ᠮᠣᠩᠭᠣᠯ ᠦᠰᠦᠭ ᠢ᠋ᠶ᠋ᠡᠨ ᠰᠠᠢᠨ ᠰᠤᠷᠤᠶ᠎ᠠМонгол үсэгээ сайн соръё
( ᠬᠡᠦᠬᠡᠳ ᠦ᠋ᠨ ᠰᠢᠯᠦᠭ)
ᠪᠣᠰᠤᠭ᠎ᠠ ᠮᠣᠩᠭᠣᠯ ᠦᠰᠦᠭ ᠢ᠋ᠶ᠋ᠡᠨ
ᠪᠦᠷᠢᠮᠦᠰᠦᠨ ᠰᠠᠢᠨ ᠰᠤᠷᠤᠶ᠎ᠠ᠂
ᠪᠣᠯᠪᠠᠰᠤᠨ ᠮᠣᠩᠭᠣᠯ ᠰᠣᠶᠣᠯ ᠢ᠋ᠶ᠋ᠠᠷ ᠢ᠋ᠶ᠋ᠠᠨ
ᠪᠥᠮᠪᠥᠷᠴᠡᠭ ᠳᠡᠯᠡᠬᠡᠢ ᠪᠡᠨ ᠰᠤᠳᠤᠯᠤᠶ᠎ᠠ᠃
ᠵᠣᠭᠰᠣᠭ᠎ᠠ ᠮᠣᠩᠭᠣᠯ ᠦᠰᠦᠭ ᠢ᠋ᠶ᠋ᠡᠨ
ᠵᠠᠪᠠᠯ ᠴᠢᠷᠮᠠᠢᠨ ᠰᠤᠷᠤᠶ᠎ᠠ᠂
ᠵᠠᠭᠤᠨ ᠳᠠᠮᠵᠢᠭᠰᠠᠨ ᠦᠰᠦᠭ ᠢ᠋ᠶ᠋ᠡᠷ ᠢ᠋ᠶ᠋ᠡᠨ
ᠵᠣᠷᠢᠯᠭ᠎ᠠ ᠬᠦᠰᠡᠯ ᠢ᠋ᠶ᠋ᠡᠨ ᠪᠡᠶᠡᠯᠡᠭᠦᠯᠦᠶ᠎ᠡ᠃
ᠲᠩᠷᠢ ᠪᠣᠰᠤᠭ᠎ᠠ ᠦᠰᠦᠭ ᠢ᠋ᠶ᠋ᠡᠷ ᠢ᠋ᠶ᠋ᠡᠨ
ᠲᠠᠷᠢᠬᠢ ᠲᠣᠯᠣᠭᠠᠢ ᠪᠠᠨ ᠵᠡᠪᠰᠡᠭᠯᠡᠶᠡ᠂
ᠲᠥᠷᠥᠯᠬᠢ ᠮᠣᠩᠭᠣᠯ ᠰᠣᠶᠣᠯ ᠢ᠋ᠶ᠋ᠠᠷ ᠢ᠋ᠶ᠋ᠠᠨ
ᠲᠥᠷᠥ ᠭᠦᠷᠦᠨ ᠳ᠋ᠦ᠍ ᠪᠡᠨ ᠦᠢᠯᠡᠴᠢᠯᠡᠶ᠎ᠡ᠃
ᠤᠯᠠᠮᠵᠢᠯᠠᠯᠲᠤ ᠮᠣᠩᠭᠣᠯ ᠦᠰᠦᠭ ᠢ᠋ᠶ᠋ᠡᠨ
ᠣᠢᠭ᠎ᠠ ᠦᠭᠡᠢ ᠴᠢᠷᠮᠠᠢᠨ ᠰᠤᠷᠤᠶ᠎ᠠ᠂
ᠦᠨᠳᠦᠰᠦᠲᠡᠨ ᠦ᠌ ᠬᠡᠯᠡ ᠰᠣᠶᠣᠯ ᠢ᠋ᠶ᠋ᠠᠷ ᠢ᠋ᠶ᠋ᠠᠨ
ᠣᠷᠴᠢᠯᠠᠩ ᠳᠡᠯᠡᠬᠡᠢ ᠶ᠋ᠢ ᠰᠤᠳᠤᠯᠤᠶ᠎ᠠ᠃
ᠰᠣᠳᠣᠨ ᠮᠣᠩᠭᠣᠯ ᠦᠰᠦᠭ ᠢ᠋ᠶ᠋ᠡᠨ
ᠰᠢᠨᠲᠠᠷᠠᠰᠢ ᠦᠭᠡᠢ ᠴᠢᠷᠮᠠᠢᠨ ᠰᠤᠷᠤᠶ᠎ᠠ᠂
ᠰᠠᠢᠬᠠᠨ ᠮᠣᠩᠭᠣᠯ ᠰᠣᠶᠣᠯ ᠢ᠋ᠶ᠋ᠠᠷ ᠢ᠋ᠶ᠋ᠠᠨ
ᠰᠢᠨᠵᠢᠯᠡᠭᠡ ᠰᠤᠳᠤᠯᠭ᠎ᠠ ᠪᠠᠨ ᠬᠢᠵᠡᠭᠡᠶ᠎ᠡ᠃
ᠮᠣᠩᠭᠣᠯ ᠦᠰᠦᠭ ᠪᠢᠴᠢᠭ ᠢ᠋ᠶ᠋ᠡᠨ
ᠮᠢᠲᠠᠷᠠᠰᠢ ᠦᠭᠡᠢ ᠴᠢᠷᠮᠠᠢᠨ ᠰᠤᠷᠤᠶ᠎ᠠ᠂
ᠮᠥᠩᠬᠡ ᠣᠷᠣᠰᠢᠬᠤ ᠰᠣᠶᠣᠯ ᠢ᠋ᠶ᠋ᠠᠷ ᠢ᠋ᠶ᠋ᠠᠨ
ᠮᠥᠷᠥᠭᠡᠳᠦᠯ ᠬᠦᠰᠡᠯ ᠢ᠋ᠶ᠋ᠡᠨ ᠪᠡᠶᠡᠯᠡᠭᠦᠯᠦᠶ᠎ᠡ᠃
ᠦᠰᠦᠭ ᠠᠮᠢᠯᠠᠭᠤᠯᠤᠭᠴᠢ᠄ ᠮᠥᠩᠬᠡ ᠭᠠᠯ
ᠬᠢᠨᠠᠭᠴᠢ᠄ ᠣᠳᠬᠠᠨᠰᠤ᠎ᠠ
