ᠰᠢᠨ᠎ᠡ ᠳᠤᠮᠳᠠᠳᠤ ᠤᠯᠤᠰ ᠤᠨ ᠤᠷᠠᠨ ᠪᠢᠴᠢᠯᠭᠡᠳᠡᠳ -<ᠨᠢᠭᠡ>1949 ᠣᠨ ᠠᠴᠠ ᠡᠮᠦᠨ᠎ᠡ ᠮᠡᠨᠳᠦᠯᠡᠭᠰᠡᠳ - ᠮᠠᠨᠳᠤᠮᠤᠢ Шинэ дундад улсын уран бичлэгдэд -<1>1949 оноос өмнө мэндэлсэд - Мандмой
<ᠨᠢᠭᠡ>1949 ᠣᠨ ᠠᠴᠠ ᠡᠮᠦᠨ᠎ᠡ ᠮᠡᠨᠳᠦᠯᠡᠭᠰᠡᠨ ᠤᠷᠠᠨ ᠪᠢᠴᠢᠯᠭᠡᠳᠡᠳ
—— ᠮᠠᠨᠳᠤᠮᠤᠢ Мандмой
ᠮᠠᠨᠳᠤᠮᠤᠢ ᠂ ᠡᠷᠡᠭᠲᠡᠢ ᠂ ᠮᠣᠩᠭᠣᠯ ᠦᠨᠳᠦᠰᠦᠲᠡᠨ ᠂ ᠡᠪ ᠬᠠᠮᠲᠤ ᠨᠠᠮ ᠤ᠋ᠨ ᠭᠡᠰᠢᠭᠦᠨ᠃ 1947 ᠣᠨ ᠳ᠋ᠤ᠌ ᠵᠣᠰᠣᠲᠤ ᠶ᠋ᠢᠨ ᠴᠢᠭᠤᠯᠭᠠᠨ ᠤ᠋ ᠤᠯᠠᠭᠠᠨᠬᠠᠳᠠ ᠬᠤᠳᠠᠨ᠎ᠠ ᠬᠢᠶᠠᠳ ᠶᠠᠰᠤᠲᠠᠨ ᠡᠯᠳᠡᠬᠦᠡᠳ ᠣᠪᠣᠭᠲᠤ ᠥᠨᠳᠥᠷ ᠪᠣᠯᠪᠠᠰᠤᠷᠠᠯ ᠲᠠᠢ ᠰᠡᠬᠡᠭᠡᠲᠡᠨ ᠡᠩᠭᠡᠪᠦ᠋ᠷᠢᠨ ᠦ᠌ ᠳᠡᠳ᠋ ᠬᠥᠪᠡᠭᠦᠨ ᠪᠣᠯᠤᠨ ᠵᠠᠶᠠᠭᠠᠭᠳᠠᠵᠠᠢ᠃ ᠬᠠᠷᠠᠬᠠᠨ ᠪᠠᠭ᠎ᠠ ᠠ᠋ᠴᠠ ᠪᠠᠨ ᠭᠡᠷ ᠦ᠋ᠨ ᠰᠤᠪᠢᠭᠳᠠᠯ ᠢ᠋ᠶ᠋ᠠᠷ ᠤᠷᠠᠨ ᠵᠢᠷᠤᠭ᠂ ᠤᠷᠠᠨ ᠪᠢᠴᠢᠯᠭᠡ᠂ ᠤᠷᠠᠨ ᠵᠣᠬᠢᠶᠠᠯ ᠳ᠋ᠤ᠌ ᠤᠷᠮ᠎ᠠ ᠪᠠᠬᠠᠲᠠᠢ ᠮᠥᠷᠲᠡᠭᠡᠨ ᠴᠢᠷᠮᠠᠢᠯᠭ᠎ᠠ ᠲᠠᠢ ᠶᠠᠪᠤᠭᠰᠠᠨ ᠪᠢᠯᠡ᠃ ᠲᠥᠷᠥ ᠶ᠋ᠢᠨ ᠱᠠᠩᠨᠠᠯᠲᠤ ᠤᠯᠤᠰ ᠤ᠋ᠨ ᠨᠢᠭᠡᠳᠦᠭᠡᠷ ᠳᠡᠰ ᠦ᠋ᠨ ᠵᠣᠬᠢᠶᠠᠯᠴᠢ ᠮᠠᠨᠳᠤᠮᠤᠢ ᠤᠷᠢᠳ ᠬᠣᠵᠢᠳ ᠪᠠᠭᠰᠢ᠂ ᠤᠯᠠᠭᠠᠨᠴᠠᠪ ᠬᠣᠲᠠ ᠶ᠋ᠢᠨ ᠤᠯᠤᠰ ᠲᠥᠷᠥ ᠶ᠋ᠢᠨ ᠵᠥᠪᠯᠡᠯ ᠦ᠋ᠨ ᠰᠣᠶᠣᠯ ᠲᠡᠦᠬᠡ ᠰᠤᠳᠤᠯᠤᠨ ᠨᠠᠢᠷᠠᠭᠤᠯᠬᠤ ᠠᠯᠪᠠᠨ ᠭᠡᠷ ᠦ᠋ᠨ ᠡᠷᠬᠢᠯᠡᠭᠴᠢ᠂《ᠴᠡᠯᠡᠭᠡᠷ ᠲᠠᠯ᠎ᠠ》ᠰᠡᠳᠬᠦᠯ ᠦ᠋ᠨ ᠶᠡᠷᠦᠩᠬᠡᠢ ᠨᠠᠢᠷᠠᠭᠤᠯᠤᠭᠴᠢ᠂ ᠤᠯᠠᠭᠠᠨᠴᠠᠪ ᠬᠣᠲᠠ ᠶ᠋ᠢᠨ ᠤᠳᠬ᠎ᠠ ᠤᠷᠠᠯᠢᠭ ᠤ᠋ᠨ ᠬᠢᠨ ᠦ᠌ ᠬᠣᠯᠪᠣᠭᠠᠨ ᠤ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ᠋ ᠤᠳᠬ᠎ᠠ ᠤᠷᠠᠯᠢᠭ ᠤ᠋ᠨ ᠬᠣᠯᠪᠣᠭ᠎ᠠ᠂ ᠵᠣᠬᠢᠶᠠᠯᠴᠢᠳ ᠤ᠋ᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ ᠵᠡᠷᠭᠡ ᠠᠵᠢᠯ ᠲᠤᠰᠢᠶᠠᠯ ᠳ᠋ᠤ᠌ ᠠᠯᠪᠠᠯᠠᠵᠤ ᠪᠠᠢᠭᠰᠠᠨ᠃ 1985 ᠣᠨ ᠳ᠋ᠤ᠌ ᠪᠡᠭᠡᠵᠢᠩ ᠦ᠋ᠨ ᠦᠨᠳᠦᠰᠦᠲᠡᠨ ᠦ᠌ ᠰᠣᠶᠣᠯ ᠤ᠋ᠨ ᠤᠷᠳᠤᠨ᠎ᠠ ᠪᠣᠯᠤᠭᠰᠠᠨ《ᠡᠬᠡ ᠤᠯᠤᠰ ᠤ᠋ᠨ ᠲᠣᠮᠣ ᠭᠡᠷ ᠪᠦᠯᠢ ᠶ᠋ᠢᠨ ᠠᠩᠬᠠᠳᠠᠭᠴᠢ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤ᠋ᠨ ᠦᠵᠡᠰᠬᠦᠯᠡᠩ 》 ᠳ᠋ᠦ᠍ ᠲᠡᠷᠡ《 ᠠᠯᠲᠠᠨ ᠪᠦᠷᠭᠦᠳ 》 ᠬᠡᠮᠡᠬᠦ ᠪᠦᠲᠦᠭᠡᠯ ᠢ᠋ᠶ᠋ᠡᠷ ᠱᠠᠩᠨᠠᠯ ᠬᠦᠷᠲᠡᠵᠡᠢ᠃ ᠲᠤᠰ ᠤᠳᠠᠭᠠᠨ ᠤ᠋ ᠦᠵᠡᠰᠬᠦᠯᠡᠩ ᠳ᠋ᠦ᠍ ᠳᠡᠯᠭᠡᠭᠳᠡᠭᠰᠡᠨ ᠪᠦᠲᠦᠭᠡᠯ ᠳ᠋ᠦ᠍ ᠮᠣᠩᠭᠣᠯ ᠂ ᠲᠥᠪᠡᠳ ᠂ ᠰᠣᠯᠣᠩᠭᠣᠰ ᠂ ᠤᠢᠭᠤᠷ ᠂ ᠬᠣᠲᠣᠩ ᠵᠡᠷᠭᠡ ᠲᠠᠪᠤᠨ ᠦᠨᠳᠦᠰᠦᠲᠡᠨ ᠦ᠌ ᠬᠣᠷᠢᠭᠠᠳ ᠪᠦᠲᠦᠭᠡᠯ ᠪᠠᠢᠵᠤ᠂ ᠪᠤᠰᠤᠳ ᠨᠢ ᠴᠥᠮ ᠬᠢᠲᠠᠳ ᠤᠷᠠᠨ ᠪᠢᠴᠢᠯᠭᠡ ᠶ᠋ᠢᠨ ᠪᠦᠲᠦᠭᠡᠯ ᠪᠠᠢᠪᠠ᠃ ᠮᠣᠩᠭᠣᠯ ᠤᠷᠠᠨ ᠪᠢᠴᠢᠯᠭᠡ ᠡᠴᠡ ᠬᠠᠸᠠᠩᠵᠠᠪ ᠂ ᠮᠠᠨᠳᠤᠮᠤᠢ ᠂ ᠬᠠᠰᠴᠢᠯᠠᠭᠤ᠂ ᠳᠣᠷᠵᠢᠰᠦ᠋ᠷᠦᠩ ᠵᠡᠷᠭᠡ ᠲᠠᠪᠤᠨ ᠬᠥᠮᠦᠨ ᠦ᠌ ᠪᠦᠲᠦᠭᠡᠯ ᠪᠠᠢᠵᠤ ᠪᠦᠬᠦᠢᠯᠡ ᠴᠥᠭᠡᠨ ᠲᠣᠭᠠᠲᠤ ᠦᠨᠳᠦᠰᠦᠲᠡᠨ ᠦ᠌ ᠤᠷᠠᠨ ᠪᠢᠴᠢᠯᠭᠡ ᠶ᠋ᠢᠨ ᠥᠪᠡᠷ ᠦ᠋ᠨ ᠦᠰᠦᠭ ᠪᠢᠴᠢᠭ ᠢ᠋ᠶ᠋ᠡᠷ ᠢ᠋ᠶ᠋ᠡᠨ ᠪᠢᠴᠢᠭᠰᠡᠨ ᠪᠦᠲᠦᠭᠡᠯ ᠡᠴᠡ ᠭᠠᠭᠴᠠ ᠮᠠᠨᠳᠤᠮᠤᠢ ᠶ᠋ᠢᠨ ᠪᠦᠲᠦᠭᠡᠯ ᠢ᠋ ᠱᠠᠩᠨᠠᠯ ᠳ᠋ᠤ᠌ ᠲᠣᠳᠣᠷᠠᠭᠤᠯᠵᠤ᠂ ᠨᠥᠭᠦᠭᠡ ᠬᠣᠶᠠᠷ ᠱᠠᠩᠨᠠᠯ ᠬᠦᠷᠲᠡᠭᠴᠢ ᠨᠢ ᠪᠦᠷ ᠬᠢᠲᠠᠳ ᠤᠷᠠᠨ ᠪᠢᠴᠢᠯᠭᠡ ᠶ᠋ᠢᠨ ᠪᠦᠲᠦᠭᠡᠯ ᠪᠠᠢᠵᠤ ᠪᠢᠯᠡ᠃
ᠱᠠᠩᠨᠠᠯ ᠣᠯᠭᠣᠬᠤ ᠦᠪᠡᠳᠡᠭᠰᠢ ᠶᠣᠰᠣᠯᠠᠯ ᠳ᠋ᠤ᠌ ᠴᠢ ᠬᠦᠩ ᠲᠦᠷᠦᠭᠦᠦ ᠲᠡᠢ ᠭᠤᠴᠢᠭᠠᠳ ᠨᠡᠷᠡᠰ ᠠᠯᠳᠠᠷᠲᠤ ᠤᠷᠠᠨ ᠪᠢᠴᠢᠯᠬᠡᠳᠡᠳ ᠱᠠᠩᠨᠠᠯ ᠬᠦᠷᠲᠡᠭᠴᠢ ᠭᠤᠷᠪᠠᠨ ᠬᠥᠮᠦᠨ ᠲᠡᠢ ᠰᠠᠭᠤᠳᠠᠯ ᠤ᠋ᠨ ᠬᠤᠷᠠᠯ ᠬᠢᠵᠡᠢ᠃ ᠬᠤᠷᠠᠯ ᠳ᠋ᠤ᠌ ᠣᠷᠣᠯᠴᠠᠭᠰᠠᠳ ᠲᠤᠰ ᠲᠤᠰ ᠮᠠᠨᠳᠤᠮᠤᠢ ᠨᠥᠬᠥᠷ ᠢ᠋ᠶ᠋ᠡᠷ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠪᠢᠴᠢᠭᠦᠯᠵᠦ ᠠᠪᠤᠭᠠᠳ᠂ ᠬᠤᠷᠠᠯ ᠤ᠋ᠨ ᠭᠣᠣᠯ ᠰᠡᠳᠦᠪ ᠲᠡᠭᠡᠨ ᠣᠷᠣᠯ᠎ᠠ᠃ ᠭᠠᠷ ᠲᠠᠭᠠᠨ ᠲᠠᠶᠠᠭ ᠲᠤᠯᠤᠭᠰᠠᠨ᠂ ᠨᠢᠳᠦᠨ ᠳ᠋ᠡᠭᠡᠨ ᠰᠢᠯ ᠵᠡᠭᠦᠭᠰᠡᠨ ᠬᠢᠲᠠᠳ ᠤᠷᠠᠨ ᠪᠢᠴᠢᠯᠭᠡ ᠶ᠋ᠢᠨ ᠠᠪᠤᠷᠭᠤ ᠨᠣᠭᠣᠳ ᠲᠠᠯ᠎ᠠ ᠲᠠᠯ᠎ᠠ ᠠ᠋ᠴᠠ ᠮᠠᠨᠳᠤᠮᠤᠢ ᠶ᠋ᠢᠨ ᠵᠦᠭ᠄ 《 ᠲᠠᠨ ᠤ᠋ ᠮᠣᠩᠭᠣᠯ ᠤᠷᠠᠨ ᠪᠢᠴᠢᠯᠭᠡ ᠴᠢᠨᠢ ᠲᠡᠦᠬᠡ ᠰᠤᠳᠤᠷ ᠲᠤ᠌ ᠤᠯᠠ ᠮᠥᠷ ᠪᠠᠢᠨᠠᠤ ? 》 ᠂ 《 ᠮᠣᠩᠭᠣᠯ ᠪᠢᠴᠢᠭ ᠴᠢᠨᠢ ᠠᠪᠢᠶᠠᠨ ᠦᠰᠦᠭ ᠪᠢᠵᠡ ? ᠤᠷᠠᠨ ᠪᠢᠴᠢᠯᠭᠡ ᠭᠡᠳᠡᠭ ᠪᠣᠯ ᠬᠢᠲᠠᠳ ᠤ᠋ᠨ ᠳᠦᠷᠰᠦᠲᠦ ᠦᠰᠦᠭ ᠡᠴᠡ ᠥᠭᠡᠷ᠎ᠡ ᠤᠷᠠᠨ ᠪᠢᠴᠢᠯᠭᠡ ᠪᠠᠢᠬᠤ ᠶᠣᠰᠣ ᠦᠭᠡᠢ 》᠂《 ᠪᠢ ᠨᠠᠶᠠ ᠪᠠᠨ ᠰᠢᠬᠠᠭᠠᠳ ᠮᠣᠩᠭᠣᠯ ᠤᠷᠠᠨ ᠪᠢᠴᠢᠯᠭᠡ ᠪᠠᠢᠭ᠎ᠠ ᠶ᠋ᠢ ᠰᠠᠶᠢ ᠣᠯᠵᠤ ᠬᠠᠷᠠᠯ᠎ᠠ᠃ ᠴᠢᠨᠦ ᠨᠠᠳᠠ ᠳ᠋ᠤ᠌ ᠪᠢᠴᠢᠭᠰᠡᠨ ᠦᠰᠦᠭ ᠢ᠋ ᠬᠡᠳᠦᠢᠪᠡᠷ ᠲᠠᠨᠢᠬᠤ ᠦᠭᠡᠢ ᠪᠣᠯᠪᠠᠴᠤ᠂ ᠤᠷᠠᠨ ᠪᠢᠴᠢᠯᠭᠡ ᠶ᠋ᠢᠨ ᠬᠡᠪ ᠨᠠᠮᠪᠠ ᠲᠣᠳᠣᠷᠠᠵᠤ ᠪᠠᠢᠬᠤ ᠨᠢ ᠭᠠᠢᠬᠠᠯᠲᠠᠢ ᠪᠠᠢᠨ᠎ᠠ 》 ᠭᠡᠬᠦ ᠮᠡᠲᠦ ᠲᠣᠭᠣᠵᠤ ᠶᠠᠳᠠᠭᠰᠠᠨ ᠪᠠ ᠰᠡᠵᠢᠭᠯᠡᠯ ᠶᠡᠬᠡ ᠲᠡᠢ ᠡᠰᠢ ᠮᠤᠬᠤᠷ ᠦᠭᠡᠢ ᠣᠯᠠᠨ ᠶᠠᠭᠤᠮ᠎ᠠ ᠶ᠋ᠢ ᠠᠰᠠᠭᠤᠬᠤ ᠳ᠋ᠤ᠌ ᠶᠠᠮᠠᠷᠴᠤ ᠪᠡᠯᠡᠳᠬᠡᠯ ᠦᠭᠡᠢ ᠪᠠᠢᠭᠰᠠᠨ ᠮᠠᠨᠳᠤᠮᠤᠢ ᠥᠪᠡᠷ ᠦ᠋ᠨ ᠡᠵᠡᠮᠰᠢᠵᠦ ᠪᠦᠬᠦᠢ ᠤᠷ᠎ᠠ ᠠᠪᠢᠶᠠᠰ ᠪᠣᠯᠤᠨ ᠮᠡᠳᠡᠯᠭᠡ ᠶ᠋ᠢᠨ ᠬᠡᠪᠴᠢᠶᠡᠨ ᠳ᠋ᠦ᠍ ᠠᠰᠠᠭᠤᠯᠲᠠ ᠪᠦᠬᠦᠨ ᠢ᠋ ᠴᠠᠭᠠᠨ᠎ᠠ ᠨᠢ ᠭᠠᠷᠲᠠᠯ᠎ᠠ ᠬᠠᠷᠢᠭᠤᠯᠵᠠᠢ᠃
ᠡᠬᠡ ᠤᠯᠤᠰ ᠤ᠋ᠨ ᠲᠣᠮᠣ ᠭᠡᠷ ᠪᠦᠯᠢ ᠬᠡᠮᠡᠭᠡᠳ ᠬᠠᠷᠢᠨ ᠮᠣᠩᠭᠣᠯ ᠤᠷᠠᠨ ᠪᠢᠴᠢᠯᠭᠡ ᠪᠠᠢᠭ᠎ᠠ ᠭᠡᠭᠴᠢ ᠶ᠋ᠢ ᠣᠭᠲᠣ ᠮᠡᠳᠡᠭᠡ ᠦᠭᠡᠢ ᠶᠠᠪᠤᠳᠠᠭ ᠨᠢ ᠣᠯᠠᠨ ᠵᠦᠢᠯ ᠦ᠋ᠨ ᠨᠥᠬᠥᠴᠡᠯ ᠰᠢᠯᠲᠠᠭᠠᠨ ᠪᠠᠢᠭ᠎ᠠ ᠭᠡᠬᠦ ᠳ᠋ᠦ᠍᠂ ᠮᠠᠨ ᠤ᠋ ᠮᠣᠩᠭᠣᠯᠴᠤᠳ ᠴᠤ᠌ ᠥᠪᠡᠷ ᠦ᠋ᠨ ᠬᠢ ᠪᠡᠨ ᠪᠤᠰᠤᠳ ᠲᠤ᠌ ᠲᠠᠨᠢᠭᠤᠯᠤᠭᠰᠠᠨ ᠦᠭᠡᠢ ᠡᠮᠵᠢᠭ ᠲᠠᠯ᠎ᠠ ᠲᠠᠢ ᠪᠠᠢᠭ᠎ᠠ ᠶᠤᠮ᠃ ᠢᠩᠭᠢᠭᠡᠳ ᠵᠣᠷᠢᠭ ᠰᠢᠭᠤᠳᠤᠭᠰᠠᠨ ᠭᠡᠳ ᠮᠠᠨᠳᠤᠮᠤᠢ ᠯᠠᠪᠯᠠᠬᠤ ᠮᠠᠲ᠋ᠧᠷᠢᠶᠠᠯ ᠬᠣᠪᠣᠷ ᠬᠣᠮᠰᠠ ᠪᠠᠢᠳᠠᠯ ᠳᠣᠣᠷ᠎ᠠ《ᠮᠣᠩᠭᠣᠯ ᠤᠷᠠᠨ ᠪᠢᠴᠢᠯᠭᠡ ᠭᠣᠷ ᠰᠡᠢᠯᠦᠮᠡᠯ ᠤᠷᠠᠯᠢᠭ ᠤ᠋ᠨ ᠡᠷᠲᠡᠨ ᠡᠳᠦᠭᠡ》 ᠬᠡᠮᠡᠬᠦ ᠲᠣᠮᠣᠬᠠᠨ ᠥᠭᠦᠯᠡᠯ ᠢ᠋ ᠲᠤᠭᠤᠷᠪᠢᠵᠤ ᠪᠢᠴᠢᠭᠡᠳ᠂ ᠣᠷᠣᠨ ᠤ᠋ ᠰᠣᠨᠢᠨ ᠰᠡᠳᠬᠦᠯ ᠦ᠋ᠳ ᠲᠦ᠍ ᠨᠡᠢᠲᠡᠯᠡᠭᠦᠯᠦᠭᠰᠡᠨ ᠳ᠋ᠦ᠍ ᠰᠢᠨᠡᠳᠭᠡ᠂ ᠮᠠᠨᠫᠢᠩ ᠵᠡᠷᠭᠡ ᠡᠷᠳᠡᠮᠲᠡᠳ ᠠᠷᠤ ᠠᠷᠤ ᠠ᠋ᠴᠠ ᠰᠢᠭᠦᠮᠵᠢ ᠨᠡᠢᠲᠡᠯᠡᠵᠦ᠂ ᠲᠤᠰ ᠥᠭᠦᠯᠡᠯ ᠢ᠋ ᠠᠢᠬᠤᠪᠲᠤᠷ ᠥᠨᠳᠥᠷ ᠦᠨᠡᠯᠡᠵᠡᠢ᠃ ᠡᠭᠦᠨ ᠳ᠋ᠦ᠍ ᠣᠯᠠᠨ ᠤᠯᠤᠰ ᠤ᠋ᠨ ᠮᠣᠩᠭᠣᠯ ᠰᠤᠳᠤᠯᠤᠯ ᠤ᠋ᠨ ᠪᠠᠢᠩᠭᠤ ᠶ᠋ᠢᠨ ᠭᠡᠰᠢᠭᠦᠨ ᠶᠠᠪᠤᠭᠴᠢ ᠦ · ᠨᠠᠷᠠᠨᠪᠠᠳᠤ ᠭᠤᠸᠠᠢ ᠄ 《 ᠮᠠᠨᠳᠤᠮᠤᠢ ᠶ᠋ᠢᠨ ᠡᠨᠡ ᠬᠦ᠌ ᠥᠭᠦᠯᠡᠯ ᠪᠣᠯ ᠣᠯᠳᠠᠬᠤᠶ᠎ᠠ ᠪᠡᠷᠬᠡ ᠨᠠᠨᠳᠢᠨ ᠪᠦᠲᠦᠭᠡᠯ ᠪᠣᠯᠵᠠᠢ᠃ ᠳᠠᠷᠤᠢ ᠮᠢᠩᠭᠠᠭᠠᠳ ᠣᠨ ᠤ᠋ ᠲᠡᠦᠬᠡ ᠲᠡᠢ ᠮᠣᠩᠭᠣᠯ ᠤᠷᠠᠨ ᠪᠢᠴᠢᠯᠭᠡ ᠶ᠋ᠢᠨ ᠬᠦᠷᠦᠯᠴᠡᠬᠦ ᠦᠭᠡᠢ ᠡᠮᠵᠡᠭᠳᠦ ᠲᠠᠯ᠎ᠠ ᠶ᠋ᠢ ᠲᠡᠭᠦᠯᠳᠡᠷᠵᠢᠭᠦᠯᠦᠭᠰᠡᠨ ᠢ᠋ᠶ᠋ᠡᠷ ᠦᠯᠦ ᠪᠠᠷᠠᠨ᠂ ᠳᠡᠯᠡᠬᠡᠢ ᠨᠡᠢᠲᠡ ᠶ᠋ᠢᠨ ᠮᠣᠩᠭᠣᠯ ᠰᠤᠳᠤᠯᠤᠯ ᠤ᠋ᠨ ᠬᠤᠭᠤᠰᠤᠳᠠᠯ ᠢ᠋ ᠨᠥᠬᠥᠪᠥᠷᠢᠯᠡᠭᠰᠡᠨ ᠡᠷᠳᠡᠮ ᠰᠢᠨᠵᠢᠯᠡᠭᠡᠨ ᠦ᠌ ᠳᠣᠷᠪᠢᠲᠠᠢ ᠪᠦᠲᠦᠭᠡᠯ ᠪᠣᠯᠵᠠᠢ 》 ᠭᠡᠵᠦ ᠦᠨᠡᠯᠡᠭᠰᠡᠨ ᠪᠠᠢᠳᠠᠭ᠃
ᠢᠩᠭᠢᠭᠡᠳ ᠲᠤᠰ ᠥᠭᠦᠯᠡᠯ ᠢ᠋ ᠬᠢᠲᠠᠳᠴᠢᠯᠠᠭᠠᠳ 1987 ᠣᠨ ᠳ᠋ᠤ᠌ ᠰᠧᠴᠤᠸᠠᠨ ᠮᠣᠵᠢ ᠶ᠋ᠢᠨ ᠳ᠋ᠦ᠍ ᠵᠢᠶᠠᠩ ᠶᠠᠨ ᠳ᠋ᠤ᠌ ᠪᠣᠯᠤᠭᠰᠠᠨ《ᠪᠦᠬᠦ ᠤᠯᠤᠰ ᠤ᠋ᠨ ᠭᠤᠷᠪᠠᠳᠤᠭᠠᠷ ᠬᠤᠭᠤᠴᠠᠭᠠᠨ ᠤ᠋ ᠤᠷᠠᠨ ᠪᠢᠴᠢᠯᠭᠡ ᠶ᠋ᠢᠨ ᠡᠷᠳᠡᠮ ᠰᠢᠨᠵᠢᠯᠡᠭᠡᠨ ᠦ᠌ ᠬᠤᠷᠠᠯ》 ᠳ᠋ᠤ᠌ ᠰᠣᠩᠭᠣᠭᠳᠠᠭᠠᠳ᠂ ᠴᠢᠯᠥᠭᠡᠯᠡᠭᠳᠡᠭᠰᠡᠨ ᠡᠴᠡ ᠨᠠᠰᠢᠬᠢ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠦ᠌ ᠦᠰᠦᠭ ᠪᠢᠴᠢᠭ ᠦ᠋ᠨ ᠤᠷᠠᠨ ᠪᠢᠴᠢᠯᠭᠡ ᠶ᠋ᠢᠨ ᠲᠤᠬᠠᠢ ᠥᠭᠦᠯᠡᠮᠵᠢ ᠭᠡᠮᠡᠨ ᠶᠡᠬᠡᠳᠡ ᠬᠦᠨᠳᠦᠳᠬᠡᠭᠳᠡᠵᠦ᠂ ᠬᠤᠷᠠᠯ ᠤ᠋ᠨ ᠬᠤᠭᠤᠴᠠᠭᠠᠨ᠎ᠠ ᠲᠤᠰ ᠥᠭᠦᠯᠡᠯ ᠨᠢ ᠬᠠᠭᠠᠰ ᠡᠳᠦᠷ ᠦ᠋ᠨ ᠴᠠᠭ ᠢ᠋ ᠵᠠᠷᠤᠴᠠᠭᠤᠯᠵᠤ᠂ ᠪᠦᠬᠦ ᠤᠯᠤᠰ ᠠ᠋ᠴᠠ ᠬᠦᠷᠦᠯᠴᠡᠨ ᠢᠷᠡᠭᠰᠡᠨ ᠵᠠᠭᠤᠭᠠᠳ ᠡᠷᠳᠡᠮᠲᠡᠳ ᠶᠡᠬᠡ ᠯᠡ ᠬᠥᠭᠵᠢᠶᠡᠨ ᠮᠠᠷᠭᠤᠭᠠᠨ ᠲᠠᠢ ᠰᠤᠳᠤᠯᠤᠨ ᠶᠠᠷᠢᠯᠴᠠᠵᠠᠢ᠃
ᠳᠤᠮᠳᠠᠳᠤ ᠤᠯᠤᠰ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠪᠠᠢᠩᠭᠤ ᠶ᠋ᠢᠨ ᠲᠡᠷᠢᠭᠦᠯᠡᠭᠴᠢ ᠡᠴᠡ ᠬᠤᠷᠠᠯ ᠲᠡᠭᠦᠰᠬᠡᠬᠦ ᠳ᠋ᠦᠩᠨᠡᠯᠲᠡ ᠶ᠋ᠢᠨ ᠶᠠᠷᠢᠶᠠᠨ ᠳ᠋ᠤ᠌ ᠪᠠᠨ᠄《ᠥᠩᠭᠡᠷᠡᠭᠰᠡᠨ ᠳ᠋ᠦ᠍ ᠮᠣᠩᠭᠣᠯ ᠤᠷᠠᠨ ᠪᠢᠴᠢᠯᠭᠡ ᠪᠠᠢᠭ᠎ᠠ ᠭᠡᠭᠴᠢ ᠶ᠋ᠢ ᠣᠢᠯᠠᠭᠠᠵᠤ ᠮᠡᠳᠡᠭᠰᠡᠨ ᠦᠭᠡᠢ ᠪᠠᠢᠳᠠᠭ ᠨᠢ ᠮᠠᠨᠤᠰ ᠤ᠋ᠨ ᠣᠰᠣᠯ ᠪᠣᠯᠵᠠᠢ᠃ ᠮᠠᠨᠳᠤᠮᠤᠢ ᠶ᠋ᠢᠨ ᠡᠨᠡ ᠬᠦ᠌ ᠬᠣᠪᠣᠷ ᠨᠠᠨᠳᠢᠨ ᠥᠭᠦᠯᠡᠯ ᠢ᠋ᠶ᠋ᠡᠷ ᠳᠠᠮᠵᠢᠭᠠᠳ᠂ ᠠᠭᠤᠯᠠᠨ ᠤ᠋ ᠴᠠᠭᠠᠨ᠎ᠠ ᠪᠠᠰᠠ ᠠᠭᠤᠯᠠᠰ ᠪᠠᠢᠳᠠᠭ ᠢ᠋ ᠰᠡᠷᠡᠵᠦ ᠮᠡᠳᠡᠵᠡᠢ᠃ ᠥᠨᠢ ᠤᠳᠠᠭᠠᠨ ᠲᠡᠦᠬᠡᠲᠦ ᠮᠣᠩᠭᠣᠯ ᠤᠷᠠᠨ ᠪᠢᠴᠢᠯᠭᠡ ᠨᠢ ᠬᠡᠳᠦᠢᠪᠡᠷ ᠠᠪᠢᠶᠠᠨ ᠦᠰᠦᠭ ᠪᠣᠯᠪᠠᠴᠤ᠂ ᠲᠡᠷᠡ ᠨᠢ ᠬᠠᠷᠢᠨ ᠮᠣᠷᠢᠲᠠᠨ ᠮᠣᠩᠭᠣᠯ ᠬᠥᠮᠦᠨ ᠲᠡᠢ ᠪᠡᠨ ᠠᠳᠠᠯᠢ᠂ ᠠᠪᠢᠶ᠎ᠠ ᠨᠢ ᠠᠪᠢᠶ᠎ᠠ ᠪᠠᠨ ᠵᠠᠢᠳᠠᠯᠠᠭᠰᠠᠨ ᠪᠣᠰᠤᠭ᠎ᠠ ᠴᠣᠭᠴᠠᠯᠠᠪᠤᠷᠢ ᠲᠠᠢ ᠤᠷᠠᠨ ᠪᠢᠴᠢᠯᠭᠡ ᠶ᠋ᠢᠨ ᠤᠷᠠᠯᠢᠭ ᠲᠤ᠌ ᠱᠠᠭᠠᠷᠳᠠᠭᠳᠠᠵᠤ ᠪᠦᠬᠦᠢ ᠨᠥᠬᠥᠴᠡᠯ ᠡᠯᠸᠮᠸᠨ᠋ᠲ ᠢ᠋ ᠦᠯᠡᠬᠡᠬᠦᠤ ᠲᠠᠢ ᠭᠡᠮᠡᠷ ᠪᠦᠷᠢᠯᠳᠦᠭᠦᠯᠦᠭᠰᠡᠨ ᠭᠠᠢᠬᠠᠮᠰᠢᠭ ᠲᠠᠢ ᠪᠠᠢᠳᠠᠭ ᠃ ᠡᠢᠮᠦ ᠡᠴᠡ ᠪᠢᠳᠡ ᠮᠣᠩᠭᠣᠯ ᠤᠷᠠᠨ ᠪᠢᠴᠢᠯᠭᠡ ᠪᠣᠯ ᠳᠣᠷᠣᠨᠠᠳᠠᠬᠢᠨ ᠤ᠋ ᠣᠨᠴᠠᠭᠠᠢ ᠤᠷᠠᠯᠢᠭ ᠤ᠋ᠨ ᠴᠢᠬᠤᠯᠠ ᠪᠦᠷᠢᠯᠳᠦᠬᠦᠨ ᠬᠡᠰᠡᠭ ᠮᠥᠨ ᠪᠣᠯᠬᠤ ᠶ᠋ᠢ ᠪᠢᠳᠡ ᠵᠥᠪᠰᠢᠶᠡᠷᠡᠬᠦ ᠶᠣᠰᠣᠲᠠᠢ 》 ᠭᠡᠮᠡᠨ ᠮᠠᠭᠠᠳᠯᠠᠵᠤ᠂ ᠮᠣᠩᠭᠣᠯ ᠤᠷᠠᠨ ᠪᠢᠴᠢᠯᠭᠡ ᠶ᠋ᠢᠨ ᠳᠤᠮᠳᠠᠳᠤ ᠤᠯᠤᠰ ᠤ᠋ᠨ ᠤᠷᠠᠨ ᠪᠢᠴᠢᠯᠭᠡ ᠶ᠋ᠢᠨ ᠡᠩᠨᠡᠭᠡᠨ ᠳ᠋ᠦ᠍ ᠪᠠᠢᠪᠠᠰᠤ ᠵᠣᠬᠢᠬᠤ ᠣᠷᠣᠨ ᠪᠠᠢᠷᠢ ᠶ᠋ᠢ ᠭᠦᠢᠴᠡᠳ ᠣᠯᠭᠤᠵᠠᠢ᠃ ᠲᠥᠷᠥ ᠶ᠋ᠢᠨ ᠳᠡᠰ ᠦ᠋ᠨ ᠬᠠᠮᠤᠭ ᠠᠩᠬᠠᠨ ᠤ᠋ ᠮᠣᠩᠭᠣᠯ ᠤᠷᠠᠨ ᠪᠢᠴᠢᠯᠭᠡ ᠶ᠋ᠢᠨ ᠱᠠᠩᠨᠠᠯ ᠬᠦᠷᠲᠡᠭᠰᠡᠨ ᠪᠠ ᠲᠤᠰ ᠥᠭᠦᠯᠡᠯ ᠦ᠋ᠨ ᠬᠦᠨᠳᠦ ᠴᠢᠬᠤᠯᠠ ᠦᠢᠯᠡᠳᠦᠯ ᠢ᠋ᠶ᠋ᠡᠷ ᠮᠠᠨᠳᠤᠮᠤᠢ ᠶ᠋ᠢ ᠲᠡᠷᠡ ᠳᠠᠷᠤᠢᠬᠠᠨ ᠳᠤᠮᠳᠠᠳᠤ ᠤᠯᠤᠰ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠭᠡᠰᠢᠭᠦᠨ ᠢ᠋ᠶ᠋ᠡᠷ ᠡᠯᠰᠡᠵᠡᠢ(ᠭᠡᠰᠢᠭᠦᠨ ᠦ᠌ ᠭᠡᠷᠡᠴᠢ ᠶ᠋ᠢᠨ 2731 ᠳ᠋ᠦ᠍ᠭᠡᠷ)᠃ ᠬᠤᠷᠠᠯ ᠠ᠋ᠴᠠ ᠬᠣᠢᠰᠢ ᠲᠤᠰ ᠥᠭᠦᠯᠡᠯ ᠢ᠋ 《 ᠤᠷᠠᠨ ᠪᠢᠴᠢᠯᠭᠡ ᠶ᠋ᠢᠨ ᠰᠢᠨ᠎ᠡ ᠥᠭᠦᠯᠡᠮᠵᠢ 》᠂《 ᠳᠤᠮᠳᠠᠳᠤ ᠤᠯᠤᠰ ᠤ᠋ᠨ ᠤᠷᠠᠨ ᠪᠢᠴᠢᠯᠭᠡ ᠰᠣᠨᠢᠨ 》᠂《 ᠳᠤᠮᠳᠠᠳᠤ ᠤᠯᠤᠰ ᠤ᠋ᠨ ᠤᠷᠠᠯᠢᠭ ᠰᠣᠨᠢᠨ 》 ᠬᠢᠭᠡᠳ 《 ᠭᠤᠸᠠᠩᠮᠢᠩ ᠡᠳᠦᠷ ᠦ᠋ᠨ ᠰᠣᠨᠢᠨ 》 ᠵᠡᠷᠭᠡ ᠨᠥᠯᠥᠭᠡ ᠶᠡᠬᠡ ᠲᠡᠢ ᠰᠣᠨᠢᠨ ᠰᠡᠳᠬᠦᠯ ᠦ᠋ᠳ ᠲᠦ᠍ ᠤᠳᠠᠭ᠎ᠠ ᠳᠠᠷᠠᠭᠠᠯᠠᠨ ᠨᠡᠢᠲᠡᠯᠡᠵᠦ᠂ ᠮᠣᠩᠭᠣᠯ ᠦᠨᠳᠦᠰᠦᠲᠡᠨ ᠪᠣᠯ ᠭᠢᠯᠠᠯᠵᠠᠮ᠎ᠠ ᠰᠣᠶᠣᠯ ᠤᠷᠠᠯᠢᠭ ᠲᠠᠢ ᠪᠠᠢᠭ᠎ᠠ ᠭᠡᠭᠴᠢ ᠶ᠋ᠢ ᠤᠯᠤᠰ ᠳᠠᠶᠠᠩ ᠳ᠋ᠤ᠌ ᠥᠷᠭᠡᠨ ᠢ᠋ᠶ᠋ᠡᠷ ᠰᠤᠷᠲᠠᠯᠴᠢᠯᠠᠨ ᠲᠠᠨᠢᠭᠤᠯᠤᠭᠰᠠᠨ ᠪᠠᠢᠳᠠᠭ᠃
ᠡᠢᠨᠬᠦ ᠤᠷᠠᠨ ᠪᠢᠴᠢᠯᠭᠡ ᠶ᠋ᠢᠨ ᠬᠠᠯᠠᠮᠰᠢᠯ ᠳ᠋ᠤ᠌ ᠣᠷᠣᠭᠰᠠᠨ ᠮᠠᠨᠳᠤᠮᠤᠢ᠂ ᠤᠯᠠᠭᠠᠨᠴᠠᠪ ᠠᠢᠮᠠᠭ ᠤ᠋ᠨ ᠬᠠᠮᠢᠶ᠎ᠠ ᠪᠦᠬᠦᠢ ᠳᠠᠷᠤᠭ᠎ᠠ ᠨᠣᠶᠠᠳ ᠢ᠋ ᠤᠷᠮᠠᠰᠢᠭᠤᠯᠵᠤ ᠪᠠᠢᠭᠠᠳ《ᠪᠦᠬᠦ ᠣᠷᠣᠨ ᠤ᠋ ᠠᠩᠬᠠᠳᠠᠭᠴᠢ ᠮᠣᠩᠭᠣᠯ ᠤᠷᠠᠨ ᠪᠢᠴᠢᠯᠭᠡ ᠶ᠋ᠢᠨ ᠦᠵᠡᠭᠦᠯᠦᠯᠭᠡ》ᠵᠢᠴᠢ《 ᠬᠠᠰᠴᠢᠯᠠᠭᠤ ᠶ᠋ᠢᠨ ᠤᠷᠠᠨ ᠪᠢᠴᠢᠯᠭᠡ ᠭᠣᠷ ᠰᠡᠢᠯᠦᠮᠡᠯ ᠦ᠋ᠨ ᠦᠵᠡᠭᠦᠯᠦᠯᠭᠡ》 ᠶ᠋ᠢ ᠲᠤᠰ ᠲᠤᠰ ᠵᠢᠨᠢᠩ ᠳ᠋ᠦ᠍ ᠶᠠᠪᠤᠭᠳᠠᠭᠤᠯᠤᠭᠰᠠᠨ ᠪᠢᠯᠡ᠃ ᠲᠡᠷᠡ ᠮᠥᠷᠲᠡᠭᠡᠨ ᠮᠠᠨᠳᠤᠮᠤᠢ ᠶ᠋ᠢᠨ ᠲᠡᠷᠡᠬᠦ ᠲᠤᠯᠭᠠᠭᠤᠷᠢ ᠥᠭᠦᠯᠡᠯ ᠢ᠋ᠶ᠋ᠡᠷ ᠨᠢᠷᠤᠭᠤᠪᠴᠢ ᠲᠠᠢᠯᠤᠮᠵᠢ ᠪᠣᠯᠭᠠᠭᠰᠠᠨ 《 ᠪᠦᠬᠦ ᠣᠷᠣᠨ ᠤ᠋ ᠮᠣᠩᠭᠣᠯ ᠬᠢᠲᠠᠳ ᠬᠠᠪᠰᠤᠷᠭᠠᠭᠰᠠᠨ ᠴᠢᠩᠭᠢᠰ ᠦ᠋ᠨ ᠪᠢᠯᠢᠭ ᠰᠤᠷᠭᠠᠯ ᠤᠷᠠᠨ ᠪᠢᠴᠢᠯᠭᠡ ᠶ᠋ᠢᠨ ᠦᠵᠡᠭᠦᠯᠦᠯᠭᠡ 》 ᠶ᠋ᠢ ᠣᠷᠣᠨ ᠪᠠ ᠨᠡᠢᠰᠯᠡᠯ ᠪᠡᠭᠡᠵᠢᠩ ᠳ᠋ᠦ᠍ ᠳᠡᠯᠭᠡᠨ ᠦᠵᠡᠭᠦᠯᠬᠦ ᠳ᠋ᠦ᠍ ᠴᠢᠬᠤᠯᠠ ᠨᠥᠬᠥᠴᠡᠯ ᠪᠦᠷᠢᠯᠳᠦᠭᠦᠯᠦᠭᠰᠡᠨ ᠥᠩᠭᠡᠷᠡᠯᠲᠡ ᠲᠡᠢ ᠪᠢᠯᠡ᠃ ᠳᠡᠭᠡᠷ᠎ᠡ ᠵᠠᠭᠤᠨ ᠤ᠋ ᠶᠡᠷᠡᠬᠡᠳ ᠣᠨ ᠠ᠋ᠴᠠ ᠨᠠᠭᠠᠰᠢ ᠮᠠᠨᠳᠤᠮᠤᠢ ᠶ᠋ᠢᠨ ᠲᠡᠷᠡᠬᠦ ᠥᠭᠦᠯᠡᠯ ᠨᠢ ᠶᠠᠫᠣᠨ ᠂ ᠰᠣᠯᠣᠩᠭᠣᠰ ᠂ ᠲᠠᠢᠸᠠᠨ ᠪᠣᠯᠤᠨ ᠵᠡᠭᠦᠨ ᠡᠮᠦᠨᠡᠲᠦ ᠠᠽᠢᠶ᠎ᠠ ᠶ᠋ᠢᠨ ᠤᠯᠤᠰ ᠣᠷᠣᠨ ᠤ᠋ ᠬᠠᠮᠢᠶ᠎ᠠ ᠪᠦᠬᠦᠢ ᠨᠢᠭᠡᠴᠡ ᠪᠣᠯᠤᠨ ᠬᠥᠮᠦᠰ ᠥᠪᠯᠡᠵᠦ ᠠᠪᠤᠭᠰᠠᠨ ᠮᠥᠷᠲᠡᠭᠡᠨ ᠲᠡᠭᠦᠨ ᠦ᠌ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠨᠢ ᠲᠡᠳᠡᠭᠡᠷ ᠤᠯᠤᠰ ᠣᠷᠣᠨ ᠪᠣᠯᠤᠨ ᠤᠯᠤᠰ ᠤ᠋ᠨ ᠳᠣᠲᠣᠭᠠᠳᠤ ᠳ᠋ᠤ᠌ ᠲᠠᠪᠤᠨ ᠵᠠᠭᠤ ᠭᠠᠷᠤᠢ ᠬᠤᠪᠢ ᠲᠠᠷᠬᠠᠭᠠᠭᠳᠠᠭᠰᠠᠨ ᠪᠠᠢᠨ᠎ᠠ᠃
ᠶᠡᠷᠡᠭᠡᠳ ᠣᠨ ᠤ᠋ ᠡᠴᠦᠰ ᠬᠦᠷᠲᠡᠯ᠎ᠡ ᠮᠠᠨᠳᠤᠮᠤᠢ ᠶ᠋ᠢᠨ ᠤᠷᠠᠨ ᠪᠢᠴᠢᠯᠭᠡ ᠠᠢᠮᠠᠭ ᠣᠷᠣᠨ ᠤᠯᠤᠰ ᠤ᠋ᠨ ᠳᠡᠰ ᠦ᠋ᠨ ᠱᠠᠩᠨᠠᠯ ᠢ᠋ ᠬᠦᠷᠲᠡᠵᠦ᠂ 2006 ᠣᠨ ᠳ᠋ᠤ᠌ ᠲᠤᠰ ᠥᠭᠦᠯᠡᠯ ᠨᠢ 《 ᠪᠦᠬᠦ ᠣᠷᠣᠨ ᠤ᠋ ᠲᠠᠯ᠎ᠠ ᠨᠤᠲᠤᠭ ᠤ᠋ᠨ ᠰᠣᠶᠣᠯ ᠤᠷᠠᠯᠢᠭ 》 ᠤ᠋ᠨ ᠨᠢᠭᠡᠳᠦᠭᠡᠷ ᠳᠡᠰ ᠦ᠋ᠨ ᠱᠠᠩᠨᠠᠯ ᠭᠠᠷᠳᠠᠵᠤ᠂ 2010 ᠣᠨ ᠳ᠋ᠤ᠌ ᠥᠪᠥᠷ ᠮᠣᠩᠭᠣᠯ ᠤ᠋ᠨ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠠ᠋ᠴᠠ ᠮᠠᠨᠳᠤᠮᠤᠢ ᠳ᠋ᠤ᠌《ᠰᠣᠶᠣᠯ ᠤᠷᠠᠯᠢᠭ ᠤ᠋ᠨ ᠭᠠᠷᠮᠠᠭᠠᠢ ᠵᠢᠳᠬᠦᠯᠲᠡᠨ》ᠬᠡᠮᠡᠬᠦ ᠦᠨᠡᠮᠯᠡᠯ ᠪᠣᠯᠤᠨ ᠠᠯᠲᠠᠨ ᠮᠸᠲᠠᠯ ᠣᠯᠭᠣᠵᠤ᠂ 2015 ᠣᠨ ᠳ᠋ᠤ᠌ ᠪᠦᠬᠦ ᠣᠷᠣᠨ ᠤ᠋ 《ᠤᠯᠠᠭᠠᠨᠬᠦᠦ ᠮᠣᠩᠭᠣᠯ ᠬᠡᠯᠡ ᠦᠰᠦᠭ ᠪᠢᠴᠢᠭ ᠦ᠋ᠨ ᠱᠠᠩᠨᠠᠯ》 ᠬᠦᠷᠲᠡᠵᠡᠢ᠃
ᠮᠠᠨᠳᠤᠮᠤᠢ ᠶ᠋ᠢᠨ ᠤᠷᠠᠨ ᠪᠢᠴᠢᠯᠭᠡ

