ᠡᠬᠡ ᠬᠡᠯᠡЭх хэл2024
ᠡᠬᠡ ᠬᠡᠯᠡ
ᠮᠣᠩᠭᠣᠯ ᠦᠭᠡ ᠬᠡᠯᠡ ᠦᠰᠦᠭ ᠪᠢᠴᠢᠭ ᠪᠣᠯ ᠮᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠂ ᠥᠪᠡᠷᠲᠡᠭᠡᠨ ᠵᠠᠰᠠᠬᠤ ᠡᠷᠬᠡ ᠪᠡᠨ ᠬᠡᠷᠡᠭᠵᠢᠭᠦᠯᠬᠦ ᠪᠠᠭᠠᠵᠢ ᠪᠣᠯᠤᠨ᠎ᠠ᠃ ᠥᠪᠡᠷ ᠦ᠋ᠨ ᠦᠭᠡ ᠬᠡᠯᠡ ᠪᠡᠨ ᠬᠠᠢᠷᠠᠯᠠᠨ ᠬᠦᠨᠳᠦᠯᠡᠵᠦ ᠰᠤᠷᠴᠤ ᠬᠡᠷᠡᠭᠯᠡᠵᠦ᠂ ᠨᠡᠩ ᠴᠠᠭᠠᠰᠢᠳᠠ ᠤᠯᠠᠮᠵᠢᠯᠠᠨ ᠳᠡᠯᠭᠡᠷᠡᠭᠦᠯᠬᠦ ᠨᠢ ᠮᠠᠨ ᠤ᠋ ᠮᠣᠩᠭᠣᠯᠴᠤᠳ ᠨᠢᠭᠡᠪᠦᠷᠢ ᠶ᠋ᠢᠨ ᠳᠠᠷᠬᠠᠨ ᠡᠭᠦᠷᠭᠡ ᠪᠠᠢᠬᠤ ᠶᠣᠰᠣᠲᠠᠢ᠃
ᠪᠢ ᠥᠪᠡᠷ ᠢ᠋ᠶ᠋ᠡᠨ ᠪᠣᠯ ᠮᠣᠩᠭᠣᠯ ᠪᠢᠴᠢᠭ ᠰᠤᠳᠤᠯᠤᠭᠰᠠᠨ᠂ ᠢᠩᠭᠢᠭᠡᠳ ᠮᠣᠩᠭᠣᠯ ᠪᠢᠴᠢᠭ ᠪᠣᠯᠪᠠᠯ ᠶᠠᠮᠠᠷ ᠪᠢᠴᠢᠭ ᠪᠣᠢ⁈ ᠭᠡᠪᠡᠯ ᠣᠳᠣ ᠳᠡᠯᠡᠬᠡᠢ ᠳᠡᠭᠡᠷᠡᠬᠢ ᠴᠣᠷ( ᠴᠣᠷᠢ) ᠶ᠋ᠢᠨ ᠭᠠᠭᠴᠠᠬᠠᠨ ᠬᠥᠮᠦᠨ ᠲᠡᠢ ᠪᠡᠨ ᠠᠳᠠᠯᠢ ᠪᠣᠰᠤᠭ᠎ᠠ ᠵᠣᠭᠰᠣᠭ᠎ᠠ ᠪᠢᠴᠢᠭ᠂ ᠢᠩᠭᠢᠭᠡᠳ ᠡᠨᠡ ᠲᠠᠯ᠎ᠠ ᠠ᠋ᠴᠠ ᠨᠢ᠂ ᠮᠣᠩᠭᠣᠯ ᠪᠢᠴᠢᠭ ᠦ᠋ᠨ ᠡᠨᠡ ᠲᠠᠯ᠎ᠠ ᠠ᠋ᠴᠠ ᠨᠢ ᠠᠪᠴᠤ ᠦᠵᠡᠯ᠎ᠡ ᠴᠦ᠍ ᠭᠡᠰᠡᠨ ᠮᠣᠩᠭᠣᠯ ᠪᠢᠴᠢᠭ ᠪᠣᠯ ᠮᠠᠨ ᠤ᠋ ᠦᠨᠳᠦᠰᠦᠲᠡᠨ ᠦ᠌ ᠪᠡᠯᠭᠡ ᠲᠡᠮᠳᠡᠭ ᠭᠡᠵᠦ ᠬᠡᠯᠡᠵᠦ ᠪᠣᠯᠤᠨ᠎ᠠ᠃ ᠰᠦᠯᠳᠡ ᠪᠢᠴᠢᠭ ᠭᠡᠵᠦ ᠬᠡᠯᠡᠵᠦ ᠪᠣᠯᠤᠨ᠎ᠠ᠃
ᠥᠨᠥᠳᠥᠷ ᠦ᠋ᠨ ᠬᠤᠪᠢ ᠳ᠋ᠤ᠌ ᠪᠢᠳᠡ ᠬᠡᠦᠬᠡᠳ ᠢ᠋ ᠪᠡᠨ ᠬᠥᠮᠦᠵᠢᠭᠦᠯᠬᠦ ᠶ᠋ᠢᠨ ᠬᠤᠪᠢ ᠳ᠋ᠤ᠌ ᠠᠪᠴᠤ ᠬᠡᠯᠡᠪᠡᠯ ᠭᠡᠷ ᠦ᠋ᠨ ᠬᠥᠮᠦᠵᠢᠯ ᠡᠴᠡ ᠭᠠᠳᠠᠨ᠎ᠠ᠂ ᠰᠤᠷᠭᠠᠭᠤᠯᠢ ᠶ᠋ᠢᠨ ᠬᠥᠮᠦᠵᠢᠯ᠂ ᠨᠡᠢᠭᠡᠮ ᠦ᠋ᠨ ᠬᠥᠮᠦᠵᠢᠯ ᠡᠨᠡ ᠭᠤᠷᠪᠠᠨ ᠬᠥᠮᠦᠵᠢᠯ ᠳ᠋ᠦ᠍ ᠬᠣᠯᠪᠣᠭᠳᠠᠭᠤᠯᠵᠤ ᠦᠵᠡᠬᠦ ᠶᠦᠮ ᠪᠣᠯᠪᠠᠯ᠂ ᠮᠣᠩᠭᠣᠯ ᠪᠢᠴᠢᠭ ᠢ᠋ᠶ᠋ᠡᠨ ᠰᠠᠢᠨ ᠰᠤᠷᠬᠤ ᠬᠡᠷᠡᠭᠲᠡᠢ᠃ ᠮᠣᠩᠭᠣᠯ ᠬᠡᠯᠡ ᠶ᠋ᠢ ᠪᠡᠨ ᠰᠠᠢᠨ ᠰᠤᠷᠬᠤ ᠬᠡᠷᠡᠭᠲᠡᠢ᠃
ᠡᠨᠡ ᠮᠣᠩᠭᠣᠯ ᠬᠡᠯᠡ ᠶ᠋ᠢ ᠢᠷᠠᠭᠤ ᠪᠠᠶᠠᠰᠬᠤᠯᠠᠩ ᠲᠠᠢ ᠡᠢᠮᠦ ᠰᠠᠢᠬᠠᠨ ᠮᠣᠩᠭᠣᠯ ᠬᠡᠯᠡ ᠶ᠋ᠢ ᠲᠡᠮᠳᠡᠭᠯᠡᠭᠰᠡᠨ᠂ ᠮᠠᠨ ᠤ᠋ ᠮᠣᠩᠭᠣᠯ ᠤ᠋ᠨ ᠪᠣᠰᠤᠭ᠎ᠠ ᠪᠢᠴᠢᠭ ᠪᠣᠯᠪᠠᠯ ᠴᠣᠷ( ᠴᠣᠷᠢ) ᠶ᠋ᠢᠨ ᠭᠠᠭᠴᠠᠬᠠᠨ ᠪᠢᠴᠢᠭ ᠶᠦᠮ ᠠ᠋! ᠭᠡᠬᠦ ᠳ᠋ᠦ᠍ ᠪᠡᠨ ᠡᠨᠡ ᠪᠣᠯᠪᠠᠯ ᠶᠠᠮᠠᠷ ᠪᠢᠴᠢᠭ ᠪᠠᠢᠨ᠎ᠠ ᠭᠡᠪᠡᠯ ᠬᠦᠴᠢᠷ ᠲᠡᠢ ᠪᠢᠰᠢ᠂ ᠰᠤᠷᠬᠤ ᠳ᠋ᠤ᠌ ᠮᠠᠰᠢ ᠠᠮᠠᠷᠬᠠᠨ᠂ ᠬᠢᠲᠠᠳ ᠪᠢᠴᠢᠭ ᠦ᠋ᠨ ᠵᠢᠷᠤᠯᠭ᠎ᠠ ᠨᠤᠭᠤᠳ ᠪᠣᠯᠪᠠᠯ᠂ ᠬᠢᠲᠠᠳ ᠢ᠋ᠶ᠋ᠠᠷ ᠣᠳᠣ《ᠪᠢ ᠬᠤᠸᠠ( ᠵᠢᠷᠤᠯᠭ᠎ᠠ)》 ᠭᠡᠵᠦ ᠬᠡᠯᠡᠭᠡᠳ ᠪᠠᠢᠳᠠᠭ᠂ ᠲᠡᠷᠡ ᠵᠢᠷᠤᠯᠭ᠎ᠠ ᠨᠤᠭᠤᠳ ᠪᠣᠯᠪᠠᠯ ᠮᠠᠰᠢ ᠣᠯᠠᠨ ᠪᠠᠢᠳᠠᠭ᠃ ᠭᠤᠴᠢᠨ ᠭᠤᠷᠪᠠ ᠪᠠᠢᠨ᠎ᠠ ᠭᠡᠰᠡᠨ ᠰᠢᠭ᠂ ᠭᠤᠴᠢᠨ ᠭᠤᠷᠪᠠ ᠠ᠋ᠴᠠ ᠴᠤ᠌ ᠢᠯᠡᠭᠦᠦ ᠪᠠᠢᠳᠠᠭ ᠴᠤ᠌ ᠶᠤᠮ ᠤᠤ⁈ ᠳᠡᠭᠡᠷ᠎ᠡ ᠨᠢ ᠪᠠᠰᠠ ᠣᠨᠴᠠᠭᠠᠢ ᠲᠡᠮᠳᠡᠭ ᠲᠡᠢ ᠪᠡᠨ ᠢᠯᠡᠭᠦᠦ ᠪᠠᠢᠳᠠᠭ ᠭᠡᠰᠡᠨ᠃
ᠮᠣᠩᠭᠣᠯ ᠪᠢᠴᠢᠭ ᠦ᠋ᠨ ᠵᠢᠷᠤᠯᠭ᠎ᠠ ᠪᠣᠯ ᠰᠠᠶᠢ ᠲᠠᠪᠤᠬᠠᠨ ᠰᠢᠦ! ᠲᠠᠪᠤᠬᠠᠨ ᠵᠢᠷᠤᠯᠭ᠎ᠠ ᠪᠠᠷ ᠬᠠᠮᠤᠭ ᠤ᠋ᠨ ᠠᠩᠬᠠᠨ ᠤ᠋ ᠠᠷᠪᠠᠨ ᠳᠦᠷᠪᠡᠭᠡᠨ ᠦᠰᠦᠭ ᠦ᠋ᠨ ᠲᠡᠮᠳᠡᠭ ᠢ᠋ ᠵᠣᠬᠢᠶᠠᠭᠠᠳ᠂ ᠡᠨᠡ ᠠᠷᠪᠠᠨ ᠳᠥᠷᠪᠡᠨ ᠦᠰᠦᠭ ᠦ᠋ᠨ ᠲᠡᠮᠳᠡᠭ ᠢ᠋ᠶ᠋ᠡᠷ ᠢ᠋ᠶ᠋ᠡᠨ ᠪᠦᠬᠦ ᠮᠣᠩᠭᠣᠯ ᠬᠡᠯᠡᠨ ᠦ᠌ ᠦᠭᠡ ᠶ᠋ᠢ ᠪᠦᠬᠦᠨ ᠢ᠋ ᠨᠢ ᠪᠦᠷᠢᠨ ᠣᠨᠣᠪᠴᠢᠲᠠᠢ ᠲᠡᠮᠳᠡᠭᠯᠡᠵᠦ ᠴᠢᠳᠠᠳᠠᠭ ᠡᠢᠮᠦ ᠪᠢᠴᠢᠭ! ᠢᠩᠭᠢᠭᠡᠳ ᠡᠢᠮᠦ ᠳᠥᠬᠥᠮᠬᠡᠨ ᠲᠠᠪᠤᠬᠠᠨ ᠵᠢᠷᠤᠯᠭ᠎ᠠ ᠲᠠᠢ ᠠᠷᠪᠠᠨ ᠳᠦᠷᠪᠡᠭᠡᠨ ᠲᠡᠮᠳᠡᠭ ᠲᠡᠢ ᠪᠠᠢᠵᠤ ᠪᠠᠢᠭᠰᠠᠨ ᠪᠢᠴᠢᠭ ᠢ᠋ ᠪᠡᠨ ᠪᠢᠳᠡ ᠤᠯᠠᠷᠢᠭᠤᠯᠤᠭᠠᠳ᠂ ᠥᠨᠥᠳᠥᠷ ᠦ᠋ᠨ ᠪᠢᠴᠢᠭ ᠲᠡᠢ ᠪᠢᠴᠢᠭ ᠪᠣᠯᠭᠠᠵᠤ ᠬᠡᠷᠡᠭᠵᠢᠭᠦᠯᠦᠭᠡᠳ ᠬᠡᠷᠡᠭᠯᠡᠭᠡᠳ ᠢᠷᠡᠭᠰᠡᠨ᠂ ᠡᠨᠡ ᠮᠠᠨ ᠤ᠋ ᠣᠮᠣᠭᠰᠢᠯ! ᠲᠡᠭᠡᠭᠡᠳ ᠡᠨᠡ ᠣᠮᠣᠭᠰᠢᠯ ᠢ᠋ᠶ᠋ᠠᠨ ᠪᠢᠳᠡ ᠬᠡᠦᠬᠡᠳ ᠲᠤ ᠪᠡᠨ ᠮᠡᠳᠡᠭᠦᠯᠬᠦ ᠬᠡᠷᠡᠭᠲᠡᠢ᠃ ᠭᠡᠷ ᠦ᠋ᠨ ᠠᠬᠠᠮᠠᠳ ᠪᠣᠯᠤᠭᠰᠠᠨ ᠤ᠋ ᠬᠤᠪᠢ ᠳ᠋ᠤ᠌ ᠪᠣᠯᠪᠠᠯ᠂ ᠭᠡᠷ ᠦ᠋ᠨ ᠬᠥᠮᠦᠵᠢᠯ ᠦ᠋ᠨ ᠬᠤᠪᠢ ᠳ᠋ᠤ᠌ ᠪᠣᠯᠪᠠᠯ᠂ ᠡᠵᠢ ᠠᠪᠤ ᠪᠣᠯᠤᠭᠰᠠᠨ ᠤᠯᠤᠰ ᠤ᠋ᠳ ᠪᠣᠯᠪᠠᠯ ᠡᠨᠡ ᠶᠣᠰᠣ ᠶ᠋ᠢ᠂ ᠶᠣᠰᠣ ᠤᠴᠢᠷ ᠢ᠋ ᠬᠡᠦᠬᠡᠳ ᠲᠤ᠂ ᠥᠪᠡᠷ ᠢ᠋ᠶ᠋ᠡᠨ ᠮᠡᠳᠡᠬᠦ ᠬᠡᠷᠡᠭᠲᠡᠢ᠂ ᠬᠡᠦᠬᠡᠳ ᠲᠤ ᠪᠡᠨ ᠮᠡᠳᠡᠭᠦᠯᠬᠦ ᠬᠡᠷᠡᠭᠲᠡᠢ᠃
ᠴᠢᠩᠭᠢᠪᠡᠯ ᠰᠤᠷᠭᠠᠭᠤᠯᠢ ᠶ᠋ᠢᠨ ᠰᠤᠷᠭᠠᠨ ᠬᠥᠮᠦᠵᠢᠯ ᠳ᠋ᠦ᠍ ᠠᠪᠴᠤ ᠬᠡᠯᠡᠪᠡᠯ᠂ ᠺᠣᠮᠫᠢᠦ᠋ᠲ᠋ᠧᠷ ᠰᠦᠯᠵᠢᠶ᠎ᠡ᠂ ᠢᠨᠲ᠋ᠧᠷᠨᠡᠲ ᠥᠷᠭᠡᠨ ᠬᠡᠮᠵᠢᠶᠡᠨ ᠳ᠋ᠦ᠍ ᠳᠡᠯᠡᠬᠡᠢ ᠶ᠋ᠢ ᠣᠳᠣ ᠬᠣᠯᠪᠣᠭᠰᠠᠨ ᠡᠢᠮᠦ ᠨᠢᠭᠡ ᠶᠠᠪᠤᠴᠠ ᠳ᠋ᠤ᠌ ᠣᠷᠣᠭᠠᠳ ᠪᠠᠢᠵᠤ ᠪᠠᠢᠭ᠎ᠠ᠂ ᠡᠢᠮᠦ ᠪᠠᠢᠳᠠᠯ ᠳᠣᠣᠷ᠎ᠠ ᠪᠢᠳᠡ ᠪᠢᠴᠢᠭ ᠲᠡᠢ ᠪᠡᠨ ᠪᠠᠢᠬᠤ ᠦᠭᠡᠢ ᠪᠣᠯᠬᠤ ᠦᠭᠡᠢ ᠭᠡᠰᠡᠨ ᠢ᠋ ᠪᠠᠭᠰᠢ ᠬᠥᠮᠦᠨ ᠮᠡᠳᠡᠬᠦ ᠬᠡᠷᠡᠭᠲᠡᠢ᠂ ᠪᠠᠭᠰᠢ ᠬᠥᠮᠦᠨ ᠰᠤᠷᠤᠭᠴᠢ ᠳ᠋ᠤ᠌ ᠪᠠᠨ ᠮᠡᠳᠡᠭᠦᠯᠬᠦ ᠬᠡᠷᠡᠭᠲᠡᠢ᠃ ᠲᠡᠭᠡᠪᠡᠯ ᠨᠡᠢᠭᠡᠮ ᠦ᠋ᠨ ᠬᠥᠮᠦᠰ ᠪᠣᠯᠤᠭᠰᠠᠨ ᠤ᠋ ᠬᠤᠪᠢ ᠳ᠋ᠤ᠌ ᠪᠢᠳᠡ ᠪᠠᠰᠠ ᠬᠠᠷᠢᠭᠤᠴᠠᠯᠭ᠎ᠠ ᠲᠠᠢ᠂ ᠨᠡᠢᠭᠡᠮ ᠦ᠋ᠨ ᠬᠥᠮᠦᠵᠢᠯ ᠪᠢᠳᠡ ᠪᠦᠭᠦᠳᠡᠭᠡᠷ ᠢ᠋ᠶ᠋ᠡᠨ ᠡᠴᠢᠭᠡ ᠡᠬᠡ ᠡᠴᠡ ᠪᠡᠨ ᠪᠦᠷᠢᠯᠳᠦᠭᠰᠡᠨ᠂ ᠡᠴᠢᠭᠡ ᠡᠬᠡ ᠶ᠋ᠢᠨ ᠦᠷ᠎ᠡ ᠬᠣᠢᠴᠢ ᠠ᠋ᠴᠠ ᠪᠦᠷᠢᠯᠳᠦᠭᠰᠡᠨ᠂ ᠡᠢᠮᠦ ᠬᠥᠮᠦᠰ ᠢ᠋ᠶ᠋ᠡᠷ ᠪᠦᠷᠢᠯᠳᠦᠭᠰᠡᠨ᠂ ᠴᠢᠩᠭᠢᠭᠡᠳ ᠮᠠᠨ ᠤ᠋ ᠮᠣᠩᠭᠣᠯᠴᠤᠳ ᠲᠤ ᠠᠪᠴᠤ ᠪᠢᠳᠡ ᠰᠣᠶᠣᠯ ᠢ᠋ᠶ᠋ᠠᠨ ᠠᠪᠴᠤ ᠦᠯᠡᠳᠡᠨ᠎ᠡ᠃
ᠬᠣᠷᠢᠨ ᠨᠢᠭᠡᠳᠦᠭᠡᠷ ᠵᠠᠭᠤᠨ ᠤ᠋ ᠮᠡᠳᠡᠯᠭᠡ ᠶ᠋ᠢᠨ ᠳᠡᠯᠪᠡᠷᠡᠯᠲᠡ ᠶ᠋ᠢᠨ ᠡᠨᠡ ᠨᠢᠭᠡ ᠬᠤᠭᠤᠴᠠᠭᠠᠨ ᠳ᠋ᠤ᠌ ᠡᠨᠡ ᠨᠢᠭᠡ ᠶᠠᠪᠤᠴᠠ ᠳ᠋ᠤ᠌ ᠣᠷᠣᠵᠤ ᠢᠷᠡᠭᠡᠳ ᠪᠢᠳᠡ ᠶᠠᠭᠤ ᠲᠠᠢ ᠦᠯᠡᠳᠡᠨ᠎ᠡ⁈ ᠪᠢᠳᠡ ᠪᠣᠯ ᠬᠡᠨ ᠪᠣᠢ⁈ ᠭᠡᠳᠡᠭ ᠢ᠋ ᠪᠡᠨ ᠬᠥᠮᠦᠨ ᠳ᠋ᠦ᠍ ᠮᠡᠳᠡᠭᠦᠯᠦᠶ᠎ᠡ ᠭᠡᠪᠡᠯ ᠬᠡᠯᠡ ᠲᠡᠢ ᠪᠡᠨ ᠦᠯᠡᠳᠡᠬᠦ ᠬᠡᠷᠡᠭᠲᠡᠢ᠃ ᠨᠡᠩ ᠴᠢᠬᠤᠯᠠ ᠨᠢ ᠥᠪᠡᠷ ᠦ᠋ᠨ ᠪᠡᠶ᠎ᠡ ᠲᠡᠢ ᠠᠳᠠᠯᠢ ᠮᠣᠩᠭᠣᠯ ᠪᠢᠴᠢᠭ ᠲᠡᠢ ᠪᠡᠨ ᠦᠯᠡᠳᠡᠬᠦ ᠬᠡᠷᠡᠭᠲᠡᠢ ᠭᠡᠵᠦ ᠪᠢ ᠪᠣᠳᠣᠳᠠᠭ᠃ ᠲᠡᠭᠡᠭᠡᠳ ᠪᠢᠳᠡ ᠡᠨᠡ ᠭᠤᠷᠪᠠᠨ ᠬᠥᠮᠦᠵᠢᠯ ᠢ᠋ ᠪᠣᠯᠪᠠᠯ᠂ ᠨᠡᠢᠭᠡᠮ ᠳᠠᠶᠠᠭᠠᠷ᠂ ᠨᠡᠢᠲᠡ ᠮᠣᠩᠭᠣᠯᠴᠤᠳ ᠲᠤ ᠪᠠᠨ ᠤᠬᠠᠭᠤᠯᠵᠤ ᠮᠡᠳᠡᠭᠦᠯᠵᠦ᠂ ᠠ᠋᠁ ᠮᠣᠩᠭᠣᠯ ᠬᠥᠮᠦᠨ ᠪᠣᠯᠬᠤ ᠶ᠋ᠢᠨ ᠬᠤᠪᠢ ᠳ᠋ᠤ᠌ ᠪᠢᠳᠡ ᠴᠢᠩᠭᠢᠰ ᠦ᠋ᠨ ᠮᠣᠩᠭᠣᠯ ᠭᠡᠵᠦ ᠥᠪᠡᠷ ᠢ᠋ ᠪᠡᠨ ᠣᠮᠣᠷᠬᠠᠵᠤ ᠪᠣᠳᠣᠵᠤ᠂ ᠪᠠᠷᠳᠠᠮᠨᠠᠵᠤ ᠪᠣᠳᠣᠵᠤ ᠶᠠᠪᠤᠬᠤ ᠨᠢ ᠪᠠᠬᠠᠷᠬᠠᠵᠤ ᠪᠣᠳᠣᠬᠤ ᠶ᠋ᠢᠨ ᠬᠤᠪᠢ ᠳ᠋ᠤ᠌ ᠪᠣᠯᠪᠠᠯ᠂ ᠪᠢᠴᠢᠭ ᠢ᠋ᠶ᠋ᠡᠷ ᠢ᠋ᠶ᠋ᠡᠨ ᠪᠠᠬᠠᠷᠬᠠᠬᠤ ᠬᠡᠷᠡᠭᠲᠡᠢ᠃
ᠡᠨᠡ ᠪᠢᠴᠢᠭ ᠪᠣᠯ ᠰᠠᠶᠢ ᠮᠠᠨ ᠤ᠋ ᠮᠣᠩᠭᠣᠯ ᠬᠥᠮᠦᠨ ᠦ᠌ ᠪᠡᠯᠭᠡ ᠲᠡᠮᠳᠡᠭ᠂ ᠪᠢᠳᠡ ᠮᠣᠩᠭᠣᠯ ᠢ᠋ᠶ᠋ᠠᠷ ᠢ᠋ᠶ᠋ᠠᠨ ᠪᠠᠢᠨ᠎ᠠ ᠭᠡᠰᠡᠨ ᠦ᠌ ᠪᠡᠯᠭᠡ ᠲᠡᠮᠳᠡᠭ᠂ ᠮᠣᠩᠭᠣᠯ ᠢ᠋ᠶ᠋ᠠᠷ ᠢ᠋ᠶ᠋ᠠᠨ ᠪᠠᠬᠠᠷᠬᠠᠨ᠎ᠠ ᠭᠡᠰᠡᠨ ᠦ᠌ ᠪᠡᠯᠭᠡ ᠲᠡᠮᠳᠡᠭ ᠭᠡᠵᠦ ᠪᠢ ᠪᠣᠳᠣᠳᠠᠭ ᠠ᠋!
ᠦᠰᠦᠭ ᠠᠮᠢᠯᠠᠭᠤᠯᠤᠭᠴᠢ᠄ ᠮᠥᠩᠬᠡ ᠭᠠᠯ
ᠦᠰᠦᠭ ᠬᠠᠳᠠᠭᠴᠢ᠄ ᠮᠥᠩᠬᠡ ᠭᠠᠯ
ᠬᠢᠨᠠᠭᠴᠢ᠄ ᠠᠯᠲᠠᠨᠴᠢᠮᠡᠭ᠂ ᠮᠥᠴᠢᠷ
