ᠠᠷᠪᠠᠢᠯᠢᠭ ᠦᠨᠳᠦᠰᠦ Арвайлаг үндэсArvailag ündes

ᠠᠷᠪᠠᠢᠯᠢᠭ ᠦᠨᠳᠦᠰᠦ
ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠠᠷᠪᠠᠢᠯᠢᠭ ᠦᠨᠳᠦᠰᠦ ᠶ᠋ᠢᠨ ᠬᠠᠲᠠᠭᠠᠭᠰᠠᠨ ᠲᠥᠮᠥᠰᠥᠯᠢᠭ ᠦᠨᠳᠦᠰᠦ ᠮᠥᠨ᠃
[ ᠤᠤᠯ ᠤᠷᠭᠤᠮᠠᠯ ᠣᠯᠠᠨ ᠨᠠᠰᠤᠲᠤ ᠮᠥᠩᠬᠡ ᠬᠥᠬᠡᠷᠡᠭᠴᠢ ᠡᠪᠡᠰᠦᠯᠢᠭ ᠤᠷᠭᠤᠮᠠᠯ᠃ ᠡᠰᠢ ᠨᠢ 12~40cm ᠥᠨᠳᠥᠷ᠃ ᠨᠠᠪᠴᠢ ᠨᠢ ᠤᠵᠠᠭᠤᠷ ᠠ᠋ᠴᠠ ᠪᠠᠨ ᠪᠣᠳᠠᠯᠠᠨ ᠤᠷᠭᠤᠨ᠎ᠠ᠂ ᠪᠦᠰᠡ ᠬᠡᠯᠪᠡᠷᠢ ᠲᠡᠢ᠂ ᠤᠭ ᠤ᠋ᠨ ᠬᠡᠰᠡᠭ ᠲᠤᠨᠢ ᠮᠠᠰᠢ ᠣᠯᠠᠨ ᠰᠢᠷᠬᠡᠭᠯᠢᠭ ᠥᠲᠡᠯᠦᠭᠰᠡᠨ ᠨᠠᠪᠴᠢᠨ ᠤ᠋ ᠦᠯᠡᠳᠡᠭᠳᠡᠯ ᠣᠷᠣᠮ ᠲᠠᠢ᠃ ᠨᠠᠪᠴᠢ ᠨᠢ 15~40cm ᠤᠷᠲᠤ᠂ 1.5~4mm ᠥᠷᠭᠡᠨ᠂ ᠱᠣᠪᠬᠣ ᠪᠤᠶᠤ ᠱᠣᠪᠲᠣᠭᠣᠷ ᠦᠵᠦᠭᠦᠷ ᠲᠡᠢ᠃ ᠤᠭ ᠤ᠋ᠨ ᠬᠡᠰᠡᠭ ᠨᠢ ᠵᠢᠭᠠᠬᠠᠨ ᠥᠷᠭᠡᠵᠢᠭᠰᠡᠨ ᠪᠥᠭᠡᠳ ᠬᠥᠪᠡᠭᠡ ᠪᠡᠷ ᠨᠢ ᠲᠣᠷᠭᠠᠨ ᠬᠠᠯᠢᠰᠤᠯᠢᠭ ᠲᠣᠭᠳᠣᠢ ᠲᠠᠢ᠃ ᠴᠡᠴᠡᠭ ᠦ᠋ᠨ ᠡᠰᠢ ᠨᠢ ᠨᠠᠪᠴᠢᠨ ᠠ᠋ᠴᠠ ᠪᠠᠨ ᠣᠬᠣᠷ᠂ 7 ~15cm ᠤᠷᠲᠤ᠂ ᠴᠠᠴᠤᠭ ᠬᠡᠯᠪᠡᠷᠢᠲᠦ ᠪᠠᠭ ᠴᠡᠴᠡᠭ ᠨᠢ ᠲᠦᠷᠦᠭᠦᠦ ᠬᠡᠯᠪᠡᠷᠢ ᠲᠡᠢ᠂ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠵᠢᠵᠢᠭ ᠪᠠᠭᠯᠠᠭᠴᠢ ᠨᠢ ᠲᠣᠷᠭᠠᠨ ᠬᠠᠯᠢᠰᠤᠯᠢᠭ᠂ ᠪᠠᠭᠯᠠᠭᠴᠢ ᠢᠯᠲᠠᠰᠤ ᠶ᠋ᠢᠨ ᠰᠤᠭᠤ ᠪᠦᠷᠢ ᠡᠴᠡ 1~3 ᠬᠦᠢᠰ ᠴᠡᠴᠡᠭ ᠳᠡᠯᠭᠡᠷᠡᠳᠡᠭ᠃ ᠴᠡᠴᠡᠭ ᠦ᠋ᠨ ᠪᠠᠷᠢᠭᠤᠯ ᠨᠢ ᠵᠢᠭᠠᠬᠠᠨ ᠮᠤᠷᠤᠢ ᠤᠨᠵᠢᠢᠭᠰᠠᠨ ᠪᠥᠭᠡᠳ ᠶᠡᠷᠦ ᠳ᠋ᠡᠭᠡᠨ ᠳᠤᠮᠳᠠ ᠠ᠋ᠴᠠ ᠳᠡᠭᠡᠷ᠎ᠡ ᠣᠷᠴᠢᠮ ᠨᠢ ᠦᠶ᠎ᠡ ᠲᠡᠢ ᠪᠠᠢᠳᠠᠭ᠃ ᠴᠡᠴᠡᠭ ᠦ᠋ᠨ ᠰᠢᠳᠠᠷ ᠨᠢ 6 ᠂ ᠬᠠᠪᠲᠠᠭᠠᠢ ᠲᠡᠪᠡᠨᠡᠨ ᠬᠡᠯᠪᠡᠷᠢ ᠲᠡᠢ᠂ ᠭᠦᠢᠬᠡᠨ ᠪᠣᠷᠣ ᠪᠤᠶᠤ ᠴᠠᠭᠠᠨ᠃ ᠡᠷ᠎ᠡ ᠲᠣᠭᠣᠷᠴᠣᠭ ᠨᠢ 6 ᠂ ᠳᠣᠬᠢᠭᠤᠷ ᠤ᠋ᠨ ᠬᠥᠯ ᠨᠢ ᠮᠠᠰᠢ ᠣᠬᠣᠷ᠃ ᠤᠮᠠᠢ ᠨᠢ ᠬᠠᠭᠠᠰ ᠳᠣᠣᠷᠠᠲᠤ ᠣᠷᠣᠨ ᠲᠠᠢ᠂ 3 ᠲᠠᠰᠤᠭ ᠲᠠᠢ᠃ ᠰᠢᠭᠦᠰᠦᠯᠢᠭ ᠰᠢᠭ ᠵᠢᠮᠢᠰ ᠲᠡᠢ᠂ ᠪᠥᠮᠪᠥᠭᠡᠯᠢᠭ ᠬᠡᠯᠪᠡᠷᠢ ᠲᠡᠢ᠂ ᠪᠣᠯᠪᠠᠰᠤᠷᠠᠪᠠᠯ ᠬᠥᠬᠡᠪᠲᠦᠷ ᠬᠠᠷ᠎ᠠ ᠪᠣᠯᠤᠨ᠎ᠠ᠃ 5 ~ 8 ᠳ᠋ᠤᠭᠠᠷ ᠰᠠᠷ᠎ᠠ ᠳ᠋ᠤ᠌ ᠴᠡᠴᠡᠭᠯᠡᠵᠦ᠂ 7 ~ 9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ ᠭᠣᠷᠣᠬ᠎ᠠ ᠶ᠋ᠢᠨ ᠬᠥᠪᠡᠭᠡ᠂ ᠠᠭᠤᠯᠠ ᠵᠡᠪᠡ ᠵᠢᠯᠠᠭ᠎ᠠ ᠶ᠋ᠢᠨ ᠣᠢ ᠳᠣᠣᠷ᠎ᠠ ᠤᠷᠭᠤᠨ᠎ᠠ᠃ ᠾᠧᠪᠧᠢ᠂ ᠾᠧᠨᠠᠨ᠂ ᠱᠠᠨᠳᠦ᠋ᠩ᠂ ᠵᠢᠶᠠᠩᠰᠦ᠂ ᠠᠨᠾᠦᠢ᠂ ᠵᠧᠵᠢᠶᠠᠩ᠂ ᠵᠢᠶᠠᠩᠰᠢ᠂ ᠹᠦᠵᠢᠶᠠᠨ᠂ ᠲᠠᠢᠸᠠᠨ᠂ ᠬᠤᠪᠧᠢ᠂ ᠬᠤᠨᠠᠨ᠂ ᠭᠣᠸᠠᠩᠳ᠋ᠥ᠋ᠩ᠂ ᠭᠤᠸᠠᠩᠰᠢ᠂ ᠱᠠᠨᠰᠢ ᠶ᠋ᠢᠨ ᠡᠮᠦᠨ᠎ᠡ ᠬᠡᠰᠡᠭ᠂ ᠰᠧᠴᠤᠸᠠᠨ᠂᠂ ᠭᠦᠢᠵᠧᠦ᠂ ᠶᠦᠨᠨᠠᠨ ᠢ᠋ᠶ᠋ᠠᠷ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ ᠨᠠᠮᠤᠷ ᠮᠠᠯᠲᠠᠨ ᠠᠪᠴᠤ᠂ ᠳᠠᠬᠢᠨ ᠳᠠᠪᠲᠠᠨ ᠨᠠᠷᠠᠨ ᠳ᠋ᠤ᠌ ᠡᠭᠡᠭᠡᠵᠦ ᠣᠪᠣᠭᠠᠯᠠᠭᠠᠳ᠂ ᠳᠣᠯᠣᠭ᠎ᠠ ᠨᠠᠢ᠍ᠮᠠᠨ ᠬᠤᠪᠢ ᠬᠠᠲᠠᠬᠤ ᠦᠶ᠎ᠡ ᠳ᠋ᠦ᠍ᠨᠢ ᠰᠠᠬᠠᠯ ᠦᠨᠳᠦᠰᠦ ᠶ᠋ᠢ ᠨᠢ ᠠᠷᠢᠯᠭᠠᠨ ᠬᠠᠶᠠᠭᠠᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ ᠠᠮᠲᠠᠯᠢᠭ᠂ ᠥᠴᠦᠬᠡᠨ ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ ᠢ᠋ᠶ᠋ᠠᠷ ᠲᠣᠯᠣᠭᠠᠢ ᠡᠪᠡᠳᠬᠦ᠂ ᠠᠮᠠ ᠬᠠᠲᠠᠬᠤ᠂ ᠨᠢᠳᠦ ᠪᠡᠶ᠎ᠡ ᠰᠢᠷᠠᠯᠠᠬᠤ᠂ ᠡᠯᠢᠭᠡ ᠰᠥᠰᠥᠨ ᠦ᠌ ᠬᠠᠯᠠᠭᠤᠨ᠂ ᠭᠡᠳᠡᠰᠦᠨ ᠦ᠌ ᠬᠠᠯᠠᠭᠤᠨ᠂ ᠬᠣᠣᠷ ᠤ᠋ᠨ ᠬᠠᠯᠠᠭᠤᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 麦冬
ᠠᠩᠭ᠌ᠯᠢ ᠨᠡᠷ᠎ᠡ᠄ Ophiopogon japonicus (Thunb .) Ker—Gawl .
ᠦᠰᠦᠭ ᠠᠮᠢᠯᠠᠭᠤᠯᠤᠭᠴᠢ᠄ ᠡᠷᠳᠡᠨᠢᠭᠤᠸ᠎ᠠ
ᠬᠢᠨᠠᠭᠴᠢ ᠪᠠᠭᠰᠢ᠄ ᠪᠠᠯ᠂ ᠣᠳᠬᠠᠨᠰᠣ᠎ᠠ
