ᠠᠮᠧᠷᠢᠺᠠ ᠶ᠋ᠢᠨ ᠨᠢᠭᠡᠳᠦᠭᠰᠡᠨ ᠤᠯᠤᠰ ᠤ᠋ᠨ ᠲᠥᠷᠥ ᠶ᠋ᠢᠨ ᠨᠠᠷᠢᠨ ᠪᠢᠴᠢᠭ ᠦ᠋ᠨ ᠳᠠᠷᠤᠭ᠎ᠠ ᠡᠩᠲᠣᠨᠢ ᠵ ∙ ᠪᠯᠢᠨᠺᠧᠨ ᠮᠣᠩᠭᠣᠯ ᠳ᠋ᠤ᠌ ᠠᠢᠯᠴᠢᠯᠠᠨ᠎ᠠАНУ-ын Төрийн нарийн бичгийн дарга Энтони Ж.Блинкен Монголд айлчилна

ᠭᠠᠳᠠᠭᠠᠳᠤ ᠬᠠᠷᠢᠯᠴᠠᠭᠠᠨ ᠤ᠋ ᠰᠠᠢᠳ ᠪ ∙ ᠪᠠᠲᠤᠴᠡᠴᠡᠭ ᠦ᠋ᠨ ᠤᠷᠢᠯᠭ᠎ᠠ ᠪᠠᠷ ᠠᠮᠧᠷᠢᠺᠠ ᠶ᠋ᠢᠨ ᠨᠢᠭᠡᠳᠦᠭᠰᠡᠨ ᠤᠯᠤᠰ ᠤ᠋ᠨ ᠲᠥᠷᠥ ᠶ᠋ᠢᠨ ᠨᠠᠷᠢᠨ ᠪᠢᠴᠢᠭ ᠦ᠋ᠨ ᠳᠠᠷᠤᠭ᠎ᠠ ᠡᠷᠬᠢᠮᠰᠦᠭ ᠨᠣᠶᠠᠨ ᠡᠩᠲᠣᠨᠢ ᠵ ∙ ᠪᠯᠢᠨᠺᠧᠨ 2024 ᠣᠨ ᠤ᠋ ᠨᠠᠢ᠍ᠮᠠᠳᠤᠭᠠᠷ ᠰᠠᠷ᠎ᠠ ᠶ᠋ᠢᠨ 1 ᠦ᠌ ᠡᠳᠦᠷ ᠮᠣᠩᠭᠣᠯ ᠤᠯᠤᠰ ᠲᠤ᠌ ᠠᠯᠪᠠᠨ ᠶᠣᠰᠣᠨ ᠤ᠋ ᠠᠢᠯᠴᠢᠯᠠᠯ ᠬᠢᠨ᠎ᠡ᠃
ᠠᠮᠧᠷᠢᠺᠠ ᠶ᠋ᠢᠨ ᠨᠢᠭᠡᠳᠦᠭᠰᠡᠨ ᠤᠯᠤᠰ ᠤ᠋ᠨ ᠲᠥᠷᠥ ᠶ᠋ᠢᠨ ᠨᠠᠷᠢᠨ ᠪᠢᠴᠢᠭ ᠦ᠋ᠨ ᠳᠠᠷᠤᠭ᠎ᠠ ᠡᠩᠲᠣᠨᠢ ᠵ ∙ ᠪᠯᠢᠨᠺᠧᠨ ᠠᠢᠯᠴᠢᠯᠠᠯ ᠤ᠋ᠨ ᠢ᠋ᠶ᠋ᠠᠨ ᠬᠦᠷᠢᠶᠡᠨ ᠳ᠋ᠦ᠍ ᠮᠣᠩᠭᠣᠯ ᠤᠯᠤᠰ ᠤ᠋ᠨ ᠶᠡᠷᠦᠩᠬᠡᠢᠯᠡᠭᠴᠢ ᠤ᠊᠂ᠬᠦᠷᠡᠯᠰᠦ᠋ᠬᠡ ᠪᠣᠯᠤᠨ ᠶᠡᠷᠦᠩᠬᠡᠢ ᠰᠠᠢᠳ ᠯ ∙ᠣᠶᠤᠨ-ᠡᠷᠳᠡᠨᠢ ᠨᠠᠷ ᠲᠠᠢ ᠲᠤᠰ ᠲᠤᠰ ᠪᠠᠷᠠᠭᠠᠯᠠᠨᠠ᠃ ᠭᠠᠳᠠᠭᠠᠳᠤ ᠬᠠᠷᠢᠯᠴᠠᠭᠠᠨ ᠤ᠋ ᠰᠠᠢᠳ ᠪ ∙ ᠪᠠᠲᠤᠴᠡᠴᠡᠭ᠂ ᠲᠥᠷᠥ ᠶ᠋ᠢᠨ ᠨᠠᠷᠢᠨ ᠪᠢᠴᠢᠭ ᠦ᠋ᠨ ᠳᠠᠷᠤᠭ᠎ᠠ ᠵ ∙ ᠪᠯᠢᠨᠺᠧᠨ ᠨᠠᠷ ᠠᠯᠪᠠᠨ ᠶᠣᠰᠣᠨ ᠤ᠋ ᠬᠡᠯᠡᠯᠴᠡᠭᠡ ᠬᠢᠨ᠎ᠡ᠃
ᠠᠮᠧᠷᠢᠺᠠ ᠶ᠋ᠢᠨ ᠨᠢᠭᠡᠳᠦᠭᠰᠡᠨ ᠤᠯᠤᠰ ᠤ᠋ᠨ ᠲᠥᠷᠥ ᠶ᠋ᠢᠨ ᠨᠠᠷᠢᠨ ᠪᠢᠴᠢᠭ ᠦ᠋ᠨ ᠳᠠᠷᠤᠭ᠎ᠠ ᠶ᠋ᠢᠨ ᠲᠦᠪᠰᠢᠨ ᠳ᠋ᠦ᠍ ᠮᠣᠩᠭᠣᠯ ᠤᠯᠤᠰ ᠲᠤ᠌ 8 ᠵᠢᠯ ᠦ᠋ᠨ ᠳᠠᠷᠠᠭ᠎ᠠ ᠬᠡᠷᠡᠭᠵᠢᠭᠦᠯᠬᠦ ᠡᠨᠡᠬᠦ ᠠᠢᠯᠴᠢᠯᠠᠯ ᠨᠢ ᠬᠣᠶᠠᠷ ᠤᠯᠤᠰ ᠤ᠋ᠨ ᠰᠲ᠋ᠷᠠᠲ᠋ᠧᠭᠢ ᠶ᠋ᠢᠨ ᠭᠤᠷᠪᠠᠳᠠᠭᠴᠢ ᠬᠦᠷᠰᠢ ᠶ᠋ᠢᠨ ᠲᠦᠩᠰᠢᠯᠡᠯ ᠢ᠋ ᠤᠯᠠᠮ ᠪᠠᠲᠤᠳᠬᠠᠨ ᠪᠡᠬᠢᠵᠢᠭᠦᠯᠬᠦ ᠪᠥᠭᠡᠳ ᠰᠠᠢᠬᠠᠨ ᠵᠣᠬᠢᠶᠠᠨ ᠪᠠᠢᠭᠤᠯᠤᠭᠳᠠᠭᠰᠠᠨ ᠢᠵᠢ ᠪᠦᠷᠢᠨ ᠰᠲ᠋ᠷᠠᠲ᠋ᠧᠭᠢ ᠶ᠋ᠢᠨ ᠶᠠᠷᠢᠶ᠎ᠠ ᠬᠡᠯᠡᠯᠴᠡᠭᠡᠨ ᠦ᠌ ᠦᠶ᠎ᠡ ᠪᠡᠷ ᠶᠠᠷᠢᠵᠤ ᠲᠣᠬᠢᠷᠠᠯᠴᠠᠭᠰᠠᠨ ᠬᠠᠮᠲᠤ ᠶ᠋ᠢᠨ ᠠᠵᠢᠯᠯᠠᠭᠠᠨ ᠤ᠋ ᠠᠰᠠᠭᠤᠳᠠᠯ ᠤ᠋ᠳ ᠢ᠋ ᠦᠷᠭᠦᠯᠵᠢᠯᠡᠭᠦᠯᠦᠨ ᠪᠣᠳᠠᠲᠤ ᠦᠷ᠎ᠡ ᠳ᠋ᠦᠩ ᠳ᠋ᠦ᠍ ᠬᠦᠷᠭᠡᠬᠦ ᠳ᠋ᠦ᠍ ᠴᠢᠬᠤᠯᠠ ᠠᠴᠢ ᠬᠣᠯᠪᠣᠭᠳᠠᠯ ᠲᠠᠢ ᠶᠤᠮ᠃
