ᠮᠣᠩᠭᠣᠯᠴᠤᠳ 20 ᠳ᠋ᠤᠭᠠᠷ ᠵᠠᠭᠤᠨ ᠤ᠋ ᠡᠬᠢᠨ ᠳ᠋ᠦ᠍Монголчууд 20-р зууны эхэнд ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠩᠭᠣᠯᠴᠤᠳ 20 ᠳ᠋ᠤᠭᠠᠷ ᠵᠠᠭᠤᠨ ᠤ᠋ ᠡᠬᠢᠨ ᠳ᠋ᠦ᠍Монголчууд 20-р зууны эхэнд

ᠮᠣᠩᠭᠣᠯᠴᠤᠳ 20 ᠳ᠋ᠤᠭᠠᠷ ᠵᠠᠭᠤᠨ ᠤ᠋ ᠡᠬᠢᠨ ᠳ᠋ᠦ᠍Монголчууд 20-р зууны эхэнд

ᠠᠩᠭᠢᠯᠠᠯ:ᠲᠡᠦᠬᠡ ᠰᠣᠶᠣᠯ
2022-05-12

690

ᠲᠣᠪᠴᠢ ᠲᠠᠨᠢᠯᠴᠠᠭᠤᠯᠭ᠎ᠠ

ᠮᠣᠩᠭᠣᠯᠴᠤᠳ 20 ᠳ᠋ᠤᠭᠠᠷ ᠵᠠᠭᠤᠨ ᠤ᠋ ᠡᠬᠢᠨ ᠳ᠋ᠦ᠍ ᠵᠢᠷᠤᠭᠲᠤ ᠲᠡᠦᠬᠡ ᠶ᠋ᠢᠨ ᠨᠣᠮ ᠨᠢ ᠮᠣᠩᠰᠣᠳᠤᠷ ᠬᠡᠪᠯᠡᠯ ᠦ᠋ᠨ ᠭᠠᠵᠠᠷ ᠠ᠋ᠴᠠ ᠡᠷᠬᠢᠯᠡᠨ ᠭᠠᠷᠭᠠᠳᠠᠭ 《ᠮᠣᠩᠭᠣᠯᠴᠤᠳ》 ᠴᠤᠪᠤᠷᠠᠯ ᠤ᠋ᠨ ᠡᠬᠢᠨ ᠦ᠌ ᠪᠣᠳᠢ ᠪᠥᠭᠡᠳ ᠬᠣᠪᠣᠷ ᠲᠡᠦᠬᠡᠨ ᠭᠡᠷᠡᠯ ᠵᠢᠷᠤᠭ ᠢ᠋ᠶ᠋ᠠᠷ ᠪᠠᠶᠠᠵᠢᠭᠤᠯᠤᠭᠰᠠᠨ ᠪᠦᠬᠦ ᠨᠡᠢᠲᠡ ᠶ᠋ᠢᠨ ᠲᠡᠦᠬᠡ ᠶ᠋ᠢᠨ ᠪᠣᠯᠪᠠᠰᠤᠷᠠᠯ ᠳ᠋ᠤ᠌ ᠵᠣᠷᠢᠭᠤᠯᠤᠭᠰᠠᠨ ᠨᠣᠮ ᠶᠤᠮ᠃

ᠵᠠᠭᠤ ᠭᠠᠷᠤᠢ ᠵᠢᠯ ᠦ᠋ᠨ ᠲᠡᠷᠲᠡᠭᠡ ᠮᠣᠩᠭᠣᠯᠴᠤᠳ ᠪᠢᠳᠡᠨ ᠦ᠌ ᠢᠳᠡᠵᠦ ᠤᠤᠭᠤᠵᠤ᠂ ᠡᠮᠦᠰᠴᠦ᠂ ᠬᠡᠷᠡᠭᠯᠡᠵᠦ᠂ ᠶᠠᠮᠠᠷ ᠭᠡᠷ ᠲᠦ᠍ ᠠᠮᠢᠳᠤᠷᠠᠵᠤ᠂ ᠡᠨᠡ ᠶᠢᠷᠲᠢᠨᠴᠦ ᠶ᠋ᠢᠨ ᠬᠥᠮᠦᠰ ᠦ᠋ᠨ ᠠᠮᠢᠳᠤᠷᠠᠯ ᠢ᠋ ᠬᠡᠷᠬᠢᠨ ᠣᠢᠯᠠᠭᠠᠵᠤ᠂ ᠨᠡᠭᠦᠳᠡᠯᠴᠢᠨ ᠤᠯᠠᠮᠵᠢᠯᠠᠯ᠂ ᠤᠳᠤᠮ ᠰᠣᠶᠣᠯ ᠢ᠋ᠶ᠋ᠠᠨ ᠬᠡᠷᠬᠢᠨ ᠬᠠᠳᠠᠭᠠᠯᠠᠨ ᠠᠮᠢᠳᠤᠷᠠᠵᠤ ᠪᠠᠢᠪᠠ ᠭᠡᠳᠡᠭ ᠢ᠋ ᠡᠨᠡᠬᠦ ᠲᠡᠦᠬᠡᠨ ᠨᠣᠮ ᠳ᠋ᠤ᠌ ᠭᠡᠷᠡᠯ ᠵᠢᠷᠤᠭ ᠢ᠋ᠶ᠋ᠠᠷ ᠥᠭᠦᠯᠡᠬᠦ ᠶᠦᠮ᠃ ᠮᠥᠨ 20 ᠳ᠋ᠤᠭᠠᠷ ᠵᠠᠭᠤᠨ ᠤ᠋ ᠡᠬᠢ ᠪᠡᠷ ᠬᠣᠶᠠᠷ ᠵᠠᠭᠤ ᠭᠠᠷᠤᠢ ᠵᠢᠯ ᠮᠠᠨᠵᠤ ᠶ᠋ᠢᠨ ᠡᠷᠬᠡᠰᠢᠶᠡᠯ ᠳᠣᠣᠷ᠎ᠠ᠂ 《ᠮᠥᠬᠥᠵᠦ ᠪᠣᠢ ᠦᠨᠳᠦᠰᠦᠲᠡᠨ》 ᠬᠡᠮᠡᠭᠳᠡᠵᠦ ᠪᠠᠢᠭᠰᠠᠨ ᠮᠣᠩᠭᠣᠯᠴᠤᠳ ᠬᠡᠷᠬᠢᠨ ᠲᠤᠭᠤᠷᠭ᠎ᠠ ᠲᠤᠰᠠᠭᠠᠷ ᠤᠯᠤᠰ ᠪᠣᠯᠵᠤ᠂ ᠲᠥᠷᠥ ᠤᠯᠤᠰ ᠢ᠋ᠶ᠋ᠠᠨ ᠰᠡᠷᠭᠦᠭᠡᠨ ᠲᠥᠪᠬᠢᠨᠡᠭᠦᠯᠵᠦ ᠪᠠᠢᠭᠰᠠᠨ ᠦᠢᠯᠡ ᠶᠠᠪᠤᠳᠠᠯ ᠢ᠋ ᠲᠣᠳᠣᠷᠬᠠᠢ ᠬᠠᠷᠠᠭᠤᠯᠬᠤ ᠪᠣᠯᠤᠨ᠎ᠠ᠃

ᠡᠨᠡ ᠪᠦᠬᠦᠨ ᠲᠡᠢ ᠤᠩᠰᠢᠵᠤ ᠲᠠᠨᠢᠯᠴᠠᠭᠰᠠᠨ ᠢ᠋ᠶ᠋ᠠᠷ ᠲᠠ ᠮᠣᠩᠭᠣᠯ ᠬᠥᠮᠦᠨ ᠦ᠌ ᠠᠪᠬᠠᠯᠵᠢ ᠰᠠᠮᠪᠠᠭ᠎ᠠ᠂ ᠡᠶᠡᠯᠳᠡᠭ ᠰᠠᠢᠬᠠᠨ ᠰᠡᠳᠬᠢᠯ ᠢ᠋ ᠭᠠᠳᠠᠭᠠᠳᠤ ᠶ᠋ᠢᠨ ᠬᠢᠨ ᠬᠡᠷᠬᠢᠨ ᠦᠨᠡᠯᠡᠭᠰᠡᠨ ᠬᠢᠭᠡᠳ ᠮᠣᠩᠭᠣᠯ ᠬᠥᠮᠦᠰ ᠶᠠᠮᠠᠷ ᠰᠠᠪᠠᠭ᠎ᠠ ᠦᠭᠡᠢ᠂ ᠰᠣᠨᠢᠭᠤᠴᠢ ᠵᠠᠩ ᠲᠠᠢ ᠪᠠᠢᠭᠰᠠᠨ ᠢ᠋ ᠮᠡᠳᠡᠵᠦ ᠪᠣᠯᠬᠤ ᠠ᠋ᠴᠠ ᠭᠠᠳᠠᠨ᠎ᠠ ᠡᠬᠡ ᠪᠣᠯᠤᠭᠰᠠᠨ ᠪᠠᠢᠭᠠᠯᠢ ᠳᠡᠯᠡᠬᠡᠢ ᠪᠡᠨ ᠬᠠᠢᠷᠠᠯᠠᠳᠠᠭ ᠬᠥᠮᠦᠨᠯᠢᠭ᠂ ᠡᠨᠡᠷᠢᠩᠭᠦᠢ ᠨᠡᠭᠦᠳᠡᠯᠴᠢᠨ ᠲᠦᠮᠡᠨ ᠦ᠌ ᠡᠭᠡᠯ ᠠᠮᠢᠳᠤᠷᠠᠯ ᠤ᠋ᠨ ᠦᠨᠡᠨ ᠳᠦᠷᠢ ᠲᠥᠷᠬᠦ ᠶ᠋ᠢ ᠬᠠᠷᠠᠬᠤ ᠪᠣᠯᠤᠮᠵᠢ ᠲᠠᠢ ᠠᠵᠢ᠃