ᠠᠷᠭᠠᠯ ᠤᠨ ᠬᠡᠷᠡᠭᠴᠡᠭᠡ ᠦᠢᠯᠡᠳᠦᠯ- ᠷᠠ᠊· ᠴᠢᠯᠠᠭᠤАргалын хэрэгцээ үйлдэл-Ра Чулуу

ᠠᠷᠭᠠᠯ ᠤᠨ ᠬᠡᠷᠡᠭᠴᠡᠭᠡ ᠦᠢᠯᠡᠳᠦᠯ
ᠷᠠ᠊· ᠴᠢᠯᠠᠭᠤ
ᠠᠷᠭᠠᠯ ᠬᠣᠷᠭᠣᠯ ᠭᠡᠳᠡᠭ ᠪᠣᠯ ᠨᠡᠭᠦᠳᠡᠯ ᠮᠠᠯᠵᠢᠯ ᠤ᠋ᠨ ᠠᠮᠢᠳᠤᠷᠠᠯ ᠳ᠋ᠤ᠌ ᠳᠤᠲᠠᠭᠳᠠᠵᠤ ᠪᠣᠯᠣᠰᠢ ᠦᠭᠡᠢ ᠴᠢᠬᠤᠯᠠ ᠬᠡᠷᠡᠭᠯᠡᠭᠡᠨ ᠦ᠌ ᠵᠦᠢᠯ ᠪᠣᠯᠬᠤ ᠶᠤᠮ᠃
ᠥᠩᠭᠡᠷᠡᠭᠰᠡᠨ ᠵᠠᠭᠤᠨ ᠳ᠋ᠤ᠌ ᠮᠠᠯᠵᠢᠬᠤ ᠣᠷᠣᠨ ᠤ᠋ ᠮᠠᠯᠴᠢᠳ᠂ ᠵᠢᠯ ᠦ᠋ᠨ ᠳᠥᠷᠪᠡᠨ ᠤᠯᠠᠷᠢᠯ ᠢ᠋ᠶ᠋ᠠᠷ ᠣᠲᠣᠷ ᠨᠡᠭᠦᠳᠡᠯ ᠶᠠᠪᠤᠵᠤ ᠪᠡᠯᠴᠢᠭᠡᠷ ᠦ᠋ᠨ ᠮᠠᠯ ᠠᠵᠤ ᠠᠬᠤᠢ ᠪᠠᠷ ᠭᠣᠣᠯᠯᠠᠭᠰᠠᠨ᠂ ᠬᠥᠳᠡᠭᠡ ᠨᠤᠲᠤᠭ ᠲᠤ ᠡᠪᠦᠯ ᠵᠤᠨ ᠭᠡᠵᠦ ᠢᠯᠭᠠᠯ ᠦᠭᠡᠢ ᠣᠲᠣᠷ ᠬᠠᠢᠳᠠᠭ ᠶᠠᠪᠤᠵᠤ ᠪᠠᠢᠬᠤ ᠳ᠋ᠤ᠌ ᠠᠷᠭᠠᠯ ᠬᠣᠷᠭᠣᠯ ᠢ᠋ᠶ᠋ᠠᠷ ᠥᠷᠥᠭᠡ ᠪᠡᠨ ᠳᠤᠯᠠᠭᠠᠴᠠᠭᠤᠯᠵᠤ᠂ ᠬᠣᠭᠣᠯᠠ ᠪᠤᠳᠠᠭ᠎ᠠ ᠪᠠᠨ ᠪᠣᠯᠭᠣᠭᠠᠵᠤ ᠪᠤᠯᠭᠢᠵᠤ ᠠᠵᠢᠯᠯᠠᠵᠤ ᠠᠮᠢᠳᠤᠷᠠᠵᠤ ᠪᠠᠢᠪᠠ᠃
ᠠᠷᠭᠠᠯ ᠬᠣᠷᠭᠣᠯ ᠨᠢ ᠡᠳᠦᠷ ᠳᠣᠳᠣᠮ ᠤ᠋ᠨ ᠠᠮᠢᠳᠤᠷᠠᠯ ᠳ᠋ᠤ᠌ ᠴᠢᠬᠤᠯᠠ ᠵᠦᠢᠯ ᠪᠠᠢᠭᠰᠠᠨ ᠢ᠋ᠶ᠋ᠠᠷ ᠪᠠᠷᠠᠬᠤ ᠦᠭᠡᠢ ᠪᠠᠰᠠ ᠠᠰ ᠠᠰᠲᠠᠭᠠᠨ ᠨᠡᠷᠡᠢᠳᠦᠯ ᠬᠡᠯᠡᠯᠭᠡ ᠲᠡᠢ ᠪᠠᠢᠭᠰᠠᠨ ᠶᠤᠮ᠃ ᠵᠢᠱ᠌ᠢᠶᠡᠯᠡᠬᠦ ᠳ᠋ᠦ᠍—— ᠬᠠᠪᠤᠷ ᠤ᠋ᠨ ᠬᠠᠷ᠎ᠠ ᠠᠷᠭᠠᠯ᠂ ᠵᠤᠨ ᠤ᠋ ᠴᠠᠭᠠᠨ ᠠᠷᠭᠠᠯ᠂ ᠭᠦᠶᠦᠳᠡᠭ᠂ ᠭᠦᠢᠳᠡᠰᠦ᠂ ᠨᠣᠭᠣᠭᠠᠨ ᠤ᠋ ᠰᠢᠩᠭᠡᠨ᠂ ᠨᠠᠮᠤᠷ ᠤ᠋ᠨ ᠬᠠᠯᠲᠠᠷ ᠠᠷᠭᠠᠯ᠂ ᠡᠪᠦᠯ ᠦ᠋ᠨ (ᠬᠥᠬᠡ ᠠᠷᠭᠠᠯ) ᠵᠥᠭᠡᠯᠡᠨ ᠰᠢᠷ᠎ᠠ ᠠᠷᠭᠠᠯ ᠴᠤ ᠭᠡᠳᠡᠭ᠂ ᠡᠨᠡᠬᠦ ᠳᠥᠷᠪᠡᠨ ᠤᠯᠠᠷᠢᠯ ᠤ᠋ᠨ ᠠᠷᠭᠠᠯ ᠨᠢ ᠲᠤᠰ ᠲᠤᠰ ᠲᠠᠭᠠᠨ ᠣᠨᠴᠠᠯᠢᠭ ᠦᠢᠯᠡᠳᠦᠯ ᠲᠡᠢ ᠪᠠᠢᠳᠠᠭ ᠶᠤᠮ᠃ ᠬᠠᠪᠤᠷ ᠤ᠋ᠨ ᠬᠠᠲᠠᠭᠤ ᠬᠠᠷ᠎ᠠ ᠠᠷᠭᠠᠯ ᠪᠣᠯ ᠡᠪᠦᠯ ᠲᠦᠯᠡᠬᠦ ᠳ᠋ᠦ᠍ ᠢᠯᠴᠢ ᠰᠠᠢᠲᠠᠢ ᠦᠨᠡᠰᠦ ᠪᠠᠭ᠎ᠠ ᠭᠠᠷᠳᠠᠭ᠂ ᠵᠤᠨ ᠤ᠋ ᠴᠠᠭᠠᠨ ᠠᠷᠭᠠᠯ᠂ (ᠨᠣᠭᠣᠭᠠᠨ ᠤ᠋ ᠰᠢᠩᠭᠡᠨ) ᠪᠣᠯ ᠬᠤᠷᠢᠶᠠᠭᠰᠠᠨ ᠠᠷᠭᠠᠯ ᠢ᠋ ᠰᠢᠪᠠᠬᠤ ᠪᠤᠶᠤ ᠪᠤᠷᠭᠠᠰᠤᠨ ᠪᠥᠮᠪᠦᠭᠡᠨ (ᠭᠡᠷ) ᠢ᠋ ᠢᠯᠢᠵᠦ ᠰᠢᠪᠠᠬᠤ ᠳ᠋ᠤ᠌ ᠰᠠᠢᠨ ᠪᠥᠭᠡᠳ ᠪᠣᠷᠣᠭᠠᠨ ᠤ᠋ ᠤᠰᠤ ᠨᠡᠪᠲᠡᠷᠡᠬᠦ ᠦᠭᠡᠢ ᠣᠨᠴᠠᠯᠢᠭ ᠲᠠᠢ᠃ ᠨᠠᠮᠤᠷ ᠤ᠋ᠨ ᠬᠠᠯᠲᠠᠷ ᠠᠷᠭᠠᠯ ᠪᠤᠶᠤ ᠡᠪᠦᠯ ᠦ᠋ᠨ (ᠬᠥᠬᠡ ᠠᠷᠭᠠᠯ) ᠵᠥᠭᠡᠯᠡᠨ ᠰᠢᠷ᠎ᠠ ᠠᠷᠭᠠᠯ ᠪᠣᠯ ᠰᠦ ᠬᠠᠯᠠᠭᠤᠯᠬᠤ᠂ ᠠᠢᠷᠠᠭ ᠪᠤᠴᠠᠯᠭᠠᠬᠤ ᠵᠡᠷᠭᠡ ᠳ᠋ᠦ᠍ ᠰᠠᠢᠨ ᠪᠠᠢᠳᠠᠭ᠃
ᠡᠢᠮᠦ ᠡᠴᠡ ᠮᠠᠨ ᠤ᠋ ᠮᠣᠩᠭᠣᠯᠴᠤᠳ ᠢᠯᠠᠩᠭᠤᠶ᠎ᠠ ᠮᠠᠯᠴᠢᠳ ᠥᠪᠡᠷ ᠦ᠋ᠨ ᠶᠠᠭᠤᠮ᠎ᠠ ᠪᠠᠨ ᠥᠪᠡᠷ ᠢ᠋ᠶ᠋ᠡᠨ ᠠᠰᠢᠭᠯᠠᠬᠤ ᠲᠠᠯ᠎ᠠ ᠪᠠᠷ ᠥᠩᠭᠡᠷᠡᠭᠰᠡᠨ ᠳ᠋ᠦ᠍ ᠮᠠᠰᠢ ᠰᠠᠢᠨ ᠵᠥᠪ ᠠᠰᠢᠭᠯᠠᠵᠤ ᠪᠠᠢᠭᠰᠠᠨ ᠪᠠ ᠦᠢᠯᠡᠳᠦᠯ ᠢ᠋ ᠨᠢ ᠪᠠᠳᠠᠷᠠᠭᠤᠯᠵᠤ ᠠᠰᠢᠭ ᠢ᠋ ᠨᠢ ᠬᠦᠷᠲᠡᠵᠦ ᠶᠠᠪᠤᠭᠰᠠᠨ ᠪᠣᠳᠠᠲᠤ ᠲᠡᠦᠬᠡ ᠲᠡᠢ ᠪᠢᠯᠡ᠃
ᠠᠷᠭᠠᠯ ᠤ᠋ᠨ ᠤᠲᠤᠭ᠎ᠠ ᠪᠠᠷ ᠮᠠᠯ ᠤᠨᠤᠭ᠎ᠠ ᠪᠠᠨ ᠠᠷᠢᠭᠤᠯᠠᠵᠤ ᠬᠣᠲᠠ ᠬᠣᠷᠣᠭ᠎ᠠ ᠪᠠᠨ ᠠᠷᠢᠭᠤᠳᠬᠠᠵᠤ ᠡᠯᠳᠡᠪ ᠵᠦᠢᠯ ᠦ᠋ᠨ ᠡᠪᠡᠳᠴᠢᠨ ᠡᠮᠵᠢᠭ ᠢ᠋ ᠰᠡᠷᠭᠡᠢᠯᠡᠨ ᠬᠢᠵᠢᠭ ᠭᠡᠮ ᠢ᠋ ᠠᠷᠢᠯᠭᠠᠬᠤ ᠳ᠋ᠤ᠌ ᠭᠣᠣᠯᠳᠠᠭᠤ ᠠᠷᠭᠠᠯ ᠬᠣᠷᠭᠣᠯ ᠤ᠋ᠨ ᠤᠲᠤᠭ᠎ᠠ ᠪᠠᠷ ᠢ᠋ᠶ᠋ᠠᠨ ᠠᠷᠭᠠᠳᠠᠨ ᠳᠣᠳᠣᠮᠳᠠᠵᠤ ᠶᠠᠪᠤᠳᠠᠭ ᠵᠠᠩ ᠦᠢᠯᠡ ᠶ᠋ᠢᠨ ᠰᠣᠶᠣᠯ ᠲᠠᠢ ᠪᠠᠢᠭᠰᠠᠨ ᠶᠤᠮ᠃
ᠥᠩᠭᠡᠷᠡᠭᠰᠡᠨ ᠳ᠋ᠦ᠍ ᠮᠠᠯᠴᠢᠳ ᠣᠷᠣᠢ ᠦᠳᠡᠰᠢ ᠪᠣᠯᠬᠤ ᠳ᠋ᠤ᠌ ᠬᠣᠲᠠ ᠬᠣᠷᠣᠭ᠎ᠠ ᠪᠠᠨ ᠲᠣᠭᠣᠷᠢᠭᠤᠯᠵᠤ ᠠᠷᠭᠠᠯ ᠬᠣᠷᠭᠣᠯ ᠢ᠋ᠶ᠋ᠠᠷ ᠦᠷᠭᠦᠯᠵᠢ ᠤᠲᠤᠭ᠎ᠠ ᠲᠠᠯᠪᠢᠵᠤ ᠦᠨᠦᠷᠲᠦᠭᠦᠯᠦᠨ ᠴᠢᠨᠣ᠎ᠠ ᠨᠣᠬᠠᠢ ᠢᠷᠡᠬᠦ ᠡᠴᠡ ᠰᠡᠷᠭᠡᠢᠯᠡᠵᠦ ᠪᠠᠢᠭᠰᠠᠨ ᠭᠡᠳᠡᠭ᠃ ᠡᠨᠡ ᠨᠢ ᠬᠣᠷᠣᠭ᠎ᠠ ᠬᠣᠲᠠ ᠪᠠᠨ ᠠᠷᠢᠭᠤᠳᠬᠠᠵᠤ ᠪᠠᠢᠬᠤ ᠪᠠᠷ ᠪᠠᠷᠠᠬᠤ ᠦᠭᠡᠢ᠂ ᠬᠣᠨᠢ ᠮᠠᠯ ᠤ᠋ᠨ (ᠭᠠᠢᠳᠠᠷ) ᠬᠣᠷᠣᠬᠠᠢ ᠶ᠋ᠢ ᠬᠥᠭᠡᠭᠡᠬᠦ ᠳ᠋ᠦ᠍ ᠴᠦ᠍ ᠣᠨᠴᠠ ᠰᠠᠢᠨ ᠦᠢᠯᠡᠳᠦᠯ ᠲᠡᠢ ᠶᠦᠮ᠂ ᠶᠠᠫᠣᠨ ᠤ᠋ ᠨᠢᠭᠡ ᠡᠷᠳᠡᠮᠲᠡᠨ ᠦ᠌ ᠰᠤᠳᠤᠯᠤᠭᠰᠠᠨ ᠢ᠋ᠶ᠋ᠠᠷ《ᠠᠷᠭᠠᠯ ᠤ᠋ᠨ ᠤᠲᠤᠭᠠᠨ ᠳ᠋ᠤ᠌300 ᠭᠠᠷᠤᠢ ᠵᠦᠢᠯ ᠦ᠋ᠨ ᠮᠢᠺᠷᠣᠪ ᠤ᠋ᠨ ᠬᠣᠣᠷ ᠢ᠋ ᠠᠯᠠᠬᠤ ᠴᠢᠳᠠᠯ ᠲᠠᠢ》 ᠭᠡᠵᠡᠢ᠃ ᠡᠢᠮᠦ ᠡᠴᠡ ᠮᠠᠨ ᠤ᠋ ᠮᠠᠯ ᠤ᠋ᠨ ᠠᠰᠢᠭ ᠰᠢᠮ᠎ᠡ ᠶᠠᠮᠠᠷ ᠶᠡᠬᠡ ᠭᠠᠢᠬᠠᠮᠰᠢᠭ ᠲᠠᠢ ᠭᠡᠳᠡᠭ ᠢ᠋ ᠮᠡᠳᠡᠵᠦ ᠪᠣᠯᠤᠨ᠎ᠠ᠂ ᠣᠳᠣ ᠭᠠᠳᠠᠭᠠᠳᠤ ᠳᠣᠲᠣᠭᠠᠳᠤ ᠶ᠋ᠢᠨ ᠡᠷᠳᠡᠮᠲᠡᠳ ᠮᠠᠨ ᠤ᠋ ᠮᠠᠯ ᠤ᠋ᠨ ᠠᠷᠭᠠᠯ ᠬᠣᠷᠭᠣᠯ ᠢ᠋ᠶ᠋ᠠᠷ ᠬᠦᠵᠢ᠂ ᠤᠳᠤᠯᠭ᠎ᠠ ᠬᠢᠵᠦ ᠬᠢᠵᠢᠭ ᠭᠡᠮ ᠢ᠋ ᠰᠡᠷᠭᠡᠢᠯᠡᠬᠦ ᠪᠦᠲᠦᠭᠡᠭᠳᠡᠬᠦᠨ ᠦᠢᠯᠡᠳᠪᠦᠷᠢᠯᠡᠨ ᠬᠤᠳᠠᠯᠳᠤᠵᠤ ᠪᠠᠢᠨ᠎ᠠ᠂ ᠭᠠᠳᠠᠨ᠎ᠠ ᠶ᠋ᠢᠨ ᠬᠥᠮᠦᠰ ᠮᠠᠨ ᠤ᠋ ᠮᠠᠯ ᠤ᠋ᠨ ᠬᠣᠷᠭᠣᠯ ᠬᠥᠷᠵᠡᠩ ᠢ᠋ ᠶᠠᠮᠠᠷ ᠴᠤ ᠦᠨ᠎ᠡ ᠥᠷᠲᠡᠭ ᠦᠭᠡᠢ ᠪᠡᠷ ᠲᠡᠭᠡᠭᠡᠵᠦ ᠠᠪᠠᠴᠢᠭᠠᠳ ᠠᠰᠢᠭᠯᠠᠯᠲᠠ ᠳ᠋ᠤ᠌ ᠣᠷᠣᠭᠤᠯᠵᠤ ᠲᠠᠷᠢᠶᠠᠯᠠᠩ ᠤ᠋ᠨ ᠪᠦᠲᠦᠭᠡᠭᠳᠡᠬᠦᠨ ᠪᠣᠯᠭᠠᠭᠠᠳ ᠴᠡᠪᠡᠷ ᠪᠠᠢᠭᠠᠯᠢᠯᠢᠭ ᠪᠤᠳᠠᠭ᠎ᠠ᠂ ᠭᠤᠯᠢᠷ᠂ ᠨᠣᠭᠣᠭ᠎ᠠ ᠴᠠᠭ᠎ᠠ ᠵᠡᠷᠭᠡ ᠶ᠋ᠢ ᠥᠨᠳᠥᠷ ᠦᠨ᠎ᠡ ᠬᠠᠩᠰᠢ ᠪᠠᠷ ᠬᠤᠳᠠᠯᠳᠤᠵᠤ ᠶᠡᠬᠡ ᠠᠰᠢᠭ ᠣᠯᠵᠤ ᠪᠠᠢᠨ᠎ᠠ᠃
ᠡᠨᠡ ᠪᠣᠯ ᠶᠠᠷᠢᠶᠠᠨ ᠦᠭᠡᠢ ᠮᠠᠨ ᠤ᠋ ᠮᠠᠯ ᠤ᠋ᠨ ᠠᠷᠭᠠᠯ ᠬᠣᠷᠭᠣᠯ ᠬᠥᠷᠵᠡᠩ ᠬᠣᠭ ᠢ᠋ᠶ᠋ᠠᠷ ᠬᠢᠭᠰᠡᠨ ᠶᠠᠮᠠᠷ ᠴᠤ ᠬᠢᠮᠢ ᠶ᠋ᠢᠨ ᠨᠡᠮᠡᠯᠲᠡ ᠡᠳ᠋ ᠦᠭᠡᠢ ᠴᠡᠪᠡᠷ ᠪᠠᠢᠭᠠᠯᠢᠯᠢᠭ ᠲᠠᠷᠢᠶᠠᠨ ᠪᠣᠷᠳᠣᠭᠤᠷ ᠪᠣᠯᠭᠠᠨ ᠢᠳᠡᠭᠡᠰᠢᠭᠦᠯᠵᠦ ᠪᠣᠯᠪᠠᠰᠤᠷᠠᠭᠤᠯᠤᠭᠰᠠᠨ ᠪᠦᠲᠦᠭᠡᠭᠳᠡᠬᠦᠨ ᠪᠣᠯᠬᠣᠷ ᠬᠥᠮᠦᠨ ᠦ᠌ ᠪᠡᠶ᠎ᠡ ᠳ᠋ᠦ᠍ ᠶᠡᠷᠦᠨᠢ ᠬᠣᠣᠷ ᠨᠥᠯᠥᠭᠡ ᠦᠭᠡᠢ ᠭᠡᠳᠡᠭ ᠢ᠋ ᠬᠥᠮᠦᠰ ᠪᠦᠷ ᠮᠡᠳᠡᠨ᠎ᠡ᠃ ᠭᠡᠲᠡᠯ᠎ᠡ ᠪᠢᠳᠠ ᠥᠪᠡᠷ ᠦ᠋ᠨ ᠶᠠᠭᠤᠮ᠎ᠠ ᠪᠠᠨ ᠥᠪᠡᠷ ᠢ᠋ᠶ᠋ᠡᠨ ᠠᠰᠢᠭᠯᠠᠵᠤ ᠬᠡᠷᠡᠭᠯᠡᠵᠦ ᠴᠢᠳᠠᠬᠤ ᠦᠭᠡᠢ᠂ ᠥᠪᠡᠷ ᠪᠤᠰᠤᠳ ᠤ᠋ᠨ ᠭᠠᠷ ᠠ᠋ᠴᠠ ᠥᠨᠳᠥᠷ ᠦᠨ᠎ᠡ ᠪᠡᠷ ᠬᠤᠳᠠᠯᠳᠤᠵᠤ ᠠᠪᠬᠤ ᠭᠡᠭᠴᠢ ᠳᠠᠩᠴᠤ ᠬᠠᠷᠠᠮᠰᠠᠯᠲᠠᠢ ᠰᠢᠭ᠋ ᠰᠠᠨᠠᠭᠳᠠᠬᠤ ᠶᠤᠮ᠃ ᠣᠳᠣ ᠠᠷᠠᠯᠵᠢᠶ᠎ᠠ ᠬᠤᠳᠠᠯᠳᠤᠭᠠᠨ ᠤ᠋ ᠵᠠᠬ᠎ᠠ ᠳ᠋ᠤ᠌ ᠮᠠᠯ ᠤ᠋ᠨ ᠠᠷᠭᠠᠯ ᠬᠣᠷᠭᠣᠯ ᠨᠢ ᠬᠦᠷᠲᠡᠯ᠎ᠡ ᠷᠠᠰᠢᠶᠠᠨ ᠣᠳᠤᠯᠭ᠎ᠠ ᠪᠣᠯᠵᠤ ᠪᠠᠢᠬᠤ ᠳ᠋ᠤ᠌ ᠮᠠᠯ ᠤ᠋ᠨ ᠦᠨ᠎ᠡ ᠬᠠᠩᠰᠢ ᠵᠢᠯ ᠡᠴᠡ ᠵᠢᠯ ᠪᠠᠭᠤᠷᠠᠵᠤ ᠪᠠᠢᠬᠤ ᠨᠢ ᠶᠠᠭᠤᠨ ᠠ᠋ᠴᠠ ᠪᠣᠯᠪᠠ? ᠪᠢᠳᠡ ᠳᠡᠯᠡᠬᠡᠢ ᠶ᠋ᠢᠨ ᠵᠠᠬ᠎ᠠ ᠳᠡᠯᠭᠡᠭᠦᠷ ᠦ᠋ᠨ ᠬᠠᠨᠳᠤᠰᠢ ᠪᠤᠶᠤ ᠣᠷᠣᠨ ᠨᠤᠲᠤᠭ ᠤ᠋ᠨ ᠵᠠᠬ᠎ᠠ ᠳᠡᠯᠭᠡᠭᠦᠷ ᠦ᠋ᠨ ᠦᠨᠳᠦᠰᠦᠨ ᠪᠠᠢᠳᠠᠯ ᠢ᠋ ᠭᠦᠢᠴᠡᠳ ᠣᠢᠯᠠᠭᠠᠭᠰᠠᠨ ᠰᠠᠭᠤᠷᠢᠨ ᠳᠡᠭᠡᠷ᠎ᠡ ᠥᠪᠡᠷ ᠦ᠋ᠨ ᠪᠡᠶᠡᠴᠢ ᠲᠠᠯ᠎ᠠ ᠠ᠋ᠴᠠ ᠪᠠᠨ ᠵᠠᠳᠠᠯᠤᠯᠲᠠ ᠬᠢᠵᠦ ᠪᠣᠳᠠᠲᠤ ᠠᠬᠤᠢ ᠳ᠋ᠤ᠌ ᠭᠦᠨᠵᠡᠭᠡᠢᠷᠡᠬᠦ ᠬᠡᠷᠡᠭᠲᠡᠢ ᠪᠠᠢᠨ᠎ᠠ᠃
ᠨᠢᠭᠡ ᠦᠨᠳᠦᠰᠦᠲᠡᠨ ᠦ᠌ ᠬᠥᠭᠵᠢᠯ ᠮᠠᠨᠳᠤᠯ᠂ ᠨᠠᠢᠷ ᠨᠠᠭᠠᠳᠤᠮ ᠢ᠋ᠶ᠋ᠠᠷ ᠦᠷᠭᠦᠯᠵᠢᠯᠡᠵᠦ ᠬᠥᠭᠵᠢᠬᠦ ᠪᠢᠰᠢ᠂ ᠬᠠᠷᠢᠨ ᠠᠵᠤ ᠦᠢᠯᠡᠳᠪᠦᠷᠢ ᠪᠡᠷ ᠰᠠᠭᠤᠷᠢᠯᠠᠵᠤ ᠬᠥᠭᠵᠢᠳᠡᠭ ᠭᠡᠳᠡᠭ ᠵᠥᠪ ᠣᠢᠯᠠᠭᠠᠯᠲᠠ᠂ ᠵᠥᠪ ᠲᠠᠨᠢᠯᠲᠠ ᠪᠠᠢᠬᠤ ᠬᠡᠷᠡᠭᠲᠡᠢ ᠶᠦᠮ᠃
ᠬᠥᠮᠦᠨ ᠶᠡᠷᠦᠨᠢ ᠳᠡᠯᠡᠬᠡᠢ ᠶ᠋ᠢ ᠥᠭᠡᠷᠡᠴᠢᠯᠡᠬᠦ ᠬᠦᠴᠦ ᠪᠠᠢᠬᠤ ᠦᠭᠡᠢ ᠪᠠᠢᠵᠤ ᠪᠣᠯᠤᠨ᠎ᠠ᠃ ᠭᠡᠪᠡᠴᠦ ᠬᠥᠮᠦᠨ ᠳ᠋ᠦ᠍《ᠥᠪᠡᠷ ᠢ᠋ᠶ᠋ᠡᠨ ᠥᠪᠡᠷ ᠢ᠋ ᠪᠡᠨ ᠥᠭᠡᠷᠡᠴᠢᠯᠡᠬᠦ ᠬᠦᠴᠦ ᠪᠣᠢ》 ᠭᠡᠳᠡᠭ ᠮᠡᠷᠭᠡᠳ ᠦ᠋ᠨ ᠰᠤᠷᠭᠠᠯ ᠪᠠᠢᠳᠠᠭ ᠪᠢᠯᠡ᠃ ᠡᠢᠮᠦ ᠡᠴᠡ ᠪᠢᠳᠡᠨ ᠣᠳᠣ ᠪᠤᠰᠤᠳ ᠤ᠋ᠨ ᠳᠠᠪᠠᠭᠤᠯᠢᠭ ᠲᠠᠯ᠎ᠠ ᠶ᠋ᠢ ᠠᠰᠢᠭᠯᠠᠵᠤ ᠥᠪᠡᠷ ᠦ᠋ᠨ ᠪᠠᠭᠤᠷᠠᠢ ᠲᠠᠯ᠎ᠠ ᠪᠠᠨ ᠬᠥᠭᠵᠢᠭᠦᠯᠬᠦ ᠬᠡᠷᠡᠭᠲᠡᠢ ᠪᠠᠢᠨ᠎ᠠ᠃
ᠪᠢᠳᠡ ᠥᠪᠡᠷ ᠢ᠋ᠶ᠋ᠡᠨ ᠥᠪᠡᠷ ᠢ᠋ ᠪᠡᠨ ᠠᠪᠤᠷᠠᠬᠤ ᠦᠭᠡᠢ ᠪᠣᠯ ᠥᠭᠡᠷ᠎ᠡ ᠬᠡᠨ ᠴᠦ᠍ ᠪᠢᠳᠡᠨ ᠢ᠋ ᠠᠪᠤᠷᠠᠬᠤ ᠦᠭᠡᠢ ᠶᠦᠮ᠃ ᠪᠢᠳᠡ ᠨᠡᠢᠭᠡᠮ ᠦ᠋ᠨ ᠥᠷᠢᠰᠦᠯᠳᠦᠭᠡᠨ ᠦ᠌ ᠳᠤᠮᠳᠠ ᠠ᠋ᠴᠠ ᠵᠠᠮ ᠮᠥᠷ ᠢ᠋ᠶ᠋ᠡᠨ ᠬᠠᠢᠵᠤ ᠵᠠᠬ᠎ᠠ ᠳᠡᠯᠭᠡᠭᠦᠷ ᠢ᠋ ᠡᠵᠡᠮᠰᠢᠬᠦ ᠴᠢᠬᠤᠯᠠ ᠲᠠᠢ ᠪᠠᠢᠨ᠎ᠠ᠃ ᠬᠥᠮᠦᠨ ᠦ᠌ ᠠᠮᠢᠳᠤᠷᠠᠯ ᠪᠣᠯᠤᠨ ᠨᠡᠢᠭᠡᠮ ᠦ᠋ᠨ ᠡᠭᠦᠰᠦᠯ ᠬᠥᠭᠵᠢᠯ ᠪᠦᠷ ᠯᠡ ᠥᠷᠢᠰᠦᠯᠳᠦᠭᠡᠨ ᠦ᠌ ᠳᠤᠮᠳᠠ ᠠ᠋ᠴᠠ ᠪᠣᠢ ᠪᠣᠯᠵᠤ ᠢᠷᠡᠭᠰᠡᠨ ᠪᠠ ᠥᠷᠢᠰᠦᠯᠳᠦᠭᠡᠨ ᠦ᠌ ᠳᠤᠮᠳᠠ ᠣᠷᠣᠰᠢᠵᠤ ᠬᠥᠭᠵᠢᠵᠦ ᠢᠷᠡᠭᠰᠡᠨ ᠲᠡᠦᠬᠡ ᠲᠡᠢ ᠪᠠᠢᠳᠠᠭ᠃ ᠪᠢᠳᠡᠨ ᠣᠳᠣ᠂ ᠴᠠᠭ ᠡᠷᠢᠨ ᠢ᠋ ᠬᠦᠯᠢᠶᠡᠵᠦ ᠰᠠᠭᠤᠬᠤ ᠪᠢᠰᠢ᠂ ᠬᠠᠷᠢᠨ ᠴᠠᠭ ᠡᠷᠢᠨ ᠲᠡᠢ ᠤᠷᠤᠯᠳᠤᠵᠤ ᠶᠠᠪᠤᠬᠤ ᠬᠡᠷᠡᠭᠲᠡᠢ᠃ ᠡᠨᠡ ᠪᠣᠯ ᠨᠡᠢᠭᠡᠮ ᠦ᠋ᠨ ᠬᠡᠷᠡᠭᠴᠡᠭᠡ᠂ ᠴᠠᠭ ᠦᠶ᠎ᠡ ᠶ᠋ᠢᠨ ᠱᠠᠭᠠᠷᠳᠠᠯᠭ᠎ᠠ ᠪᠣᠯᠬᠤ ᠪᠥᠭᠡᠳ ᠬᠥᠮᠦᠨ ᠪᠦᠬᠦᠨ ᠦ᠌ ᠬᠦᠰᠡᠯ ᠵᠣᠷᠢᠯᠲᠠ᠂ ᠵᠠᠬ᠎ᠠ ᠳᠡᠯᠭᠡᠭᠦᠷ ᠦ᠋ᠨ ᠥᠷᠢᠰᠦᠯᠳᠦᠭᠡᠨ ᠪᠣᠯᠬᠤ ᠶᠤᠮ᠃
ᠪᠢᠳᠡ ᠴᠠᠭ ᠤ᠋ᠨ ᠪᠠᠢᠳᠠᠯ ᠢ᠋ ᠴᠠᠭ ᠲᠤᠬᠠᠢ ᠳ᠋ᠤᠨᠢ ᠰᠡᠷᠡᠵᠦ ᠮᠡᠳᠡᠨ ᠣᠢᠯᠠᠭᠠᠵᠤ᠂ ᠰᠢᠨ᠎ᠡ ᠰᠣᠷᠭᠣᠭ ᠮᠡᠳᠡᠭᠡ ᠵᠠᠩᠭᠢ ᠶ᠋ᠢ ᠡᠵᠡᠮᠰᠢᠬᠦ ᠬᠡᠷᠡᠭᠲᠡᠢ ᠶᠦᠮ᠃ ᠠᠷᠠᠳ ᠤ᠋ᠨ ᠰᠡᠴᠡᠨ ᠦᠭᠡᠨ ᠳ᠋ᠦ᠍《ᠬᠠᠮᠢᠭ᠎ᠠ ᠤᠨᠠᠭᠰᠠᠨ ᠢ᠋ᠶ᠋ᠠᠨ ᠪᠢᠰᠢ᠂ ᠶᠠᠭᠤᠨ ᠳ᠋ᠤ᠌ ᠪᠦᠳᠦᠷᠢᠭᠰᠡᠨ ᠢ᠋ᠶ᠋ᠡᠨ ᠬᠠᠷ᠎ᠠ》 ᠭᠡᠳᠡᠭ ᠪᠢᠯᠡ᠃ ᠡᠢᠮᠦ ᠡᠴᠡ ᠪᠢᠳᠡ ᠪᠦᠳᠦᠷᠢᠭᠰᠡᠨ ᠶᠠᠭᠤᠮᠠᠨ ᠠ᠋ᠴᠠ ᠪᠠᠨ ᠤᠬᠠᠭᠠᠷᠠᠵᠤ᠂ ᠤᠨᠠᠭᠰᠠᠨ ᠭᠠᠵᠠᠷ ᠢ᠋ᠶ᠋ᠠᠨ ᠪᠣᠰᠴᠤ ᠵᠣᠭᠰᠣᠬᠤ ᠬᠡᠷᠡᠭᠲᠡᠢ ᠪᠠᠢᠨ᠎ᠠ᠃ ᠬᠥᠮᠦᠨ ᠦ᠌ ᠬᠥᠭᠵᠢᠯ ᠦ᠋ᠨ ᠨᠢᠭᠡᠨ ᠴᠣᠭᠴᠠ ᠬᠡᠰᠡᠭ ᠨᠢ ᠮᠡᠳᠡᠯᠭᠡ ᠪᠣᠯᠪᠠᠰᠤᠷᠠᠯ ᠪᠤᠶᠤ ᠠᠵᠤ ᠠᠬᠤᠢ ᠶ᠋ᠢᠨ ᠤᠬᠠᠭᠳᠠᠬᠤᠨ ᠶᠤᠮ᠃ ᠡᠳᠡᠭᠡᠷ ᠪᠣᠯ ᠬᠥᠮᠦᠨ ᠪᠠᠢᠬᠤ ᠶ᠋ᠢᠨ ᠤᠳᠬ᠎ᠠ ᠤᠴᠢᠷ᠂ ᠲᠣᠮᠣᠬᠠᠨ ᠪᠠᠢᠷᠢ ᠰᠠᠭᠤᠷᠢ ᠶ᠋ᠢ ᠡᠵᠡᠯᠡᠬᠦ ᠣᠷᠣᠨ ᠵᠠᠢ ᠶᠤᠮ᠃ ᠪᠢᠳᠡ ᠪᠡᠷᠬᠡᠰᠢᠶᠡᠯ ᠢ᠋ ᠢᠯᠠᠵᠤ ᠡᠷᠬᠡᠰᠢᠶᠡᠯ ᠳ᠋ᠡᠭᠡᠨ ᠣᠷᠣᠭᠤᠯᠵᠤ ᠴᠢᠳᠠᠬᠤ ᠮᠥᠷᠲᠡᠭᠡᠨ ᠬᠦᠰᠡᠯ ᠵᠣᠷᠢᠯᠲᠠ ᠪᠠᠨ ᠪᠡᠶᠡᠯᠡᠭᠦᠯᠵᠦ ᠬᠢᠬᠦ ᠶᠣᠰᠣ ᠲᠠᠢ ᠵᠦᠢᠯ ᠢ᠋ᠶ᠋ᠡᠨ ᠬᠢᠵᠦ ᠪᠡᠶᠡᠯᠡᠭᠦᠯᠬᠦ ᠳ᠋ᠦ᠍ ᠡᠷᠬᠡᠪᠰᠢ ᠢᠲᠡᠭᠡᠯ᠂ ᠵᠢᠳᠬᠦᠯ᠂ ᠪᠦᠯᠬᠦᠮᠳᠡᠯ ᠨᠢ ᠬᠠᠮᠤᠭ ᠴᠢᠬᠤᠯᠠ ᠭᠡᠳᠡᠭ ᠢ᠋ ᠣᠢᠯᠠᠭᠠᠬᠤ ᠬᠡᠷᠡᠭᠲᠡᠢ ᠶᠦᠮ᠃ 《ᠡᠳᠦᠷ ᠪᠦᠷᠢ ᠠᠰᠢᠭ ᠲᠠᠢ ᠰᠢᠨ᠎ᠡ ᠰᠡᠪᠡᠭᠦᠨ ᠵᠦᠢᠯ ᠢ᠋ ᠪᠣᠳᠣᠵᠤ ᠰᠡᠳᠬᠢᠵᠦ ᠬᠢ! ᠨᠥᠬᠥᠴᠡᠯ ᠲᠡᠢ ᠪᠣᠯ ᠪᠣᠳᠠᠲᠤ ᠦᠢᠯᠡᠳᠦᠯᠭᠡ ᠪᠡᠷ ᠵᠣᠷᠢᠭ ᠲᠠᠢ ᠲᠤᠷᠰᠢᠵᠤ ᠦᠵᠡ! ᠬᠢᠬᠦ ᠦᠭᠡᠢ ᠪᠣᠯ ᠰᠤᠷᠬᠤ ᠦᠭᠡᠢ ᠶᠦᠮ᠃ ᠢᠯᠠᠭᠳᠠᠯ ᠪᠣᠯ ᠢᠯᠠᠯᠲᠠ ᠶ᠋ᠢᠨ ᠡᠬᠢ》 ᠪᠢᠯᠡ᠃
ᠠᠷᠭᠠᠯ ᠬᠣᠷᠭᠣᠯ ᠪᠣᠯ ᠮᠠᠨ ᠤ᠋ ᠬᠥᠳᠡᠭᠡ ᠣᠷᠣᠨ ᠨᠤᠲᠤᠭ ᠤ᠋ᠨ ᠡᠯᠪᠡᠭ ᠪᠠᠶᠠᠯᠢᠭ ᠪᠠᠢᠭᠠᠯᠢ ᠶ᠋ᠢᠨ ᠭᠠᠷᠤᠯᠲᠠ ᠪᠣᠯᠬᠤ ᠪᠠᠷ ᠪᠠᠷᠠᠬᠤ ᠦᠭᠡᠢ᠂ ᠮᠠᠯ ᠠᠵᠤ ᠠᠬᠤᠢ ᠶ᠋ᠢᠨ ᠬᠥᠭᠵᠢᠯᠲᠡ ᠳ᠋ᠦ᠍ ᠠᠯᠤᠰ ᠬᠡᠳᠦ ᠶ᠋ᠢᠨ ᠠᠴᠢ ᠬᠣᠯᠪᠣᠭᠳᠠᠯ ᠲᠠᠢ ᠪᠦᠲᠦᠬᠡᠭᠳᠡᠬᠦᠨ ᠪᠣᠯᠬᠤ ᠶᠤᠮ᠃ ᠡᠢᠮᠦ ᠪᠡᠷ ᠢ᠋ᠶ᠋ᠡᠨ ᠥᠩᠭᠡᠷᠡᠭᠰᠡᠨ ᠦ᠌ ᠮᠣᠩᠭᠣᠯᠴᠤᠳ ᠤ᠋ᠨ ᠤᠯᠠᠮᠵᠢᠯᠠᠯᠲᠤ ᠨᠡᠭᠦᠳᠡᠯ ᠮᠠᠯᠵᠢᠯ ᠤ᠋ᠨ ᠲᠡᠦᠬᠡ ᠰᠣᠶᠣᠯ ᠳ᠋ᠤ᠌ ᠳᠤᠲᠠᠭᠳᠠᠵᠤ ᠪᠣᠯᠣᠰᠢ ᠦᠭᠡᠢ ᠴᠢᠬᠤᠯᠠ ᠨᠢᠭᠡᠨ ᠬᠡᠷᠡᠭᠯᠡᠭᠡᠨ ᠦ᠌ ᠮᠠᠲ᠋ᠧᠷᠢᠶᠠᠯ ᠪᠣᠯᠵᠤ ᠡᠳᠦᠷ ᠳᠣᠳᠣᠮ᠂ ᠭᠠᠷ ᠦᠵᠦᠭᠦᠷ ᠲᠡᠭᠡᠨ ᠬᠡᠷᠡᠭᠯᠡᠵᠦ ᠪᠠᠢᠭᠰᠠᠨ ᠢ᠋ᠶ᠋ᠠᠷ ᠪᠠᠷᠠᠬᠤ ᠦᠭᠡᠢ ᠡᠮ ᠡᠮᠨᠡᠯᠭᠡ ᠶ᠋ᠢᠨ ᠴᠢᠭᠯᠡᠯ᠂ ᠲᠠᠷᠢᠶᠠᠯᠠᠩ ᠤ᠋ᠨ ᠪᠦᠲᠦᠬᠡᠭᠳᠡᠬᠦᠨ ᠦ᠌ ᠴᠢᠭᠯᠡᠯ ᠢ᠋ᠶ᠋ᠡᠷ ᠴᠢᠨᠠᠷ ᠰᠠᠢᠲᠠᠢ ᠲᠡᠵᠢᠭᠡᠯ ᠪᠣᠷᠳᠣᠭᠤᠷ ᠨᠠᠷᠢᠯᠢᠭᠵᠢᠭᠤᠯᠤᠨ ᠪᠣᠯᠪᠠᠰᠤᠷᠠᠭᠤᠯᠵᠤ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠵᠦ ᠤᠯᠠᠮ ᠴᠠᠭᠠᠰᠢᠳᠠ ᠳᠡᠯᠡᠬᠡᠢ ᠶ᠋ᠢᠨ ᠵᠠᠬ᠎ᠠ ᠳ᠋ᠤ᠌ ᠭᠠᠷᠭᠠᠵᠤ ᠪᠣᠯᠤᠨ᠎ᠠ᠃
ᠡᠨᠡ ᠪᠣᠯ ᠮᠠᠨ ᠤ᠋ ᠮᠠᠯ ᠠᠵᠤ ᠠᠬᠤᠢ ᠶ᠋ᠢᠨ ᠬᠥᠭᠵᠢᠯᠲᠡ ᠶ᠋ᠢᠨ ᠨᠢᠭᠡᠨ ᠴᠢᠬᠤᠯᠠ ᠰᠠᠭᠤᠷᠢ ᠪᠦᠷᠢᠯᠳᠦᠬᠦᠨ ᠪᠣᠯᠬᠤ ᠶᠤᠮ᠃ ᠮᠠᠯ ᠠᠵᠤ ᠠᠬᠤᠢ ᠶ᠋ᠢᠨ ᠠᠰᠢᠭ ᠰᠢᠮ᠎ᠡ ᠪᠡᠨ ᠳᠡᠯᠡᠬᠡᠢ ᠨᠡᠢᠲᠡ ᠳ᠋ᠦ᠍ ᠲᠠᠨᠢᠭᠤᠯᠵᠤ ᠬᠥᠭᠵᠢᠭᠦᠯᠬᠦ ᠨᠢ ᠮᠠᠨ ᠤ᠋ ᠮᠠᠯᠴᠢᠨ ᠲᠦᠮᠡᠨ ᠦ᠌ ᠮᠢᠨᠢ ᠬᠦᠰᠡᠯ ᠵᠣᠷᠢᠯᠲᠠ ᠪᠣᠯᠬᠤ ᠪᠠᠷ ᠪᠠᠷᠠᠬᠤ ᠦᠭᠡᠢ ᠴᠠᠭ ᠦᠶ᠎ᠡ ᠶ᠋ᠢᠨ ᠱᠠᠭᠠᠷᠳᠠᠯᠭ᠎ᠠ ᠪᠣᠯᠬᠤ ᠶᠤᠮ᠃
ᠠᠷᠭᠠᠯ ᠤᠨ ᠰᠣᠶᠣᠯ ᠠ᠋ᠴᠠ ᠠᠵᠤ ᠠᠬᠤᠢ ᠶ᠋ᠢᠨ ᠤᠬᠠᠭᠠᠨ ᠬᠥᠭᠵᠢᠨ᠎ᠡ᠃ ᠠᠮᠢᠳᠤᠷᠠᠯ ᠤ᠋ᠨ ᠳᠤᠮᠳᠠ ᠠ᠋ᠴᠠ ᠠᠮᠢᠵᠢᠷᠠᠯ ᠤ᠋ᠨ ᠬᠦᠴᠦᠨ ᠲᠥᠯᠥᠪᠰᠢᠨ᠎ᠡ ᠭᠡᠳᠡᠭ ᠪᠢᠯᠡ᠁
2024.7.23. ᠤᠯᠢᠶᠠᠰᠤᠲᠠᠢ ᠪᠠᠯᠭᠠᠰᠤᠨ᠎ᠠ᠃
ᠦᠰᠦᠭ ᠠᠮᠢᠯᠠᠭᠤᠯᠤᠭᠴᠢ᠄ ᠱᠠᠭᠰᠠᠯ
ᠬᠢᠨᠠᠭᠴᠢ᠄ ᠣᠳᠬᠠᠨᠰᠣ᠎ᠠ ᠵᠠᠰᠠᠨ ᠨᠠᠢᠷᠠᠭᠤᠯᠵᠤ ᠬᠢᠨᠠᠪᠠ᠃
