠮᠤᠨ᠂ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠪᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤᠷᠠᠯᠢᠭ ᠤ᠋ᠨ ᠱᠠᠩᠨᠠᠯ ᠬᠥᠬᠢᠭᠦᠯᠦᠯ ᠢ᠋ ᠣᠯᠠᠨᠲᠠ ᠲᠤᠰᠤᠭᠰᠠᠨ ᠪᠠᠢᠨ᠎ᠠ᠃ ᠲᠡᠭᠦᠨ ᠦ᠌ ᠮᠣᠩᠭᠣᠯ ᠦᠰᠦᠨ ᠪᠢᠷ ᠦ᠋ᠨ ᠲᠥᠪ ᠪᠢᠴᠢᠯᠭᠡ᠂ ᠲᠠᠲᠠᠯᠭᠠᠨ ᠪᠢᠴᠢᠯᠭᠡ ᠪᠠ ᠬᠤᠯᠤᠰᠤᠨ ᠦᠵᠦᠭ ᠦ᠋ᠨ ᠪᠢᠴᠢᠯᠭᠡ ᠨᠢ ᠠᠯᠠᠱᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠤᠯᠠᠮᠵᠢᠯᠠᠯᠲᠤ ᠲᠢᠭ ᠢ᠋ ᠰᠢᠰᠲ᠋ᠧᠮ ᠲᠡᠢ ᠵᠠᠯᠭᠠᠮᠵᠢᠯᠠᠨ ᠬᠥᠭᠵᠢᠭᠦᠯᠦᠭᠰᠡᠨ ᠦ᠌ ᠨᠢᠭᠡ ᠨᠡᠢᠲᠡᠯᠢᠭ ᠬᠡᠪ ᠵᠢᠱ᠌ᠢᠶ᠎ᠡ ᠪᠣᠯᠵᠤ ᠪᠠᠢᠳᠠᠭ ᠪᠢᠯᠡ᠃ 

           ᠠ‍᠂ ᠪᠠᠭᠠᠲᠤᠷ ᠤ᠋ᠨ ᠤᠷᠠᠨ ᠪᠢᠴᠢᠯᠭᠡ