ᠮᠡᠯᠡᠬᠡᠢ ᠶ᠋ᠢᠨ ᠲᠠᠷᠢᠶ᠎ᠠ( ᠮᠡᠯᠡᠬᠡᠢ ᠶ᠋ᠢᠨ ᠰᠠᠮᠪᠠᠢ)Мэлхийн тариа( мэлхийн самбай)

ᠮᠡᠯᠡᠬᠡᠢ ᠶ᠋ᠢᠨ ᠲᠠᠷᠢᠶ᠎ᠠ( ᠮᠡᠯᠡᠬᠡᠢ ᠶ᠋ᠢᠨ ᠰᠠᠮᠪᠠᠢ)
ᠦᠶᠡᠲᠦ ᠤᠷᠭᠤᠮᠠᠯ ᠤ᠋ᠨ ᠢᠵᠠᠭᠤᠷ
ᠨᠢᠭᠡ ᠨᠠᠰᠤᠲᠤ ᠡᠪᠡᠰᠦᠯᠢᠭ ᠤᠷᠭᠤᠮᠠᠯ᠂ ᠨᠠᠷᠢᠨ ᠰᠠᠬᠠᠯ ᠦᠨᠳᠦᠰᠦ ᠲᠡᠢ᠃ ᠰᠦᠷᠡᠯ ᠨᠢ 15—90cm ᠥᠨᠳᠥᠷ ᠰᠢᠯᠤᠭᠤᠨ ᠤᠷᠭᠤᠨ᠎ᠠ᠂ 2—4 ᠦᠶ᠎ᠡ ᠲᠡᠢ᠃ ᠨᠠᠪᠴᠢᠨ ᠤ᠋ ᠲᠣᠭᠳᠣᠢ ᠨᠢ ᠶᠡᠷᠦ ᠳ᠋ᠡᠭᠡᠨ ᠦᠶ᠎ᠡ ᠶ᠋ᠢᠨ ᠵᠠᠢ ᠠ᠋ᠴᠠ ᠤᠷᠲᠤ᠂ ᠦᠰᠦ ᠦᠭᠡᠢ᠃ ᠨᠠᠪᠴᠢᠨ ᠤ᠋ ᠬᠡᠯᠡ ᠨᠢ ᠲᠤᠩᠭᠠᠯᠠᠭ ᠲᠣᠷᠭᠠᠨ ᠬᠠᠯᠢᠰᠤᠯᠢᠭ᠂3—8 mm ᠤᠷᠲᠤ; ᠨᠠᠪᠴᠢ ᠨᠢ ᠲᠡᠭᠰᠢᠬᠡᠨ ᠬᠠᠪᠲᠠᠭᠠᠢ᠂ 5—20cm ᠤᠷᠲᠤ᠂ 3—10mm ᠥᠷᠭᠡᠨ᠂ ᠠᠷᠵᠠᠭᠠᠷ ᠪᠤᠶᠤ ᠠᠷᠤ ᠨᠢ ᠭᠢᠯᠦᠭᠡᠷ᠃ ᠱᠣᠷᠣᠯᠵᠢᠨ ᠬᠡᠯᠪᠡᠷᠢᠲᠦ ᠪᠠᠭ ᠴᠡᠴᠡᠭ ᠨᠢ ᠨᠠᠷᠢᠬᠠᠨ᠂10—30 cm ᠤᠷᠲᠤ᠂ ᠲᠡᠩᠭᠡᠯᠢᠭ ᠢ᠋ᠶ᠋ᠡᠨ ᠨᠠᠭᠠᠯᠳᠤᠨ ᠤᠷᠭᠤᠭᠰᠠᠨ ᠪᠤᠶᠤ ᠲᠠᠰᠢᠭᠤᠯᠠᠵᠤ ᠳᠡᠭᠡᠭᠰᠢ ᠤᠷᠭᠤᠭᠰᠠᠨ ᠣᠯᠠᠨ ᠣᠬᠣᠷ ᠲᠦᠷᠦᠭᠦᠦ ᠬᠡᠯᠪᠡᠷᠢᠲᠦ ᠪᠠᠭ ᠴᠡᠴᠡᠭ ᠢᠶᠡᠷ ᠪᠦᠷᠢᠯᠳᠦᠵᠡᠢ; ᠵᠢᠵᠢᠭ ᠲᠦᠷᠦᠭᠦᠦ ᠨᠢ ᠶᠡᠷᠦ ᠳ᠋ᠡᠭᠡᠨ ᠨᠢᠭᠡ ᠯᠡ ᠴᠡᠴᠡᠭ ᠲᠡᠢ᠂ ᠬᠠᠪᠲᠠᠭᠠᠢ ᠲᠣᠭᠣᠷᠢᠭ᠂ ᠴᠠᠢᠪᠤᠷ ᠨᠣᠭᠣᠭᠠᠨ᠂ 3mm ᠤᠷᠲᠤ᠂ ᠲᠦᠷᠦᠭᠦᠦ ᠶ᠋ᠢᠨ ᠲᠡᠩᠬᠡᠯᠢᠭ ᠦ᠋ᠨ ᠨᠢᠭᠡ ᠲᠠᠯ᠎ᠠ ᠳ᠋ᠤ᠌ ᠬᠣᠶᠠᠷ ᠮᠥᠷ ᠢ᠋ᠶ᠋ᠡᠷ ᠸᠠᠭᠠᠷᠯᠠᠨ ᠪᠠᠢᠷᠢᠯᠠᠨ᠎ᠠ᠂ ᠪᠣᠯᠪᠠᠰᠤᠷᠠᠪᠠᠯ ᠬᠠᠯᠢᠰᠤ ᠲᠠᠢ ᠪᠠᠨ ᠬᠠᠮᠲᠤ ᠤᠨᠠᠳᠠᠭ; ᠬᠠᠯᠢᠰᠤ ᠨᠢ ᠡᠪᠡᠰᠦᠯᠢᠭ᠂ ᠨᠢᠮᠭᠡᠨ ᠬᠥᠪᠡᠭᠡ ᠲᠡᠢ᠂ ᠭᠦᠢᠬᠡᠨ ᠬᠥᠨᠳᠡᠯᠡᠨ ᠠᠷᠲᠠᠢ; ᠭᠠᠳᠠᠷ ᠬᠡᠪᠡᠭ ᠨᠢ ᠬᠠᠪᠲᠠᠭᠠᠢ ᠲᠠᠪᠠᠨ᠎ᠠ ᠬᠡᠯᠪᠡᠷᠢ ᠲᠡᠢ᠂ ᠲᠠᠪᠤᠨ ᠰᠤᠳᠠᠯ ᠲᠠᠢ᠂ ᠶᠡᠷᠦ ᠳ᠋ᠡᠭᠡᠨ ᠬᠠᠯᠢᠰᠤ ᠠ᠋ᠴᠠ ᠭᠠᠳᠠᠭᠰᠢ ᠴᠤᠬᠤᠢᠨ ᠭᠠᠷᠳᠠᠭ ᠣᠬᠣᠷ ᠱᠣᠪᠣᠭᠣᠷ ᠦᠵᠦᠭᠦᠷ ᠲᠡᠢ; ᠳᠣᠲᠣᠷ ᠬᠡᠪᠡᠭ ᠨᠢ ᠭᠠᠳᠠᠷ ᠬᠡᠪᠡᠭ ᠡᠴᠡ ᠪᠠᠬᠠᠨ ᠣᠬᠣᠷ; ᠡᠷ᠎ᠡ ᠲᠣᠭᠣᠷᠴᠣᠭ ᠨᠢ ᠭᠤᠷᠪᠠ;ᠲᠣᠭᠣᠰᠣᠪᠴᠢ ᠨᠢ ᠰᠢᠷ᠎ᠠ᠂ 1mm ᠤᠷᠲᠤ᠃
ᠤᠰᠤᠨ ᠤ᠋ ᠬᠠᠵᠠᠭᠤ ᠶ᠋ᠢᠨ ᠴᠢᠭᠢᠭᠲᠡᠢ ᠨᠣᠢᠲᠠᠨ ᠭᠠᠵᠠᠷ ᠳᠤ ᠤᠷᠭᠤᠨ᠎ᠠ᠃
ᠮᠠᠨ ᠤ ᠤᠯᠤᠰ ᠦ᠋ᠨ ᠡᠯ᠎ᠡ ᠮᠤᠵᠢ ᠣᠷᠣᠨ ᠳ᠋ᠤ ᠪᠦᠷ ᠤᠷᠭᠤᠳᠠᠭ᠃ᠴᠢᠨᠠᠷ ᠰᠠᠢᠨ ᠪᠣᠷᠳᠣᠭ᠎ᠠ ᠡᠪᠡᠰᠦ᠃ ᠠᠮᠤ ᠵᠢᠮᠢᠰ ᠢ᠋ ᠨᠢ ᠪᠤᠳᠠᠭ᠎ᠠ ᠪᠣᠯᠭᠠᠨ ᠢᠳᠡᠪᠡᠯ ᠬᠣᠳᠣᠭᠣᠳᠣ ᠶ᠋ᠢ ᠰᠠᠢᠵᠢᠷᠠᠭᠤᠯᠬᠤ ᠦᠢᠯᠡᠳᠦᠯ ᠲᠡᠢ᠃
ᠬᠢᠲᠠᠳ ᠨᠡᠷ᠎ᠡ᠄菵草
ᠠᠩᠭ᠌ᠯᠢ ᠨᠡᠷ᠎ᠡ᠄Beckmannia syzigachne (Steud.) Fem.
ᠦᠰᠦᠭ ᠠᠮᠢᠯᠠᠭᠤᠯᠤᠭᠴᠢ᠄ ᠡᠷᠳᠡᠨᠢᠭᠣᠤ᠎ᠠ
ᠬᠢᠨᠠᠭᠴᠢ᠄ ᠫᠣ· ᠴᠠᠭᠠᠨ
