ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠴᠢᠬᠤᠯᠠ ᠴᠢᠨᠠᠷ ᠪᠣᠯᠤᠨ ᠲᠡᠭᠦᠨ ᠢ᠋ ᠬᠠᠮᠠᠭᠠᠯᠠᠬᠤ ᠳ᠋ᠤ᠌ ᠬᠣᠯᠪᠣᠭᠳᠠᠭᠰᠠᠨ ᠵᠠᠷᠢᠮ ᠠᠰᠠᠭᠤᠳᠠᠯ ᠤ᠋ᠨ ᠲᠤᠬᠠᠢ- ᠭ· ᠴᠢᠩᠪᠠᠭᠠᠲᠤᠷ
ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠴᠢᠬᠤᠯᠠ ᠴᠢᠨᠠᠷ ᠪᠣᠯᠤᠨ ᠲᠡᠭᠦᠨ ᠢ᠋ ᠬᠠᠮᠠᠭᠠᠯᠠᠬᠤ ᠳ᠋ᠤ᠌ ᠬᠣᠯᠪᠣᠭᠳᠠᠭᠰᠠᠨ ᠵᠠᠷᠢᠮ ᠠᠰᠠᠭᠤᠳᠠᠯ ᠤ᠋ᠨ ᠲᠤᠬᠠᠢ
ᠭ· ᠴᠢᠩᠪᠠᠭᠠᠲᠤᠷ
ᠪᠢᠳᠡᠨ ᠦ᠌ ᠮᠡᠳᠡᠭᠡᠵᠢ ᠪᠡᠷ ᠳᠡᠯᠡᠬᠡᠢ ᠳᠠᠶᠠᠭᠠᠷ ᠳᠠᠶᠠᠭᠠᠷᠰᠢᠯ ᠤ᠋ᠨ ᠤᠷᠤᠰᠬᠠᠯ ᠳᠠᠯᠠᠢᠴᠠ ᠲᠠᠢ ᠥᠷᠨᠢᠵᠦ᠂《ᠠᠵᠤ ᠠᠬᠤᠢ ᠨᠢᠭᠡ ᠴᠣᠭᠴᠠᠵᠢᠵᠤ᠂ ᠰᠣᠶᠣᠯ ᠣᠯᠠᠨ ᠡᠰᠢᠵᠢᠬᠦ》 ᠬᠠᠨᠳᠤᠰᠢ ᠲᠠᠢ ᠪᠠᠢᠭ᠎ᠠ᠃ ᠭᠡᠪᠡᠴᠦ ᠳᠠᠶᠠᠭᠠᠷᠰᠢᠯ ᠨᠢ ᠳᠡᠯᠡᠬᠡᠢ ᠨᠡᠢᠲᠡ ᠶ᠋ᠢᠨ ᠠᠵᠤ ᠠᠬᠤᠢ ᠶ᠋ᠢᠨ ᠬᠥᠭᠵᠢᠯᠲᠡ ᠳ᠋ᠦ᠍ ᠰᠢᠨ᠎ᠡ ᠳᠢᠭᠯᠢᠮ ᠢ᠋ ᠲᠣᠭᠲᠠᠭᠠᠭᠰᠠᠨ ᠪᠣᠯᠪᠠᠴᠤ ᠦᠨᠳᠦᠰᠦᠲᠡᠨ ᠦ᠌ ᠤᠯᠠᠮᠵᠢᠯᠠᠯᠲᠤ ᠰᠣᠶᠣᠯ ᠳ᠋ᠤ᠌ ᠬᠠᠲᠠᠭᠤ ᠥᠷᠢᠰᠦᠯᠳᠦᠭᠡᠨ ᠢ᠋ ᠠᠪᠴᠢᠷᠠᠭᠰᠠᠨ ᠢ᠋ᠶ᠋ᠠᠷ ᠴᠥᠭᠡᠨ ᠪᠤᠰᠤ ᠤᠯᠤᠰ ᠣᠷᠣᠨ ᠳ᠋ᠤ᠌ ᠳᠠᠶᠠᠭᠠᠷᠰᠢᠯ ᠳ᠋ᠤ᠌ ᠰᠢᠭᠦᠮᠵᠢᠯᠡᠯ ᠲᠡᠢ᠂ ᠦᠨᠳᠦᠰᠦᠲᠡᠨ ᠦ᠌ ᠪᠡᠨ ᠰᠣᠶᠣᠯ ᠤ᠋ᠨ ᠤᠯᠠᠮᠵᠢᠯᠠᠯ ᠢ᠋ ᠬᠠᠮᠠᠭᠠᠯᠠᠬᠤ ᠵᠣᠷᠢᠯᠭ᠎ᠠ ᠪᠦᠬᠦᠢ ᠡᠰᠡᠷᠭᠦᠴᠡᠯ ᠦ᠋ᠨ ᠰᠢᠨᠵᠢᠲᠡᠢ ᠠᠵᠢᠯᠯᠠᠭ᠎ᠠ ᠠᠪᠬᠤ ᠪᠣᠯᠤᠭᠰᠠᠨ ᠢ᠋ᠶ᠋ᠠᠷ ᠰᠣᠶᠣᠯ ᠤ᠋ᠨ ᠠᠰᠠᠭᠤᠳᠠᠯ ᠠᠩᠬ᠎ᠠ ᠤᠳᠠᠭ᠎ᠠ ᠣᠯᠠᠨ ᠤᠯᠤᠰ ᠤ᠋ᠨ ᠤᠯᠤᠰ ᠲᠥᠷᠥ ᠶ᠋ᠢᠨ ᠤᠨᠢᠨ ᠳ᠋ᠠᠬᠢ ᠠᠰᠠᠭᠤᠳᠠᠯ ᠤ᠋ᠨ ᠨᠢᠭᠡ ᠪᠣᠯᠤᠭᠰᠠᠨ ᠪᠠᠢᠨ᠎ᠠ᠃ ᠡᠢᠨ ᠬᠦ᠌ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠠ᠋ᠴᠠ ᠰᠠᠨᠠᠭᠠᠴᠢᠯᠠᠵᠤ᠂ ᠡᠯ᠎ᠡ ᠤᠯᠤᠰ ᠣᠷᠣᠨ ᠦᠨᠳᠦᠰᠦᠲᠡᠨ ᠦ᠌ ᠰᠣᠶᠣᠯ ᠤ᠋ᠨ ᠥᠪᠡᠷᠮᠢᠴᠡ ᠰᠢᠨᠵᠢ ᠶ᠋ᠢ ᠬᠠᠳᠠᠭᠠᠯᠠᠨ ᠬᠠᠮᠠᠭᠠᠯᠠᠬᠤ ᠵᠣᠬᠢᠰᠲᠠᠢ ᠠᠵᠢᠯᠯᠠᠭ᠎ᠠ ᠠᠪᠬᠤ ᠬᠡᠷᠡᠭᠲᠡᠢ ᠭᠡᠵᠦ ᠤᠷᠢᠶᠠᠯᠠᠭᠰᠠᠨ ᠢ᠋ᠶ᠋ᠠᠷ ᠪᠦᠬᠦ ᠳᠡᠯᠡᠬᠡᠢ ᠶ᠋ᠢᠨ ᠬᠡᠮᠵᠢᠶᠡᠨ ᠳ᠋ᠦ᠍《ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ》 ᠠᠵᠢᠯᠯᠠᠭ᠎ᠠ ᠥᠷᠨᠢᠭᠰᠡᠨ ᠪᠠᠢᠨ᠎ᠠ᠃ ᠮᠣᠩᠭᠣᠯᠴᠤᠳ ᠤ᠋ᠨ ᠬᠤᠪᠢ ᠳ᠋ᠤ᠌ ᠤᠷᠲᠤ ᠶ᠋ᠢᠨ ᠳᠠᠭᠤᠤ᠂ ᠮᠣᠷᠢᠨ ᠬᠤᠭᠤᠷ ᠢ᠋ᠶ᠋ᠠᠨ ᠳᠡᠯᠡᠬᠡᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠪᠦᠷᠢᠳᠬᠡᠯ ᠳ᠋ᠦ᠍ ᠲᠡᠮᠳᠡᠭᠯᠡᠭᠦᠯᠦᠭᠰᠡᠨ᠂ ᠬᠥᠭᠡᠮᠡᠢ᠂ ᠠᠨᠳᠠᠢ᠁ ᠵᠡᠷᠭᠡ17 ᠲᠥᠷᠥᠯ ᠦ᠋ᠨ ᠰᠣᠶᠣᠯ ᠤ᠋ᠨ ᠥᠪ ᠢ᠋ᠶ᠋ᠡᠨ ᠤᠯᠤᠰ ᠤ᠋ᠨ ᠳᠡᠰ ᠦ᠋ᠨ ᠪᠦᠷᠢᠳᠬᠡᠯ ᠳ᠋ᠦ᠍ ᠲᠡᠮᠳᠡᠭᠯᠡᠭᠦᠯᠦᠭᠰᠡᠨ ᠵᠡᠷᠭᠡ ᠪᠡᠷ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠳᠡᠯᠡᠬᠡᠢ ᠨᠡᠢᠲᠡ ᠶ᠋ᠢᠨ ᠠᠵᠢᠯᠯᠠᠭ᠎ᠠ ᠲᠠᠢ ᠠᠢᠵᠠᠮ ᠨᠡᠢᠯᠡᠵᠦ ᠪᠠᠢᠭ᠎ᠠ ᠪᠢᠯᠡ᠃ ᠰᠡᠭᠦᠯ ᠦ᠋ᠨ ᠦᠶ᠎ᠡ ᠳ᠋ᠦ᠍ ᠣᠯᠠᠨ ᠵᠦᠢᠯ ᠦ᠋ᠨ ᠰᠢᠯᠲᠠᠭᠠᠨ ᠠ᠋ᠴᠠ ᠪᠣᠯᠵᠤ ᠤᠯᠠᠮ ᠢ᠋ᠶ᠋ᠠᠷ ᠠᠯᠳᠠᠭᠳᠠᠨ ᠭᠡᠭᠡᠭᠳᠡᠵᠦ ᠪᠠᠢᠭ᠎ᠠ ᠦᠨᠳᠦᠰᠦᠲᠡᠨ ᠦ᠌ ᠰᠣᠶᠣᠯ ᠤ᠋ᠨ ᠥᠪ ᠲᠡᠢ ᠬᠣᠯᠪᠣᠭᠳᠠᠭᠰᠠᠨ ᠡᠨᠡ ᠬᠦ᠌ ᠠᠰᠠᠭᠤᠳᠠᠯ ᠢ᠋ ᠪᠢᠳᠡ ᠠᠩᠬᠠᠷᠤᠨ ᠬᠠᠯᠠᠮᠵᠢᠯᠠᠬᠤ ᠬᠡᠷᠡᠭᠲᠡᠢ ᠪᠠᠢᠭ᠎ᠠ ᠶᠤᠮ᠃ ᠡᠨᠡ ᠪᠡᠰᠡᠷᠡᠭ ᠥᠭᠦᠯᠡᠯ ᠳ᠋ᠦ᠍ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠳ᠋ᠤ᠌ ᠬᠣᠯᠪᠣᠭᠳᠠᠭᠰᠠᠨ ᠵᠠᠷᠢᠮ ᠠᠰᠠᠭᠤᠳᠠᠯ ᠤ᠋ᠨ ᠲᠣᠭᠣᠷᠢᠨ ᠳ᠋ᠤ᠌ ᠥᠪᠡᠷ ᠦ᠋ᠨ ᠰᠠᠨᠠᠯ ᠢ᠋ᠶ᠋ᠠᠨ ᠳᠤᠷᠠᠳᠴᠤ᠂ ᠵᠥᠪᠯᠡᠬᠦ ᠶ᠋ᠢ ᠡᠷᠡᠮᠡᠯᠵᠡᠭᠰᠡᠨ ᠶᠦᠮ᠃
ᠨᠢᠭᠡ᠂ ᠰᠣᠶᠣᠯ ᠤ᠋ᠨ ᠣᠯᠠᠨ ᠶᠠᠩᠵᠤᠲᠤ ᠰᠢᠨᠵᠢ ᠵᠢᠴᠢ ᠲᠡᠭᠦᠨ ᠦ᠌ ᠴᠢᠬᠤᠯᠠ ᠴᠢᠨᠠᠷ
2001 ᠣᠨ ᠤ᠋11 ᠳ᠋ᠤᠭᠡᠷ ᠰᠠᠷ᠎ᠠ ᠶ᠋ᠢᠨ2 ᠤ᠋ ᠡᠳᠦᠷ ᠶᠦᠨᠧᠰᠺᠦ ᠶ᠋ᠢᠨ31 ᠳ᠋ᠤᠭᠡᠷ ᠬᠤᠭᠤᠴᠠᠭᠠᠨ ᠤ᠋ ᠰᠠᠢᠳ ᠤ᠋ᠨ ᠳᠡᠰ ᠦ᠋ᠨ ᠬᠤᠷᠠᠯ ᠢ᠋ᠶ᠋ᠠᠷ《ᠳᠡᠯᠡᠬᠡᠢ ᠶ᠋ᠢᠨ ᠣᠯᠠᠨ ᠶᠠᠩᠵᠤᠲᠤ ᠰᠢᠨᠵᠢ ᠶ᠋ᠢᠨ ᠲᠤᠩᠬᠠᠭ》 ᠢ᠋ ᠨᠡᠢᠲᠡᠯᠡᠵᠦ《ᠳᠡᠯᠡᠬᠡᠢ ᠶ᠋ᠢᠨ ᠣᠯᠠᠨ ᠶᠠᠩᠵᠤᠲᠤ ᠰᠢᠨᠵᠢ— ᠬᠥᠮᠦᠨ ᠲᠥᠷᠥᠯᠬᠢᠲᠡᠨ ᠦ᠌ ᠬᠠᠮᠲᠤ ᠶ᠋ᠢᠨ ᠥᠮᠴᠢ ᠪᠣᠯᠤᠭᠰᠠᠨ ᠰᠣᠶᠣᠯ ᠨᠢ ᠠᠳᠠᠯᠢ ᠪᠤᠰᠤ ᠴᠠᠭ ᠦᠶ᠎ᠡ ᠪᠣᠯᠤᠨ ᠠᠳᠠᠯᠢ ᠪᠤᠰᠤ ᠭᠠᠵᠠᠷ ᠣᠷᠣᠨ ᠳ᠋ᠤ᠌ ᠪᠦᠷ ᠠᠳᠠᠯᠢ ᠪᠤᠰᠤ ᠶ᠋ᠢᠨ ᠬᠡᠯᠪᠡᠷᠢ ᠪᠡᠷ ᠢᠯᠡᠷᠡᠳᠡᠭ᠃ ᠡᠢᠮᠦ ᠣᠯᠠᠨ ᠶᠠᠩᠵᠤᠲᠤ ᠪᠦᠬᠦᠢ ᠢᠯᠡᠷᠡᠯ ᠨᠢ ᠬᠥᠮᠦᠨ ᠲᠥᠷᠥᠯᠬᠢᠲᠡᠨ ᠦ᠌ ᠡᠯ᠎ᠡ ᠬᠠᠮᠲᠤ ᠶ᠋ᠢᠨ ᠴᠣᠭᠴᠠ ᠪᠣᠯᠤᠨ ᠡᠯ᠎ᠡ ᠨᠡᠢᠭᠡᠮ ᠦ᠋ᠨ ᠥᠪᠡᠷᠮᠢᠴᠡ ᠰᠢᠨᠵᠢ ᠳ᠋ᠦ᠍ ᠬᠣᠯᠪᠣᠭᠳᠠᠭᠰᠠᠨ ᠣᠨᠴᠠᠭᠠᠢ ᠰᠢᠨᠵᠢ ᠪᠤᠶᠤ ᠣᠯᠠᠨ ᠶᠠᠩᠵᠤᠲᠤ ᠰᠢᠨᠵᠢ ᠶᠦᠮ》 ᠭᠡᠵᠦ ᠤᠬᠠᠨᠳᠠᠬᠤᠨᠴᠢᠯᠠᠨ ᠳᠤᠷᠠᠳᠴᠠᠢ᠃ ᠳᠡᠯᠡᠬᠡᠢ ᠶ᠋ᠢᠨ ᠪᠥᠮᠪᠥᠷᠴᠡᠭ ᠦ᠋ᠨ ᠠᠳᠠᠯᠢ ᠪᠤᠰᠤ ᠣᠷᠣᠨ ᠪᠦᠰᠡ ᠨᠤᠲᠤᠭ ᠤ᠋ᠨ ᠠᠳᠠᠯᠢ ᠪᠤᠰᠤ ᠪᠠᠢᠭᠠᠯᠢ ᠭᠠᠵᠠᠷ ᠵᠦᠢ᠂ ᠠᠭᠠᠷ ᠠᠮᠢᠰᠬᠤᠯ᠂ ᠣᠷᠴᠢᠨ ᠨᠥᠬᠥᠴᠡᠯ ᠦ᠋ᠨ ᠱᠠᠭᠠᠷᠳᠠᠯᠭ᠎ᠠ ᠪᠠᠷ ᠲᠡᠷᠡ ᠣᠷᠣᠨ ᠪᠦᠰᠡ ᠨᠤᠲᠤᠭ ᠲᠤ ᠣᠷᠣᠰᠢᠨ ᠲᠣᠭᠲᠠᠨᠢᠬᠤ ᠬᠥᠮᠦᠨ ᠦ᠌ ᠠᠮᠢᠳᠤᠷᠠᠯ ᠦᠢᠯᠡᠳᠪᠦᠷᠢᠯᠡᠯ᠂ ᠨᠡᠢᠭᠡᠮ ᠦ᠋ᠨ ᠳᠢᠭᠯᠢᠮ ᠦ᠋ᠨ ᠠᠷᠭ᠎ᠠ ᠬᠡᠯᠪᠡᠷᠢ ᠡᠭᠦᠰᠦᠨ ᠲᠣᠭᠲᠠᠭᠰᠠᠨ ᠪᠠᠢᠳᠠᠭ᠃ ᠡᠨᠡ ᠪᠣᠯ ᠪᠠᠢᠭᠠᠯᠢ ᠣᠷᠴᠢᠨ ᠤ᠋ ᠨᠥᠬᠥᠴᠡᠯ ᠦ᠋ᠨ ᠵᠠᠢᠯᠠᠰᠢ ᠦᠭᠡᠢ ᠱᠠᠭᠠᠷᠳᠠᠯᠭ᠎ᠠ ᠪᠣᠯᠬᠤ ᠠ᠋ᠴᠠ ᠪᠢᠰᠢ᠂ ᠬᠥᠮᠦᠨ ᠦ᠌ ᠥᠪᠡᠷ ᠦ᠋ᠨ ᠰᠠᠨᠠᠭᠠᠴᠢᠯᠠᠭ᠎ᠠ ᠲᠠᠢ ᠰᠣᠩᠭᠣᠯᠲᠠ ᠪᠢᠰᠢ ᠶᠦᠮ᠃ ᠡᠢᠮᠦ ᠡᠴᠡ《ᠰᠣᠶᠣᠯ ᠪᠣᠯ ᠬᠥᠮᠦᠨ ᠪᠠᠢᠭᠠᠯᠢ ᠣᠷᠴᠢᠨ ᠲᠠᠢ ᠪᠠᠨ ᠶᠠᠭᠠᠬᠢᠵᠤ ᠬᠠᠷᠢᠴᠠᠵᠤ ᠪᠠᠢᠭ᠎ᠠ ᠠᠷᠭ᠎ᠠ ᠬᠡᠯᠪᠡᠷᠢ ᠶ᠋ᠢ ᠬᠡᠯᠡᠳᠡᠭ ᠶᠦᠮ》 ᠭᠡᠰᠡᠨ ᠲᠣᠮᠢᠶᠠᠯᠠᠯ ᠴᠤ ᠪᠣᠢ᠃ ᠳᠤᠯᠠᠭᠠᠨ᠂ ᠴᠢᠭᠢᠭ᠂ ᠬᠥᠷᠥᠰᠥ ᠰᠢᠷᠣᠢ ᠶ᠋ᠢᠨ ᠨᠥᠬᠥᠴᠡᠯ ᠪᠣᠯᠣᠮᠵᠢᠲᠠᠢ ᠣᠷᠣᠨ ᠪᠦᠰᠡ ᠨᠤᠲᠤᠭ ᠲᠤ ᠲᠠᠷᠢᠶᠠᠯᠠᠩ; ᠬᠦᠢᠲᠡᠨ᠂ ᠬᠠᠭᠤᠷᠠᠢ᠂ ᠲᠠᠴᠢᠷ᠂ ᠭᠡᠪᠡᠴᠦ ᠪᠡᠯᠴᠢᠭᠡᠷ ᠦ᠋ᠨ ᠨᠥᠬᠥᠴᠡᠯ ᠰᠠᠢᠲᠠᠢ ᠣᠷᠣᠨ ᠳ᠋ᠤ᠌ ᠮᠠᠯᠵᠢᠯ; ᠬᠣᠲᠠᠵᠢᠯ ᠠ᠋ᠴᠠ ᠪᠣᠯᠤᠭᠰᠠᠨ ᠭᠠᠷ ᠦᠢᠯᠡᠳᠬᠡᠯ᠂ ᠮᠥᠨ ᠲᠡᠭᠦᠨ ᠦ᠌ ᠰᠠᠭᠤᠷᠢᠨ ᠳᠡᠭᠡᠷ᠎ᠡ ᠪᠣᠯᠤᠭᠰᠠᠨ ᠠᠵᠤ ᠦᠢᠯᠡᠳᠪᠦᠷᠢᠯᠡᠯ᠃ ᠰᠢᠭᠤᠢᠲᠤ ᠠᠭᠤᠯᠠᠷᠬᠠᠭ ᠣᠷᠣᠨ ᠳ᠋ᠤ᠌ ᠴᠠ ᠪᠤᠭᠤ ᠮᠠᠯᠵᠢᠬᠤ ᠪᠠ ᠠᠩᠨᠠᠯ ᠤ᠋ᠨ ᠠᠮᠢᠳᠤᠷᠠᠯ ᠲᠣᠭᠲᠠᠭᠰᠠᠨ᠁ ᠵᠡᠷᠭᠡ ᠨᠢ ᠵᠠᠢᠯᠠᠰᠢ ᠦᠭᠡᠢ ᠣᠷᠣᠨ ᠪᠦᠰᠡ ᠨᠤᠲᠤᠭ ᠤ᠋ᠨ ᠥᠪᠡᠷᠮᠢᠴᠡ ᠰᠣᠶᠣᠯ ᠢᠷᠭᠡᠨᠰᠢᠯ᠂ ᠦ᠋ᠨ ᠣᠨᠴᠠᠯᠢᠭ ᠢ᠋ ᠪᠦᠷᠢᠯᠳᠦᠭᠦᠯᠦᠭᠰᠡᠨ ᠶᠦᠮ᠃ ᠬᠥᠮᠦᠨ ᠲᠥᠷᠥᠯᠬᠢᠲᠡᠨ ᠪᠣᠯ ᠣᠯᠠᠨ ᠦᠨᠳᠦᠰᠦᠲᠡᠨ ᠤᠭᠰᠠᠭᠠᠲᠠᠨ ᠢ᠋ᠶ᠋ᠠᠷ ᠪᠦᠷᠢᠯᠳᠦᠭᠰᠡᠨ ᠶᠦᠮ᠃ ᠲᠡᠭᠡᠬᠦ ᠪᠡᠷ ᠬᠥᠮᠦᠨ ᠲᠥᠷᠥᠯᠬᠢᠲᠡᠨ ᠦ᠌ ᠰᠣᠶᠣᠯ ᠴᠤ ᠣᠯᠠᠨ ᠦᠨᠳᠦᠰᠦᠲᠡᠨ ᠤᠭᠰᠠᠭᠠᠲᠠᠨ ᠤ᠋ ᠰᠣᠶᠣᠯ ᠤ᠋ᠨ ᠨᠡᠢᠯᠡᠪᠦᠷᠢ ᠪᠡᠷ ᠪᠦᠷᠢᠯᠳᠦᠳᠡᠭ᠃ ᠨᠡᠢᠲᠡ ᠬᠥᠮᠦᠨ ᠲᠥᠷᠥᠯᠬᠢᠲᠡᠨ ᠦ᠌ ᠰᠣᠶᠣᠯ ᠢ᠋ ᠬᠡᠷᠪᠡ ᠠᠨᠠᠪᠠᠳ ᠳᠠᠯᠠᠢ ᠭᠡᠵᠦ ᠪᠣᠳᠣᠪᠠᠯ ᠡᠯ᠎ᠡ ᠦᠨᠳᠦᠰᠦᠲᠡᠨ ᠦ᠌ ᠰᠣᠶᠣᠯ ᠪᠣᠯ ᠲᠡᠷᠡ ᠠᠨᠠᠪᠠᠳ ᠳᠠᠯᠠᠢ ᠳ᠋ᠤ᠌ ᠴᠢᠳᠬᠤᠯᠠᠭᠴᠢ ᠭᠣᠣᠯ ᠮᠥᠷᠡᠨ ᠨᠦ᠍ᠭᠦᠳ ᠶᠦᠮ᠃ ᠬᠡᠷᠪᠡ ᠡᠳᠡᠭᠡᠷ ᠭᠣᠣᠯ ᠮᠥᠷᠡᠨ ᠦ᠌ ᠴᠠᠳᠬᠤᠯᠠᠩ ᠦᠭᠡᠢ ᠪᠣᠯ ᠠᠨᠠᠪᠠᠳ ᠳᠠᠯᠠᠢ ᠴᠤ ᠰᠢᠷᠭᠢᠨ ᠬᠠᠲᠠᠬᠤ ᠪᠣᠯᠤᠨ᠎ᠠ᠃ ᠶᠠᠭ ᠡᠢᠮᠦ ᠡᠴᠡ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠶ᠋ᠢᠨ ᠴᠢᠬᠤᠯᠠ ᠴᠢᠨᠠᠷ ᠢ᠋ ᠥᠨᠥᠳᠥᠷ ᠠᠯᠢ ᠴᠤ ᠦᠶ᠎ᠡ ᠡᠴᠡ ᠲᠣᠳᠣ ᠲᠠᠨᠢᠵᠤ ᠪᠠᠢᠬᠤ ᠶᠤᠮ᠃ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠴᠢᠬᠤᠯᠠ ᠴᠢᠨᠠᠷ ᠢ᠋《ᠳᠡᠯᠡᠬᠡᠢ ᠶ᠋ᠢᠨ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠲᠤᠩᠬᠠᠭ》 ᠲᠤ《ᠰᠣᠶᠣᠯ ᠤ᠋ᠨ ᠣᠯᠠᠨ ᠶᠠᠩᠵᠤᠲᠤ ᠰᠢᠨᠵᠢ ᠪᠣᠯ ᠰᠣᠯᠢᠯᠴᠠᠭ᠎ᠠ᠂ ᠰᠢᠨᠡᠴᠢᠯᠡᠯ᠂ ᠡᠭᠦᠳᠦᠯᠲᠡ ᠶ᠋ᠢᠨ ᠡᠬᠢ ᠪᠤᠯᠠᠭ᠃ ᠬᠥᠮᠦᠨ ᠲᠥᠷᠥᠯᠬᠢᠲᠡᠨ ᠦ᠌ ᠬᠤᠪᠢ ᠳ᠋ᠤ᠌ ᠶᠠᠭ ᠯᠠ ᠠᠮᠢᠳᠤ ᠪᠣᠳᠠᠰ ᠤ᠋ᠨ ᠣᠯᠠᠨ ᠶᠠᠩᠵᠤᠲᠤ ᠰᠢᠨᠵᠢ ᠨᠢ ᠠᠮᠢ ᠠᠬᠤᠢ ᠶ᠋ᠢᠨ ᠲᠣᠭᠲᠠᠯᠴᠠᠭ᠎ᠠ ᠶ᠋ᠢ ᠬᠠᠮᠠᠭᠠᠯᠠᠳᠠᠭ ᠰᠢᠭ᠋ ᠲᠤᠢᠯ ᠤ᠋ᠨ ᠴᠢᠬᠤᠯᠠ ᠶᠤᠮ᠃ ᠡᠢᠮᠦ ᠡᠴᠡ ᠰᠣᠶᠣᠯ ᠤ᠋ᠨ ᠣᠯᠠᠨ ᠶᠠᠩᠵᠤᠲᠤ ᠰᠢᠨᠵᠢ ᠪᠣᠯ ᠪᠦᠬᠦ ᠬᠥᠮᠦᠨ ᠲᠥᠷᠥᠯᠬᠢᠲᠡᠨ ᠦ᠌ ᠬᠠᠮᠲᠤ ᠶ᠋ᠢᠨ ᠥᠪ ᠬᠥᠷᠥᠩᠭᠡ ᠶᠦᠮ᠃ ᠣᠳᠣ ᠦᠶ᠎ᠡ ᠶ᠋ᠢᠨ ᠬᠢᠨ ᠪᠣᠯᠤᠨ ᠬᠣᠢᠴᠢ ᠦᠶ᠎ᠡ ᠶ᠋ᠢᠨ ᠬᠢᠨ ᠦ᠌ ᠠᠰᠢᠭ ᠲᠤᠰᠠ ᠶ᠋ᠢᠨ ᠲᠤᠯᠠᠳᠠ ᠡᠭᠦᠨ ᠢ᠋ ᠡᠷᠬᠡᠪᠰᠢ ᠮᠡᠳᠡᠷᠡᠬᠦ ᠮᠥᠷᠲᠡᠭᠡᠨ ᠨᠤᠲᠠᠯᠠᠬᠤ ᠬᠡᠷᠡᠭᠲᠡᠢ᠃ ᠡᠷᠬᠡᠪᠰᠢ ᠬᠥᠮᠦᠨ ᠦ᠌ ᠡᠷᠬᠡ᠂ ᠦᠨᠳᠦᠰᠦᠨ ᠡᠷᠬᠡ ᠴᠢᠯᠥᠭᠡ ᠵᠡᠷᠭᠡ ᠤᠯᠤᠰ ᠲᠥᠷᠥ᠂ ᠠᠵᠤ ᠠᠬᠤᠢ᠂ ᠣᠨᠣᠯ ᠤ᠋ᠨ ᠬᠠᠷᠠᠭᠠᠰᠤ ᠠ᠋ᠴᠠ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠣᠢᠯᠠᠭᠠᠬᠤ ᠬᠡᠷᠡᠭᠲᠡᠢ》ᠭᠡᠵᠦ ᠬᠤᠷᠢᠶᠠᠩᠭᠤᠢ ᠳ᠋ᠦᠩᠨᠡᠭᠰᠡᠨ ᠪᠠᠢᠳᠠᠭ᠃ ᠠᠮᠢᠳᠤ ᠪᠣᠳᠠᠰ ᠤ᠋ᠨ ᠣᠯᠠᠨ ᠶᠠᠩᠵᠤᠲᠤ ᠰᠢᠨᠵᠢ ᠶ᠋ᠢᠨ ᠴᠢᠬᠤᠯᠠ ᠴᠢᠨᠠᠷ ᠢ᠋ ᠬᠥᠮᠦᠨ ᠲᠥᠷᠥᠯᠬᠢᠲᠡᠨ ᠨᠡᠯᠢᠶᠡᠳ ᠡᠷᠲᠡ ᠡᠴᠡ ᠣᠢᠯᠠᠭᠠᠨ ᠮᠡᠳᠡᠷᠡᠵᠦ ᠬᠦᠴᠦᠨ ᠪᠦᠬᠦᠢ ᠠᠷᠭ᠎ᠠ ᠬᠡᠮᠵᠢᠶ᠎ᠡ ᠠᠪᠤᠭᠰᠠᠭᠠᠷ ᠢᠷᠡᠭᠰᠡᠨ᠃ ᠶᠠᠮᠠᠷ ᠴᠤ ᠲᠥᠷᠥᠯ ᠦ᠋ᠨ ᠠᠮᠢᠳᠤ ᠪᠣᠳᠠᠰ ᠠᠮᠢ ᠠᠬᠤᠢ ᠶ᠋ᠢᠨ ᠲᠣᠭᠲᠠᠯᠴᠠᠭᠠᠨ ᠳ᠋ᠤ᠌ ᠥᠪᠡᠷ ᠦ᠋ᠨ ᠴᠢᠮᠠᠯᠠᠰᠢ ᠦᠭᠡᠢ ᠦᠢᠯᠡᠳᠦᠯ ᠲᠡᠢ ᠪᠠᠢᠳᠠᠭ᠃ ᠡᠨᠡ ᠲᠤᠬᠠᠢ1962 ᠣᠨ ᠳ᠋ᠤ᠌ ᠬᠡᠪᠯᠡᠭᠳᠡᠭᠰᠡᠨ ᠠᠮᠧᠷᠢᠺᠠ ᠶ᠋ᠢᠨ ᠠᠮᠢ ᠠᠬᠤᠢ ᠶ᠋ᠢᠨ ᠤᠬᠠᠭᠳᠠᠬᠤᠨ ᠯᠠᠵᠢᠶᠸᠷ ᠺᠠᠢᠰᠸᠨ ᠤ᠋《ᠨᠠᠮ ᠵᠢᠮ ᠬᠠᠪᠤᠷ》 ᠭᠡᠰᠡᠨ ᠳᠤᠤᠯᠢᠶᠠᠨ ᠶᠡᠬᠡᠲᠡᠢ ᠨᠣᠮ ᠳ᠋ᠤ᠌ ᠲᠣᠳᠣᠷᠬᠠᠢ ᠳᠤᠷᠠᠳᠤᠭᠰᠠᠨ ᠶᠤᠮ᠃ ᠭᠡᠪᠡᠴᠦ ᠶᠡᠬᠡ ᠬᠦᠴᠦᠨ ᠢ᠋ᠶ᠋ᠡᠷ᠂ ᠮᠤᠨᠳᠠᠭ ᠪᠡᠯᠡ ᠬᠥᠳᠡᠯᠮᠦᠷᠢ ᠵᠣᠷᠢᠭᠤᠯᠵᠤ ᠬᠢᠵᠦ ᠪᠠᠢᠭ᠎ᠠ ᠠᠮᠢᠳᠤ ᠪᠣᠳᠠᠰ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠠᠵᠢᠯᠯᠠᠭ᠎ᠠ ᠲᠡᠢᠮᠦ ᠪᠠᠶᠠᠷᠯᠠᠭᠤᠰᠢᠲᠠᠢ ᠦᠷ᠎ᠡ ᠳ᠋ᠦᠩ ᠳ᠋ᠦ᠍ ᠬᠦᠷᠴᠦ ᠴᠢᠳᠠᠬᠤ ᠦᠭᠡᠢ ᠪᠠᠢᠬᠤ ᠶ᠋ᠢᠨ ᠭᠣᠣᠯ ᠠᠰᠠᠭᠤᠳᠠᠯ ᠪᠣᠯ ᠪᠠᠢᠭᠠᠯᠢ ᠶ᠋ᠢᠨ ᠠᠮᠢ ᠠᠬᠤᠢ ᠶ᠋ᠢᠨ ᠲᠣᠭᠲᠠᠯᠴᠠᠭ᠎ᠠ ᠡᠪᠳᠡᠭᠳᠡᠭᠰᠡᠨ ᠳ᠋ᠦ᠍ ᠪᠣᠢ᠃ ᠠᠮᠢ ᠠᠬᠤᠢ ᠶ᠋ᠢᠨ ᠲᠣᠭᠲᠠᠯᠴᠠᠭ᠎ᠠ ᠡᠪᠳᠡᠭᠳᠡᠭᠰᠡᠨ ᠦ᠌ ᠭᠣᠣᠯ ᠰᠢᠯᠲᠠᠭᠠᠨ ᠨᠢ ᠶᠠᠮᠠᠷ ᠨᠢᠭᠡ ᠣᠷᠣᠨ ᠪᠦᠰᠡ ᠨᠤᠲᠤᠭ ᠤ᠋ᠨ ᠤᠤᠭᠠᠯ ᠰᠣᠶᠣᠯ ᠤ᠋ᠨ ᠲᠣᠭᠲᠠᠯᠴᠠᠭ᠎ᠠ ᠡᠪᠳᠡᠭᠳᠡᠭᠰᠡᠨ ᠲᠡᠢ ᠬᠣᠯᠪᠣᠭ᠎ᠠ ᠲᠠᠢ ᠭᠡᠳᠡᠭ ᠢ᠋ ᠨᠡᠢᠲᠡ ᠪᠡᠷ ᠢ᠋ᠶ᠋ᠡᠨ ᠬᠦᠯᠢᠶᠡᠨ ᠵᠥᠪᠰᠢᠶᠡᠷᠡᠵᠦ ᠪᠠᠢᠨ᠎ᠠ᠃ ᠡᠨᠳᠡ ᠶᠠᠷᠢᠵᠤ ᠪᠠᠢᠭ᠎ᠠ ᠭᠠᠵᠠᠷ ᠣᠷᠣᠨ ᠤ᠋ ᠰᠣᠶᠣᠯ ᠪᠣᠯ ᠳᠠᠷᠤᠢ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠨᠢᠭᠡ ᠪᠦᠷᠢᠯᠳᠦᠬᠦᠨ ᠪᠥᠭᠡᠳ ᠡᠢᠮᠦᠷᠬᠦᠦ ᠭᠠᠵᠠᠷ ᠣᠷᠣᠨ ᠤ᠋ ᠰᠣᠶᠣᠯ ᠤ᠋ᠨ ᠠᠯᠳᠠᠭᠳᠠᠯ ᠨᠢ ᠬᠥᠮᠦᠨ ᠲᠥᠷᠥᠯᠬᠢᠲᠡᠨ ᠦ᠌ ᠠᠮᠢ ᠪᠡᠶ᠎ᠡ ᠶ᠋ᠢᠨ ᠣᠷᠣᠰᠢᠨ ᠲᠣᠭᠲᠠᠨᠢᠯ ᠪᠣᠯᠤᠨ ᠰᠣᠶᠣᠯ ᠤ᠋ᠨ ᠤᠳᠬ᠎ᠠ ᠠᠭᠤᠯᠭ᠎ᠠ ᠳᠡᠭᠡᠷᠡᠬᠢ ᠣᠷᠣᠰᠢᠨ ᠲᠣᠭᠲᠠᠨᠢᠯ ᠳ᠋ᠤ᠌ ᠶᠡᠬᠡᠬᠡᠨ ᠬᠢᠮᠤᠷᠠᠯ ᠠᠪᠴᠢᠷᠠᠵᠤ ᠥᠭᠬᠦ ᠶᠦᠮ᠃ ᠡᠨᠡ ᠲᠤᠬᠠᠢ2005 ᠣᠨ ᠤ᠋10 ᠰᠠᠷ᠎ᠠ ᠶ᠋ᠢᠨ20 ᠤ᠋ ᠡᠳᠦᠷ ᠬᠤᠷᠠᠯᠳᠤᠭᠰᠠᠨ ᠶᠦᠨᠧᠰᠺᠦ ᠶ᠋ᠢᠨ ᠭᠡᠰᠢᠭᠦᠨ ᠤᠯᠤᠰ33 ᠳ᠋ᠤᠭᠠᠷ ᠬᠤᠭᠤᠴᠠᠭᠠᠨ ᠤ᠋ ᠶᠡᠬᠡ ᠬᠤᠷᠠᠯ ᠢ᠋ᠶ᠋ᠠᠷ ᠪᠠᠲᠤᠯᠠᠭᠰᠠᠨ《ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠪᠠ ᠠᠬᠢᠭᠤᠯᠬᠤ ᠲᠤᠬᠠᠢ ᠣᠯᠠᠨ ᠤᠯᠤᠰ ᠤ᠋ᠨ ᠨᠡᠢᠲᠡ ᠶ᠋ᠢᠨ ᠭᠡᠷ᠎ᠡ 》 ᠶ᠋ᠢᠨ35 ᠳ᠋ᠤᠭᠠᠷ ᠵᠦᠢᠯ ᠳ᠋ᠦ᠍《ᠰᠣᠶᠣᠯ ᠤ᠋ᠨ ᠣᠯᠠᠨ ᠶᠠᠩᠵᠤᠲᠤ ᠰᠢᠨᠵᠢ ᠪᠣᠯ ᠬᠥᠮᠦᠨ ᠲᠥᠷᠥᠯᠬᠢᠲᠡᠨ ᠦ᠌ ᠦᠨᠳᠦᠰᠦᠨ ᠣᠨᠴᠠᠯᠢᠭ ᠤ᠋ᠨ ᠨᠢᠭᠡ᠃ ᠲᠡᠷᠡ ᠪᠣᠯ ᠬᠥᠮᠦᠨ ᠲᠥᠷᠥᠯᠬᠢᠲᠡᠨ ᠦ᠌ ᠬᠠᠮᠲᠤ ᠶ᠋ᠢᠨ ᠥᠪ ᠬᠥᠷᠥᠩᠭᠡ ᠪᠣᠯᠬᠣᠷ ᠨᠠᠨᠳᠢᠩᠨᠠᠨ ᠬᠠᠢᠷᠠᠯᠠᠵᠤ᠂ ᠬᠢᠮᠠᠭᠠᠳᠠᠨ ᠬᠠᠮᠠᠭᠠᠯᠠᠬᠤ ᠬᠡᠷᠡᠭᠲᠡᠢ᠃ ᠰᠣᠶᠣᠯ ᠤ᠋ᠨ ᠣᠯᠠᠨ ᠶᠠᠩᠵᠤᠲᠤ ᠰᠢᠨᠵᠢ ᠪᠢᠳᠡᠨ ᠳ᠋ᠦ᠍ ᠤᠳᠬ᠎ᠠ ᠠᠭᠤᠯᠭ᠎ᠠ ᠲᠠᠢ ᠳᠡᠯᠡᠬᠡᠢ ᠳ᠋ᠠᠬᠢᠨ ᠢ᠋ ᠰᠣᠶᠣᠷᠬᠠᠭᠰᠠᠨ ᠶᠤᠮ》 ᠭᠡᠵᠦ ᠳᠤᠷᠠᠳᠤᠭᠰᠠᠨ ᠪᠢᠯᠡ᠃
ᠬᠣᠶᠠᠷ᠂ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠳ᠋ᠤ᠌ ᠬᠣᠯᠪᠣᠭᠳᠠᠭᠰᠠᠨ ᠵᠠᠷᠢᠮ ᠴᠢᠬᠤᠯᠠ ᠠᠵᠢᠯᠯᠠᠭ᠎ᠠ ᠨᠤᠭᠤᠳ
ᠬᠥᠮᠦᠨ ᠲᠥᠷᠥᠯᠬᠢᠲᠡᠨ ᠦ᠌ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠳ᠋ᠤ᠌ ᠬᠣᠯᠪᠣᠭᠳᠠᠭᠰᠠᠨ ᠦᠨᠳᠦᠰᠦᠨ ᠠᠰᠠᠭᠤᠳᠠᠯ ᠪᠣᠯ ᠵᠥᠪᠬᠡᠨ ᠰᠣᠶᠣᠯ ᠤ᠋ᠨ ᠢᠯᠡᠷᠡᠬᠦ ᠪᠣᠯᠤᠭᠰᠠᠨ ᠠᠷᠠᠳ ᠤ᠋ᠨ ᠳᠠᠭᠤᠤ ᠤᠷᠠᠯᠢᠭ ᠵᠡᠷᠭᠡ ᠶ᠋ᠢ ᠬᠠᠮᠠᠭᠠᠯᠠᠬᠤ ᠶᠠᠪᠤᠳᠠᠯ ᠲᠡᠳᠦᠢ ᠪᠤᠰᠤ᠂ ᠬᠠᠷᠢᠨ ᠤᠯᠠᠮᠵᠢᠯᠠᠯᠲᠤ ᠰᠣᠶᠣᠯ ᠤ᠋ᠨ ᠬᠢᠨᠢ ᠬᠥᠷᠥᠰᠥ ᠰᠢᠷᠣᠢ ᠶ᠋ᠢ ᠬᠠᠮᠠᠭᠠᠯᠠᠬᠤ ᠶᠠᠪᠤᠳᠠᠯ ᠪᠣᠯᠤᠨ᠎ᠠ᠃ ᠠᠵᠤ ᠠᠬᠤᠢ ᠶ᠋ᠢᠨ ᠳᠠᠶᠠᠭᠠᠷᠰᠢᠯ ᠨᠢ ᠰᠣᠶᠣᠯ ᠤ᠋ᠨ ᠳᠠᠶᠠᠭᠠᠷᠰᠢᠯ ᠤ᠋ᠨ ᠬᠠᠨᠳᠤᠰᠢ ᠶ᠋ᠢ ᠪᠣᠢ ᠪᠣᠯᠭᠠᠵᠤ᠂ ᠬᠥᠮᠦᠨ ᠲᠥᠷᠥᠯᠬᠢᠲᠡᠨ ᠦ᠌ ᠣᠯᠠᠨ ᠡᠰᠢᠲᠦ ᠰᠣᠶᠣᠯ ᠨᠢ ᠳᠠᠩ ᠭᠠᠭᠴᠠ《ᠪᠠᠷᠢᠮᠵᠢᠶᠠᠲᠤ ᠰᠣᠶᠣᠯ》 ᠢ᠋ᠶ᠋ᠠᠷ ᠣᠷᠤᠯᠠᠭᠳᠠᠬᠤ ᠠᠶᠤᠯ ᠲᠠᠢ ᠨᠢᠭᠤᠷᠯᠠᠵᠤ ᠪᠣᠢ᠃ ᠥᠭᠡᠷ᠎ᠡ ᠪᠡᠷ ᠬᠡᠯᠡᠪᠡᠯ᠂ ᠳᠠᠶᠠᠭᠠᠷᠰᠢᠯ ᠨᠢ ᠬᠥᠮᠦᠨ ᠲᠥᠷᠥᠯᠬᠢᠲᠡᠨ ᠦ᠌ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠠᠯᠳᠠᠭᠳᠠᠭᠤᠯᠬᠤ᠂ ᠣᠳᠣᠬᠢᠴᠢᠯᠠᠭᠰᠠᠨ ᠤᠯᠤᠰ ᠣᠷᠣᠨ ᠤ᠋ ᠮᠣᠳ᠋ ᠰᠣᠶᠣᠯ ᠨᠢ ᠶᠠᠳᠠᠭᠤ ᠬᠣᠴᠣᠷᠤᠩᠭᠤᠢ ᠤᠯᠤᠰ ᠦᠨᠳᠦᠰᠦᠲᠡᠨ ᠦ᠌ ᠤᠤᠭᠠᠯ ᠰᠣᠶᠣᠯ ᠢ᠋ ᠤᠰᠠᠳᠬᠠᠬᠤ ᠴᠢᠭᠯᠡᠯ ᠲᠡᠰᠢ ᠬᠠᠨᠳᠤᠵᠤ ᠪᠠᠢᠨ᠎ᠠ᠃ ᠡᠢᠨ ᠬᠦ᠌ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢᠨ ᠴᠢᠬᠤᠯᠠ ᠴᠢᠨᠠᠷ ᠢ᠋ ᠲᠣᠳᠣᠷᠬᠠᠢ ᠤᠬᠠᠮᠰᠠᠷᠠᠭᠰᠠᠨ ᠤ᠋ ᠳ᠋ᠦᠩ ᠳ᠋ᠦ᠍ ᠪᠣᠯᠤᠨ ᠪᠣᠳᠠᠰ ᠳᠡᠯᠡᠬᠡᠢ ᠨᠡᠢᠲᠡ ᠶ᠋ᠢᠨ ᠬᠡᠮᠵᠢᠶᠡᠨ ᠳ᠋ᠦ᠍ ᠮᠠᠰᠢ ᠣᠯᠠᠨ ᠰᠠᠨᠠᠭᠠᠴᠢᠯᠠᠭ᠎ᠠ ᠲᠠᠢ ᠠᠵᠢᠯ ᠬᠢᠭᠳᠡᠵᠦ ᠪᠣᠢ᠃
1 ᠳᠡᠯᠡᠬᠡᠢ ᠶ᠋ᠢᠨ ᠬᠡᠮᠵᠢᠶᠡᠨ ᠳ᠋ᠦ᠍᠄
(1)1972 ᠣᠨ ᠳ᠋ᠤ᠌ ᠶᠦᠨᠧᠰᠺᠦ ᠶ᠋ᠢᠨ17 ᠳ᠋ᠤᠭᠠᠷ ᠬᠤᠭᠤᠴᠠᠭᠠᠨ ᠤ᠋ ᠶᠡᠬᠡ ᠬᠤᠷᠠᠯ ᠢ᠋ᠶ᠋ᠠᠷ《ᠳᠡᠯᠡᠬᠡᠢ ᠶ᠋ᠢᠨ ᠰᠣᠶᠣᠯ ᠪᠠ ᠪᠠᠢᠭᠠᠯᠢ ᠶ᠋ᠢᠨ ᠥᠪ ᠢ᠋ ᠬᠠᠮᠠᠭᠠᠯᠠᠬᠤ ᠭᠡᠷ᠎ᠡ》 ᠪᠠᠲᠤᠯᠠᠵᠤ᠂1989 ᠣᠨ ᠳ᠋ᠤ᠌《ᠠᠷᠠᠳ ᠤ᠋ᠨ ᠤᠷᠠᠯᠢᠭ ᠢ᠋ ᠬᠠᠮᠠᠭᠠᠯᠠᠬᠤ ᠰᠠᠨᠠᠯ ᠤ᠋ᠨ ᠪᠢᠴᠢᠭ》᠂2001 ᠣᠨ ᠳ᠋ᠤ᠌ ᠳᠡᠯᠡᠬᠡᠢ ᠶ᠋ᠢᠨ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠶᠦᠨᠧᠰᠺᠦ ᠶ᠋ᠢᠨ ᠲᠤᠩᠬᠠᠭ》᠂2002 ᠣᠨ ᠳ᠋ᠤ᠌《ᠢᠰᠲ᠋ᠠᠨᠪᠥ᠋ᠯ ᠦ᠋ᠨ ᠲᠤᠩᠬᠠᠭ》 ᠵᠡᠷᠭᠡ ᠶ᠋ᠢ ᠨᠡᠢᠲᠡᠯᠡᠵᠦ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠶ᠋ᠢᠨ ᠴᠢᠬᠤᠯᠠ ᠴᠢᠨᠠᠷ ᠢ᠋ ᠳᠡᠯᠡᠬᠡᠢ ᠨᠡᠢᠲᠡ ᠳ᠋ᠦ᠍ ᠤᠷᠢᠶᠠᠯᠠᠭᠰᠠᠨ ᠪᠠᠢᠨ᠎ᠠ᠃
(2)1999 ᠣᠨ ᠳ᠋ᠤ᠌ ᠶᠦᠨᠧᠰᠺᠦ ᠶ᠋ᠢᠨ30 ᠳ᠋ᠤᠭᠠᠷ ᠬᠤᠭᠤᠴᠠᠭᠠᠨ ᠤ᠋ ᠶᠡᠬᠡ ᠬᠤᠷᠠᠯ ᠢ᠋ᠶ᠋ᠠᠷ《ᠬᠥᠮᠦᠨ ᠲᠥᠷᠥᠯᠬᠢᠲᠡᠨ ᠦ᠌ ᠠᠮᠠᠨ ᠤᠯᠠᠮᠵᠢᠯᠠᠯ ᠪᠣᠯᠤᠨ ᠪᠣᠳᠠᠰ ᠤ᠋ᠨ ᠪᠤᠰᠤ ᠰᠣᠶᠣᠯ ᠤ᠋ᠨ ᠥᠪ ᠲᠥᠯᠤᠭᠡᠯᠩᠴᠢ ᠪᠦᠲᠦᠭᠡᠯ ᠦ᠋ᠨ ᠪᠦᠷᠢᠳᠬᠡᠯ》 ᠢ᠋ ᠲᠣᠭᠲᠠᠭᠠᠨ ᠬᠠᠮᠠᠭᠠᠯᠠᠬᠤ ᠠᠵᠢᠯ ᠢ᠋ᠶ᠋ᠠᠨ ᠡᠬᠢᠯᠡᠭᠦᠯᠦᠭᠰᠡᠨ ᠪᠠᠢᠨ᠎ᠠ᠃
(3)2001 ᠣᠨ ᠤ᠋5 ᠳ᠋ᠤᠭᠠᠷ ᠰᠠᠷ᠎ᠠ ᠶ᠋ᠢᠨ18 ᠤ᠋ ᠡᠳᠦᠷ ᠶᠦᠨᠧᠰᠺᠦ ᠡᠴᠡ《ᠬᠥᠮᠦᠨ ᠲᠥᠷᠥᠯᠬᠢᠲᠡᠨ ᠦ᠌ ᠠᠮᠠᠨ ᠤᠯᠠᠮᠵᠢᠯᠠᠯ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠲᠥᠯᠤᠭᠡᠯᠩᠴᠢ ᠪᠦᠲᠦᠭᠡᠯ ᠦ᠋ᠨ ᠪᠦᠷᠢᠳᠬᠡᠯ》 ᠳ᠋ᠦ᠍ ᠪᠦᠷᠢᠳᠬᠡᠭᠦᠯᠦᠭᠰᠡᠨ ᠠᠩᠬᠠᠨ ᠤ᠋19 ᠵᠦᠢᠯ ᠦ᠋ᠨ ᠰᠣᠶᠣᠯ ᠤ᠋ᠨ ᠥᠪ ᠢ᠋ ᠨᠡᠢᠲᠡᠯᠡᠵᠦ᠂2003 ᠣᠨ ᠤ᠋11 ᠳ᠋ᠦ᠍ᠭᠡᠷ ᠰᠠᠷ᠎ᠠ ᠶ᠋ᠢᠨ27 ᠤ᠋ ᠡᠳᠦᠷ ᠬᠣᠶᠠᠳᠠᠬᠢ ᠡᠭᠡᠯᠵᠢ ᠶ᠋ᠢᠨ ᠪᠦᠷᠢᠳᠬᠡᠯ ᠢ᠋ ᠨᠡᠢᠲᠡᠯᠡᠭᠰᠡᠨ ᠪᠠ2005 ᠣᠨ ᠤ᠋1 ᠳ᠋ᠦ᠍ᠭᠡᠷ ᠰᠠᠷ᠎ᠠ ᠳ᠋ᠤ᠌ ᠭᠤᠷᠪᠠᠳᠠᠬᠢ ᠡᠭᠡᠯᠵᠢ ᠶ᠋ᠢᠨ ᠪᠦᠷᠢᠳᠬᠡᠯ ᠢ᠋ ᠨᠡᠢᠲᠡᠯᠡᠭᠰᠡᠨ ᠪᠠᠢᠨ᠎ᠠ᠃
ᠭᠤᠷᠪᠠᠳᠠᠬᠢ ᠡᠭᠡᠯᠵᠢ ᠶ᠋ᠢᠨ ᠪᠦᠷᠢᠳᠬᠡᠯ ᠳ᠋ᠦ᠍ ᠮᠣᠩᠭᠣᠯ ᠤᠷᠲᠤ ᠶ᠋ᠢᠨ ᠳᠠᠭᠤᠤ ᠪᠦᠷᠢᠳᠬᠡᠭᠳᠡᠭᠰᠡᠨ ᠶᠦᠮ᠃
(4)2003 ᠣᠨ ᠤ᠋ 9 ᠳ᠋ᠦ᠍ᠭᠡᠷ ᠰᠠᠷ᠎ᠠ ᠶ᠋ᠢᠨ29 ᠡᠴᠡ10 ᠳ᠋ᠤᠭᠠᠷ ᠰᠠᠷ᠎ᠠ ᠶ᠋ᠢᠨ17 ᠤ᠋ ᠡᠳᠦᠷ ᠪᠣᠯᠲᠠᠯ᠎ᠠ ᠹᠷᠠᠨᠼᠢ ᠶ᠋ᠢᠨ ᠫᠠᠷᠢᠰ ᠬᠣᠳᠠᠨ᠎ᠠ ᠶᠠᠪᠤᠭᠳᠠᠭᠰᠠᠨ ᠶᠦᠨᠧᠰᠺᠦ ᠶ᠋ᠢᠨ32 ᠳ᠋ᠤᠭᠠᠷ ᠬᠤᠭᠤᠴᠠᠭᠠᠨ ᠤ᠋ ᠶᠡᠬᠡ ᠬᠤᠷᠠᠯ ᠳᠡᠭᠡᠷ᠎ᠡ《ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠨᠡᠢᠲᠡ ᠶ᠋ᠢᠨ ᠭᠡᠷ᠎ᠡ》 ᠶ᠋ᠢ ᠪᠠᠲᠤᠯᠠᠭᠰᠠᠨ᠃
(5)2005 ᠣᠨ ᠤ᠋10 ᠳ᠋ᠤᠭᠠᠷ ᠰᠠᠷ᠎ᠠ ᠶ᠋ᠢᠨ20 ᠤ᠋ ᠡᠳᠦᠷ ᠬᠤᠷᠠᠯᠳᠤᠭᠰᠠᠨ ᠶᠦᠨ᠋ᠸᠰᠺᠦ ᠶ᠋ᠢᠨ ᠭᠡᠰᠢᠭᠦᠨ ᠤᠯᠤᠰ ᠤ᠋ᠨ33 ᠳ᠋ᠤᠭᠠᠷ ᠬᠤᠭᠤᠴᠠᠭᠠᠨ ᠤ᠋ ᠶᠡᠬᠡ ᠬᠤᠷᠠᠯ ᠢ᠋ᠶ᠋ᠠᠷ《ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠪᠠ ᠠᠬᠢᠭᠤᠯᠬᠤ ᠲᠤᠬᠠᠢ ᠣᠯᠠᠨ ᠤᠯᠤᠰ ᠤ᠋ᠨ ᠨᠡᠢᠲᠡ ᠶ᠋ᠢᠨ ᠭᠡᠷ᠎ᠡ》 ᠶ᠋ᠢ ᠪᠠᠲᠤᠯᠠᠵᠤ᠂《ᠬᠥᠮᠦᠨ ᠦ᠌ ᠡᠷᠬᠡ᠂ ᠰᠣᠶᠣᠯ ᠤ᠋ᠨ ᠲᠥᠪ ᠡᠷᠬᠡ᠂ ᠰᠣᠶᠣᠯ ᠤ᠋ᠨ ᠡᠷᠬᠡ ᠲᠡᠭᠰᠢ᠂ ᠣᠯᠠᠨ ᠤᠯᠤᠰ ᠬᠠᠷᠢᠯᠴᠠᠨ ᠲᠤᠰᠠᠯᠠᠯᠴᠠᠬᠤ᠂ ᠠᠵᠤ ᠠᠬᠤᠢ ᠰᠣᠶᠣᠯ ᠬᠠᠷᠢᠯᠴᠠᠨ ᠨᠥᠬᠥᠪᠥᠷᠢᠯᠡᠬᠦ᠂ ᠦᠷᠭᠦᠯᠵᠢᠯᠡᠨ ᠬᠥᠭᠵᠢᠬᠦ᠂ ᠡᠷᠬᠡ ᠲᠡᠭᠰᠢ ᠡᠳ᠋ᠯᠡᠬᠦ᠂ ᠲᠥᠪ ᠭᠣᠣᠯᠴᠢ ᠲᠡᠩᠴᠡᠭᠦᠷᠢᠲᠡᠢ ᠪᠠᠢᠬᠤ ᠶ᠋ᠢ ᠬᠦᠨᠳᠦᠳᠬᠡᠬᠦ》 ᠵᠡᠷᠭᠡ ᠨᠠᠢ᠍ᠮᠠᠨ ᠵᠠᠷᠴᠢᠮ ᠢ᠋ ᠪᠠᠲᠤᠯᠠᠭᠰᠠᠨ ᠪᠠᠢᠨ᠎ᠠ᠃
(6) ᠳᠡᠯᠡᠬᠡᠢ ᠶ᠋ᠢᠨ ᠬᠡᠮᠵᠢᠶᠡᠨ ᠳ᠋ᠦ᠍ ᠰᠣᠶᠣᠯ ᠤ᠋ᠨ ᠥᠪ ᠦ᠋ᠨ ᠡᠳᠦᠷ ᠬᠡᠮᠡᠬᠦ ᠠᠵᠢᠯᠯᠠᠭ᠎ᠠ ᠬᠠᠮᠤᠭ ᠤ᠋ᠨ ᠠᠩᠬ᠎ᠠ1984 ᠣᠨ ᠳ᠋ᠤ᠌ ᠹᠷᠠᠨᠽᠢ ᠠ᠋ᠴᠠ ᠡᠬᠢᠯᠡᠵᠦ᠂ ᠵᠢᠯ ᠪᠦᠷᠢ ᠪᠠᠷᠤᠭ1000 ᠲᠦᠮᠡᠨ ᠬᠥᠮᠦᠨ ᠣᠷᠣᠯᠴᠠᠳᠠᠭ᠃
2. ᠤᠯᠤᠰ ᠤ᠋ᠨ ᠬᠡᠮᠵᠢᠶᠡᠨ ᠳ᠋ᠦ᠍᠄
ᠮᠠᠨ ᠤ᠋ ᠤᠯᠤᠰ1985 ᠣᠨ ᠤ᠋12 ᠳ᠋ᠤᠭᠠᠷ ᠰᠠᠷ᠎ᠠ ᠶ᠋ᠢᠨ12 ᠤ᠋ ᠡᠳᠦᠷ《ᠳᠡᠯᠡᠬᠡᠢ ᠶ᠋ᠢᠨ ᠰᠣᠶᠣᠯ ᠪᠣᠯᠤᠨ ᠪᠠᠢᠭᠠᠯᠢ ᠶ᠋ᠢᠨ ᠥᠪ ᠢ᠋ ᠬᠠᠮᠠᠭᠠᠯᠠᠬᠤ ᠨᠡᠢᠲᠡ ᠶ᠋ᠢᠨ ᠭᠡᠷ᠎ᠡ》 ᠳ᠋ᠦ᠍ ᠣᠷᠣᠵᠤ᠂2005 ᠣᠨ ᠤ᠋ ᠡᠴᠦᠰ ᠪᠣᠯᠲᠠᠯ᠎ᠠ31 ᠵᠦᠢᠯ ᠳᠡᠯᠡᠬᠡᠢ ᠶ᠋ᠢᠨ ᠰᠣᠶᠣᠯ ᠤ᠋ᠨ ᠥᠪ ᠢ᠋ᠶ᠋ᠡᠷ ᠪᠦᠷᠢᠳᠬᠡᠭᠳᠡᠭᠰᠡᠨ ᠪᠠᠢᠨ᠎ᠠ᠃2002 ᠣᠨ ᠳ᠋ᠤ᠌ ᠮᠠᠨ ᠤ᠋ ᠤᠯᠤᠰ《ᠳᠤᠮᠳᠠᠳᠤ ᠤᠯᠤᠰ ᠤ᠋ᠨ ᠠᠷᠠᠳ ᠤ᠋ᠨ ᠥᠪ ᠰᠣᠶᠣᠯ ᠢ᠋ ᠬᠠᠮᠠᠭᠠᠯᠠᠬᠤ ᠢᠨᠵᠧᠨᠧᠷᠢᠩ》 ᠢ᠋ ᠪᠠᠢᠭᠤᠯᠤᠭᠰᠠᠨ᠃2003 ᠣᠨ ᠳ᠋ᠤ᠌ ᠰᠣᠶᠣᠯ ᠤ᠋ᠨ ᠶᠠᠮᠤᠨ᠂ ᠡᠳ᠋ ᠦ᠋ᠨ ᠵᠠᠰᠠᠭ ᠤ᠋ᠨ ᠶᠠᠮᠤᠨ ᠬᠠᠮᠲᠤᠷᠠᠵᠤ᠂ ᠤᠯᠤᠰ ᠤ᠋ᠨ ᠦᠨᠳᠦᠰᠦᠲᠡᠨ ᠦ᠌ ᠵᠥᠪᠯᠡᠯ᠂ ᠳᠤᠮᠳᠠᠳᠤ ᠤᠯᠤᠰ ᠤ᠋ᠨ ᠤᠳᠬ᠎ᠠ ᠤᠷᠠᠯᠢᠭ ᠤ᠋ᠨ ᠬᠢᠨ ᠦ᠌ ᠬᠣᠯᠪᠣᠭ᠎ᠠ ᠶ᠋ᠢᠨ ᠬᠠᠮᠲᠤ《ᠳᠤᠮᠳᠠᠳᠤ ᠤᠯᠤᠰ ᠤ᠋ᠨ ᠦᠨᠳᠦᠰᠦᠲᠡᠨ ᠦ᠌ ᠠᠷᠠᠳ ᠤ᠋ᠨ ᠰᠣᠶᠣᠯ ᠢ᠋ ᠬᠠᠮᠠᠭᠠᠯᠠᠬᠤ ᠢᠨᠵᠧᠨᠧᠷᠢᠩ》 ᠢ᠋ ᠬᠡᠷᠡᠭᠵᠢᠭᠦᠯᠦᠭᠰᠡᠨ᠃《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠬᠠᠤᠯᠢ》 ᠶ᠋ᠢ ᠨᠣᠣᠷᠠᠭᠯᠠᠭᠠᠳ᠂2007 ᠣᠨ ᠤ᠋ ᠬᠠᠤᠯᠢ ᠶ᠋ᠢᠨ ᠪᠠᠢᠭᠤᠯᠤᠯᠲᠠ ᠳ᠋ᠤ᠌ ᠣᠷᠣᠭᠤᠯᠬᠤ ᠪᠠᠷ ᠪᠠᠢᠭ᠎ᠠ᠃2005 ᠣᠨ ᠤ᠋3 ᠳ᠋ᠤᠭᠠᠷ ᠰᠠᠷ᠎ᠠ ᠶ᠋ᠢᠨ26 ᠤ᠋ ᠡᠳᠦᠷ ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ ᠠᠯᠪᠠᠨ ᠲᠢᠩᠬᠢᠮ ᠡᠴᠡ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠪᠣᠯᠤᠨ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠡᠯ᠎ᠡ ᠬᠡᠯᠲᠡᠰ᠂ ᠰᠢᠭᠤᠳ ᠬᠠᠷᠢᠶ᠎ᠠ ᠪᠠᠢᠭᠤᠯᠭ᠎ᠠ ᠳ᠋ᠤ᠌《ᠮᠠᠨ ᠤ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠠᠵᠢᠯ ᠢ᠋ ᠴᠢᠩᠭᠠᠳᠬᠠᠬᠤ ᠲᠤᠬᠠᠢ ᠰᠠᠨᠠᠯ》([2005]18 ᠲᠣᠭᠠᠲᠤ) ᠶ᠋ᠢ ᠪᠠᠭᠤᠯᠭᠠᠨ《ᠳᠠᠶᠠᠭᠠᠷᠰᠢᠯ ᠤ᠋ᠨ ᠬᠠᠨᠳᠤᠰᠢ ᠪᠣᠯᠤᠨ ᠠᠵᠤ ᠠᠬᠤᠢ᠂ ᠨᠡᠢᠭᠡᠮ ᠦ᠋ᠨ ᠲᠦᠷᠭᠡᠨ ᠬᠤᠪᠢᠷᠠᠯᠲᠠ ᠠ᠋ᠴᠠ ᠰᠢᠯᠲᠠᠭᠠᠯᠠᠨ ᠮᠠᠨ ᠤ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠣᠷᠣᠰᠢᠨ ᠲᠣᠭᠲᠠᠨᠢᠯ᠂ ᠬᠠᠮᠠᠭᠠᠯᠠᠯᠲᠠ᠂ ᠬᠥᠭᠵᠢᠯᠲᠡ ᠳ᠋ᠦ᠍ ᠮᠠᠰᠢ ᠣᠯᠠᠨ ᠰᠢᠨ᠎ᠡ ᠪᠠᠢᠳᠠᠯ ᠪᠣᠯᠤᠨ ᠠᠰᠠᠭᠤᠳᠠᠯ ᠲᠤᠯᠭᠠᠷᠠᠵᠤ᠂ ᠬᠦᠨᠳᠦ ᠬᠡᠴᠡᠭᠦᠦ ᠰᠢᠯᠭᠠᠯᠲᠠ ᠨᠢᠭᠤᠷᠯᠠᠵᠤ ᠪᠣᠢ᠃ ᠨᠠᠮ ᠤ᠋ᠨ16 ᠳ᠋ᠤᠭᠠᠷ ᠶᠡᠬᠡ ᠬᠤᠷᠠᠯ ᠢ᠋ᠶ᠋ᠠᠷ ᠳᠤᠷᠠᠳᠤᠭᠰᠠᠨ ᠰᠣᠶᠣᠯ ᠤ᠋ᠨ ᠴᠢᠬᠤᠯᠠ ᠥᠪ ᠪᠣᠯᠤᠨ ᠠᠷᠠᠳ ᠤ᠋ᠨ ᠰᠣᠩᠭᠣᠳᠠᠭ ᠤᠷᠠᠯᠢᠭ ᠢ᠋ ᠬᠠᠮᠠᠭᠠᠯᠠᠬᠤ ᠲᠤᠬᠠᠢ ᠠᠵᠢᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠵᠤ᠂ ᠶᠦᠨᠧᠰᠺᠦ ᠶ᠋ᠢᠨ〈ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠨᠡᠢᠲᠡ ᠶ᠋ᠢᠨ ᠭᠡᠷ᠎ᠡ〉 ᠳ᠋ᠦ᠍ ᠣᠷᠣᠯᠴᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢᠨ ᠲᠤᠯᠠᠳᠠ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠵᠥᠪᠰᠢᠶᠡᠷᠡᠯ ᠢ᠋ᠶ᠋ᠡᠷ ᠮᠠᠨ ᠤ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠠᠵᠢᠯ ᠢ᠋ ᠴᠢᠩᠭᠠᠳᠬᠠᠬᠤ ᠬᠡᠷᠡᠭᠲᠡᠢ》 ᠭᠡᠵᠦ ᠱᠠᠭᠠᠷᠳᠠᠭᠰᠠᠨ᠃2005 ᠣᠨ ᠳ᠋ᠤ᠌ ᠮᠣᠩᠭᠣᠯ ᠤᠯᠤᠰ ᠲᠠᠢ ᠬᠠᠮᠲᠤᠷᠠᠵᠤ ᠮᠣᠩᠭᠣᠯ ᠠᠷᠠᠳ ᠤ᠋ᠨ ᠤᠷᠲᠤ ᠶ᠋ᠢᠨ ᠳᠠᠭᠤᠤ ᠶ᠋ᠢ《ᠬᠥᠮᠦᠨ ᠲᠥᠷᠥᠯᠬᠢᠲᠡᠨ ᠦ᠌ ᠠᠮᠠᠨ ᠤᠯᠠᠮᠵᠢᠯᠠᠯ ᠪᠤᠶᠤ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠲᠥᠯᠥᠭᠡᠯᠡᠭᠴᠢ ᠪᠦᠲᠦᠭᠡᠯ》 ᠶ᠋ᠢᠡᠷ ᠡᠷᠡᠮᠡᠯᠵᠡᠯᠡᠨ ᠪᠦᠷᠢᠳᠬᠡᠭᠦᠯᠵᠡᠢ ᠃ ᠡᠨᠡ ᠪᠣᠯ ᠮᠠᠨ ᠤ᠋ ᠤᠯᠤᠰ ᠠᠩᠬ᠎ᠠ ᠤᠳᠠᠭ᠎ᠠ ᠬᠥᠷᠰᠢ ᠤᠯᠤᠰ ᠯᠤᠭ᠎ᠠ ᠪᠠᠨ ᠬᠤᠷᠰᠢᠵᠤ ᠮᠡᠳᠡᠭᠦᠯᠵᠦ ᠪᠠᠢᠭ᠎ᠠ ᠪᠣᠳᠠᠰ ᠤ᠋ᠨ ᠪᠤᠰᠤ ᠰᠣᠶᠣᠯ ᠤ᠋ᠨ ᠥᠪ ᠶᠦᠮ᠃2005 ᠣᠨ ᠤ᠋9 ᠳ᠋ᠦ᠍ᠭᠡᠷ ᠰᠠᠷ᠎ᠠ ᠳ᠋ᠤ᠌ ᠨᠢᠭᠡᠳᠦᠭᠡᠷ ᠬᠤᠭᠤᠴᠠᠭᠠᠨ ᠤ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠲᠦ᠍ ᠡᠷᠡᠮᠡᠯᠵᠡᠬᠦ ᠠᠵᠢᠯ ᠠᠮᠵᠢᠯᠲᠠ ᠲᠠᠢ ᠲᠡᠭᠦᠰᠴᠦ᠂ ᠡᠭᠦᠨ ᠳ᠋ᠦ᠍ ᠮᠣᠩᠭᠣᠯ ᠦᠨᠳᠦᠰᠦᠲᠡᠨ ᠦ᠌ ᠤᠷᠲᠤ ᠶ᠋ᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠂ ᠠᠨᠳᠠᠢ᠂ ᠡᠷ᠎ᠡ ᠶ᠋ᠢᠨ ᠭᠤᠷᠪᠠᠨ ᠨᠠᠭᠠᠳᠤᠮ᠂ ᠦᠯᠢᠭᠡᠷ ᠵᠡᠷᠭᠡ 17 ᠲᠥᠷᠥᠯ ᠵᠦᠢᠯ ᠨᠢᠭᠡᠨᠲᠡ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠪᠦᠷᠢᠳᠬᠡᠯ ᠳ᠋ᠦ᠍ ᠪᠠᠭᠲᠠᠵᠠᠢ᠃《ᠰᠣᠶᠣᠯ ᠤ᠋ᠨ ᠥᠪ ᠢ᠋ ᠬᠠᠮᠠᠭᠠᠯᠠᠬᠤ ᠡᠷᠴᠢᠮ ᠦ᠋ᠨ ᠴᠢᠩᠭᠠᠳᠬᠠᠬᠤ ᠲᠤᠬᠠᠢ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠮᠡᠳᠡᠭᠳᠡᠯ》 ᠳ᠋ᠦ᠍ ᠦᠨᠳᠦᠰᠦᠯᠡᠨ2006 ᠣᠨ ᠠ᠋ᠴᠠ ᠡᠬᠢᠯᠡᠨ ᠵᠢᠯ ᠪᠦᠷᠢ ᠶ᠋ᠢᠨ6 ᠳ᠋ᠤᠭᠠᠷ ᠰᠠᠷ᠎ᠠ ᠶ᠋ᠢᠨ ᠬᠣᠶᠠᠳᠤᠭᠠᠷ ᠭᠠᠷᠠᠭ ᠤ᠋ᠨ ᠭᠠᠷᠠᠭ ᠤ᠋ᠨ ᠵᠢᠷᠭᠤᠭᠠᠨ ᠢ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠡᠳᠦᠷ ᠢ᠋ᠶ᠋ᠡᠷ ᠲᠣᠭᠲᠠᠭᠠᠵᠠᠢ᠃
ᠡᠳᠡᠭᠡᠷ ᠠᠷᠭ᠎ᠠ ᠰᠠᠨᠠᠭᠠᠴᠢᠯᠠᠭ᠎ᠠ ᠶ᠋ᠢᠨ ᠳ᠋ᠦᠩ ᠳ᠋ᠦ᠍ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠯᠤᠭ᠎ᠠ ᠬᠣᠯᠪᠣᠭᠳᠠᠭᠰᠠᠨ ᠨᠡᠯᠢᠶᠡᠳ ᠬᠦᠴᠦᠨ ᠲᠡᠭᠦᠯᠳᠡᠷ ᠪᠦᠬᠦᠢ ᠠᠵᠢᠯᠯᠠᠭ᠎ᠠ ᠰᠡᠭᠦᠯ ᠦ᠋ᠨ ᠵᠢᠯ ᠦ᠋ᠳ ᠲᠦ᠍ ᠬᠢᠭᠳᠡᠵᠦ ᠪᠣᠢ᠃ ᠭᠡᠪᠡᠴᠦ ᠣᠷᠴᠢᠨ ᠨᠥᠬᠥᠴᠡᠯ᠂ ᠣᠢᠯᠠᠭᠠᠯᠲᠠ ᠲᠠᠨᠢᠯᠲᠠ ᠠ᠋ᠴᠠ ᠰᠢᠯᠲᠠᠭᠠᠯᠠᠨ ᠡᠳᠦᠢ ᠲᠡᠳᠦᠢ ᠠᠰᠠᠭᠤᠳᠠᠯ ᠣᠷᠣᠰᠢᠵᠤ ᠪᠠᠢᠭ᠎ᠠ ᠶ᠋ᠢ ᠦᠭᠡᠢᠰᠬᠡᠵᠦ ᠡᠰᠡ ᠪᠣᠯᠬᠤ ᠮᠥᠷᠲᠡᠭᠡᠨ ᠠᠩᠬᠠᠷᠤᠨ ᠬᠠᠯᠠᠮᠵᠢᠯᠠᠬᠤ ᠬᠡᠷᠡᠭᠲᠡᠢ ᠪᠠᠢᠨ᠎ᠠ᠃ ᠡᠨᠡ ᠲᠤᠬᠠᠢ ᠥᠪᠥᠷ ᠮᠣᠩᠭᠣᠯ ᠣᠷᠣᠨ ᠳ᠋ᠤ᠌ ᠬᠢᠭᠳᠡᠵᠦ ᠪᠠᠢᠭ᠎ᠠ ᠮᠣᠩᠭᠣᠯ ᠰᠣᠶᠣᠯ ᠢ᠋ ᠬᠠᠮᠠᠭᠠᠯᠠᠬᠤ ᠠᠵᠢᠯᠯᠠᠭ᠎ᠠ ᠯᠤᠭ᠎ᠠ ᠬᠣᠯᠪᠣᠭᠳᠠᠭᠤᠯᠵᠤ ᠶᠠᠷᠢᠰᠤᠭᠠᠢ!
ᠭᠤᠷᠪᠠ᠂ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠯᠤᠭ᠎ᠠ ᠬᠣᠯᠪᠣᠭᠳᠠᠭᠰᠠᠨ ᠵᠠᠷᠢᠮ ᠠᠰᠠᠭᠤᠳᠠᠯ ᠵᠢᠴᠢ ᠲᠡᠭᠦᠨ ᠦ᠌ ᠲᠤᠬᠠᠢ ᠰᠠᠨᠠᠯ
ᠰᠡᠭᠦᠯ ᠦ᠋ᠨ ᠵᠢᠯ ᠦ᠋ᠳ ᠲᠦ᠍ ᠪᠣᠯᠵᠤ ᠪᠠᠢᠭ᠎ᠠ ᠰᠣᠶᠣᠯ ᠤ᠋ᠨ ᠥᠪ ᠢ᠋ ᠬᠠᠮᠠᠭᠠᠯᠠᠬᠤ ᠳᠡᠯᠡᠬᠡᠢ ᠨᠡᠢᠲᠡ ᠶ᠋ᠢᠨ ᠤᠷᠢᠶᠠᠯᠠᠭ᠎ᠠ ᠪᠣᠯᠤᠨ ᠰᠣᠶᠣᠯ ᠤ᠋ᠨ ᠲᠣᠮᠣ ᠣᠷᠣᠨ ᠢ᠋ ᠪᠦᠲᠦᠭᠡᠨ ᠪᠠᠢᠭᠤᠯᠬᠤ ᠠᠵᠢᠯ ᠤ᠋ᠨ ᠡᠷᠴᠢᠮ ᠢ᠋ᠶ᠋ᠡᠷ ᠮᠣᠩᠭᠣᠯ ᠰᠣᠶᠣᠯ ᠢ᠋ ᠬᠠᠮᠠᠭᠠᠯᠠᠬᠤ ᠰᠠᠨᠠᠭᠠᠴᠢᠯᠠᠭ᠎ᠠ ᠴᠤ ᠠᠶᠠᠨᠳᠠᠭᠠᠨ ᠲᠠᠯᠪᠢᠭᠳᠠᠵᠤ᠂ ᠡᠳᠦᠢ ᠲᠡᠳᠦᠢ ᠬᠡᠮᠵᠢᠶᠡᠨ ᠦ᠌ ᠠᠵᠢᠯ ᠬᠢᠭᠳᠡᠭᠰᠡᠨ ᠨᠢ ᠦᠨᠡᠬᠡᠷ ᠤᠷᠮ᠎ᠠ ᠰᠡᠳᠬᠢᠯ ᠰᠡᠷᠭᠦᠮᠡᠷ ᠤᠴᠢᠷ ᠪᠢᠯᠡ᠃ ᠮᠠᠨ ᠤ᠋ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠠᠵᠢᠯ ᠤ᠋ᠨ ᠴᠢᠭᠯᠡᠯᠲᠡ ᠪᠣᠯ《ᠬᠠᠮᠠᠭᠠᠯᠠᠬᠤ ᠪᠠᠷ ᠭᠣᠣᠯᠳᠠᠯᠭ᠎ᠠ ᠪᠣᠯᠭᠠᠵᠤ᠂ ᠠᠪᠤᠷᠠᠬᠤ ᠪᠠᠷ ᠤᠷᠢᠳᠠᠯ ᠪᠣᠯᠭᠠᠵᠤ᠂ ᠵᠣᠬᠢᠰᠲᠠᠢ ᠠᠰᠢᠭᠯᠠᠨ᠂ ᠤᠯᠠᠮᠵᠢᠯᠠᠨ ᠬᠥᠭᠵᠢᠭᠦᠯᠬᠦ》 ᠪᠥᠭᠡᠳ 2005 ᠣᠨ ᠤ᠋ 3 ᠳ᠋ᠤᠭᠠᠷ ᠰᠠᠷ᠎ᠠ ᠶ᠋ᠢᠨ 26 ᠤ᠋ ᠡᠳᠦᠷ ᠦ᠋ᠨ ᠨᠡᠢᠲᠡᠯᠡᠭᠰᠡᠨ《ᠤᠯᠤᠰ ᠤ᠋ᠨ ᠳᠡᠰ ᠦ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠲᠥᠯᠥᠭᠡᠯᠡᠬᠦ ᠪᠦᠲᠦᠭᠡᠯ ᠢ᠋ ᠡᠷᠡᠮᠡᠯᠵᠡᠯᠡᠨ ᠮᠡᠳᠡᠭᠦᠯᠵᠦ᠂ ᠬᠢᠨᠠᠨ ᠲᠣᠭᠲᠠᠭᠠᠬᠤ ᠲᠦᠷ ᠬᠡᠷᠡᠭᠵᠢᠭᠦᠯᠬᠦ ᠠᠷᠭ᠎ᠠ》 ᠶ᠋ᠢᠨ ᠳᠣᠯᠣᠳᠤᠭᠠᠷ ᠵᠤᠷᠪᠤᠰ ᠲᠤ《ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠳ᠋ᠤ᠌ ᠳᠠᠩᠰᠠᠯᠠᠬᠤ᠂ ᠬᠠᠳᠠᠭᠠᠯᠠᠬᠤ᠂ ᠤᠯᠠᠮᠵᠢᠯᠠᠬᠤ᠂ ᠤᠬᠠᠭᠤᠯᠬᠤ᠂ ᠬᠠᠮᠠᠭᠠᠯᠠᠬᠤ ᠬᠡᠷᠡᠭᠲᠡᠢ》 ᠭᠡᠵᠦ ᠳᠤᠷᠠᠳᠤᠭᠰᠠᠨ ᠪᠠᠢᠨ᠎ᠠ᠃ ᠭᠡᠪᠡᠴᠦ ᠣᠳᠣᠬᠠᠨ ᠳ᠋ᠤ᠌ ᠵᠥᠪᠬᠡᠨ ᠳᠠᠩᠰᠠᠯᠠᠬᠤ᠂ ᠬᠠᠳᠠᠭᠠᠯᠠᠬᠤ᠂ ᠤᠬᠠᠭᠤᠯᠬᠤ ᠪᠠᠷ ᠯᠠ ᠭᠣᠣᠯᠳᠠᠯᠭ᠎ᠠ ᠪᠣᠯᠭᠠᠵᠤ᠂ ᠵᠣᠬᠢᠰᠲᠠᠢ ᠠᠰᠢᠭᠯᠠᠬᠤ᠂ ᠤᠯᠠᠮᠵᠢᠯᠠᠨ ᠬᠥᠭᠵᠢᠭᠦᠯᠬᠦ ᠲᠠᠯ᠎ᠠ ᠪᠠᠷ ᠮᠠᠰᠢ ᠰᠤᠯᠠᠬᠠᠨ ᠪᠠᠢᠭ᠎ᠠ ᠨᠢ ᠰᠣᠶᠣᠯ ᠤ᠋ᠨ ᠥᠪ ᠢ᠋ ᠠᠪᠤᠷᠠᠬᠤ᠂ ᠬᠠᠮᠠᠭᠠᠯᠠᠬᠤ ᠵᠣᠷᠢᠯᠭ᠎ᠠ ᠳ᠋ᠠᠭᠠᠨ ᠬᠦᠷᠴᠦ ᠴᠢᠳᠠᠬᠤ ᠦᠭᠡᠢ ᠪᠠᠢᠭ᠎ᠠ ᠪᠢᠯᠡ᠃ ᠡᠨᠡ ᠨᠢ ᠮᠢᠨᠦ ᠦᠵᠡᠬᠦ ᠪᠡᠷ ᠳᠣᠣᠷᠠᠬᠢ ᠬᠡᠳᠦᠨ ᠠᠰᠠᠭᠤᠳᠠᠯ ᠯᠤᠭ᠎ᠠ ᠨᠢᠭᠲᠠ ᠬᠣᠯᠪᠣᠭ᠎ᠠ ᠲᠠᠢ᠃
(ᠨᠢᠭᠡ) ᠤᠤᠭᠠᠯ ᠰᠣᠶᠣᠯ ᠤ᠋ᠨ ᠡᠭᠦᠰᠦᠨ ᠲᠥᠯᠵᠢᠵᠦ᠂ ᠥᠭᠡᠳᠡᠯᠡᠨ ᠮᠠᠨᠳᠤᠭᠰᠠᠨ᠂ ᠪᠠᠰᠠ ᠤᠯᠠᠮᠵᠢᠯᠠᠨ ᠬᠥᠭᠵᠢᠬᠦ ᠬᠥᠷᠥᠰᠥ ᠰᠢᠷᠣᠢ ᠶ᠋ᠢ ᠲᠠᠴᠢᠷᠳᠠᠭᠤᠯᠤᠭᠰᠠᠨ ᠪᠠ ᠦᠷᠭᠦᠯᠵᠢᠯᠡᠨ ᠲᠠᠴᠢᠷᠳᠠᠭᠤᠯᠵᠤ ᠪᠠᠢᠭ᠎ᠠ᠃ ᠮᠣᠩᠭᠣᠯ ᠰᠣᠶᠣᠯ ᠪᠣᠯ ᠲᠥᠪ ᠠᠽᠢᠶ᠎ᠠ ᠶ᠋ᠢᠨ ᠣᠷᠣᠨ ᠪᠦᠰᠡ ᠨᠤᠲᠤᠭ ᠲᠤ᠌ ᠲᠥᠯᠵᠢᠯ ᠢ᠋ᠶ᠋ᠡᠨ ᠣᠯᠤᠭᠰᠠᠨ ᠨᠡᠭᠦᠳᠡᠯ ᠮᠠᠯᠵᠢᠯ ᠠᠮᠢᠳᠤᠷᠠᠯ ᠢ᠋ᠶ᠋ᠠᠷ ᠦᠨᠳᠦᠰᠦᠯᠡᠨ ᠳᠡᠯᠭᠡᠷᠡᠭᠴᠢ ᠬᠥᠷᠥᠰᠥ ᠰᠢᠷᠣᠢ ᠪᠠᠨ ᠪᠣᠯᠭᠠᠭᠰᠠᠨ ᠪᠠᠢᠳᠠᠭ᠃ ᠭᠡᠪᠡᠴᠦ20 ᠳ᠋ᠤᠭᠠᠷ ᠵᠠᠭᠤᠨ ᠠ᠋ᠴᠠ ᠬᠣᠢᠰᠢᠬᠢ ᠨᠡᠢᠭᠡᠮ ᠦ᠋ᠨ ᠯᠤᠲᠤ ᠶᠡᠬᠡ ᠬᠤᠪᠢᠰᠤᠯᠲᠠ ᠨᠢ ᠨᠡᠭᠦᠳᠡᠯ ᠮᠠᠯᠵᠢᠯ ᠤ᠋ᠨ ᠪᠣᠯᠤᠮᠵᠢ ᠨᠥᠬᠥᠴᠡᠯ ᠢ᠋ ᠨᠣᠴᠢᠲᠠᠢ ᠠᠯᠳᠠᠭᠳᠠᠭᠤᠯᠤᠨ᠂ ᠰᠠᠭᠤᠷᠢᠰᠢᠯ᠂ ᠬᠣᠲᠠᠵᠢᠯ ᠥᠭᠡᠳᠡ ᠰᠢᠯᠵᠢᠭᠰᠡᠨ ᠢ᠋ᠶ᠋ᠡᠷ ᠤᠤᠭᠠᠯ ᠰᠣᠶᠣᠯ ᠤ᠋ᠨ ᠣᠷᠣᠰᠢᠨ ᠲᠣᠭᠲᠠᠬᠤ ᠣᠷᠣᠨ ᠵᠠᠢ᠂ ᠨᠥᠬᠥᠴᠡᠯ ᠪᠣᠯᠤᠮᠵᠢ ᠠᠯᠠᠭ᠎ᠠ ᠪᠣᠯᠤᠭᠰᠠᠨ ᠪᠠᠢᠨ᠎ᠠ᠃ ᠢᠯᠠᠩᠭᠤᠶ᠎ᠠ ᠰᠡᠭᠦᠯ ᠦ᠋ᠨ ᠦᠶ᠎ᠡ ᠶ᠋ᠢᠨ ᠨᠡᠭᠦᠳᠡᠯ ᠠᠷᠠᠳ ᠤ᠋ᠨ ᠲᠣᠭᠣᠷᠢᠭ ᠲᠤ᠌ ᠰᠢᠯᠵᠢᠭᠦᠯᠦᠨ ᠲᠡᠵᠢᠭᠡᠪᠦᠷᠢ ᠦᠨᠢᠶ᠎ᠡ ᠠᠷᠠᠴᠢᠯᠠᠭᠤᠯᠬᠤ᠂ ᠪᠠᠯᠭᠠᠰᠤᠵᠢᠭᠤᠯᠬᠤ᠂ ᠬᠣᠲᠠ ᠣᠷᠣᠬᠤ᠁ ᠵᠡᠷᠭᠡ ᠶᠡᠬᠡ ᠤᠷᠤᠰᠬᠠᠯ ᠨᠢ ᠮᠣᠩᠭᠣᠯᠴᠤᠳ ᠤ᠋ᠨ ᠨᠡᠢᠭᠡᠮ ᠦ᠋ᠨ ᠤᠯᠠᠮᠵᠢᠯᠠᠯᠲᠤ ᠳᠢᠭᠯᠢᠮ ᠢ᠋ ᠡᠪᠳᠡᠨ᠂ ᠤᠯᠠᠮᠵᠢᠯᠠᠯᠲᠤ ᠰᠣᠶᠣᠯ ᠤ᠋ᠨ ᠣᠷᠣᠰᠢᠨ ᠲᠣᠭᠲᠠᠬᠤ᠂ ᠤᠯᠠᠮᠵᠢᠯᠠᠨ ᠬᠥᠭᠵᠢᠬᠦ ᠪᠠᠷᠤᠭ ᠪᠦᠬᠦ ᠪᠣᠯᠤᠮᠵᠢ ᠶ᠋ᠢ ᠠᠯᠳᠠᠭᠤᠯᠤᠭᠰᠠᠨ ᠪᠠᠢᠨ᠎ᠠ᠃ ᠡᠢᠮᠦ ᠪᠠᠢᠳᠠᠯ ᠳᠣᠣᠷ᠎ᠠ ᠤᠤᠭᠠᠯ ᠰᠣᠶᠣᠯ ᠤ᠋ᠨ ᠤᠯᠠᠮᠵᠢᠯᠠᠯ ᠢ᠋ ᠬᠠᠮᠠᠭᠠᠯᠠᠬᠤ᠂ ᠠᠪᠤᠷᠠᠬᠤ᠂ ᠨᠡᠩ ᠴᠦ᠍ ᠥᠪᠯᠡᠨ ᠤᠯᠠᠮᠵᠢᠯᠠᠬᠤ ᠦᠨᠳᠦᠰᠦᠨ ᠨᠥᠬᠥᠴᠡᠯ ᠦᠭᠡᠢ ᠪᠣᠯᠤᠭᠰᠠᠨ ᠶᠤᠮ᠃《ᠮᠣᠩᠭᠣᠯᠴᠤᠳ ᠤ᠋ᠨ ᠰᠣᠶᠣᠯ ᠲᠡᠦᠬᠡ ᠲᠠᠪᠤᠨ ᠬᠣᠰᠢᠭᠤ ᠮᠠᠯ ᠲᠠᠢ ᠪᠠᠨ ᠬᠣᠯᠪᠣᠭ᠎ᠠ ᠲᠠᠢ ᠪᠠᠷ ᠡᠭᠦᠰᠴᠦ᠂ ᠬᠥᠭᠵᠢᠵᠦ᠂ ᠤᠯᠠᠮᠵᠢᠯᠠᠭᠳᠠᠵᠤ ᠢᠷᠡᠭᠰᠡᠨ ᠶᠦᠮ》 ᠭᠡᠰᠡᠨ ᠭᠠᠳᠠᠭᠠᠳᠤ ᠶ᠋ᠢᠨ ᠡᠷᠳᠡᠮᠲᠡᠨ ᠦ᠌ ᠤᠴᠢᠷᠯᠠᠯ ᠪᠠᠢᠳᠠᠭ᠃ ᠲᠠᠪᠤᠨ ᠬᠣᠰᠢᠭᠤ ᠮᠠᠯ ᠲᠥᠪ ᠠᠽᠢᠶ᠎ᠠ ᠶ᠋ᠢᠨ ᠣᠷᠣᠨ ᠪᠦᠰᠡ ᠨᠤᠲᠤᠭ ᠲᠤ᠌ ᠬᠠᠮᠤᠭ ᠤ᠋ᠨ ᠵᠣᠬᠢᠴᠠᠯ ᠢ᠋ᠶ᠋ᠠᠨ ᠣᠯᠤᠭᠰᠠᠨ ᠭᠡᠷ ᠦ᠋ᠨ ᠲᠡᠵᠢᠭᠡᠪᠦᠷᠢ ᠪᠣᠯᠬᠤ ᠨᠢ ᠡᠷᠡᠭᠡᠯᠵᠡᠭᠡ ᠦᠭᠡᠢ᠂ ᠡᠭᠦᠨ ᠲᠡᠢ ᠠᠳᠠᠯᠢ ᠪᠠᠷ ᠨᠡᠭᠦᠳᠡᠯ ᠰᠣᠶᠣᠯ ᠪᠣᠯ ᠮᠥᠨ ᠴᠦ᠍ ᠡᠨᠡ ᠣᠷᠣᠨ ᠪᠦᠰᠡ ᠨᠤᠲᠤᠭ ᠲᠤ᠌ ᠵᠣᠬᠢᠴᠠᠯ ᠢ᠋ᠶ᠋ᠠᠨ ᠣᠯᠤᠭᠰᠠᠨ ᠤᠤᠭᠠᠯ ᠰᠣᠶᠣᠯ ᠶᠤᠮ᠃ ᠭᠡᠪᠡᠴᠦ ᠳᠠᠩ ᠭᠠᠭᠴᠠ ᠠᠵᠤ ᠠᠬᠤᠢ ᠶ᠋ᠢᠨ ᠠᠰᠢᠭ ᠣᠷᠣᠯᠭ᠎ᠠ ᠶ᠋ᠢᠨ ᠲᠦᠷ ᠴᠠᠭ ᠤ᠋ᠨ ᠱᠠᠭᠠᠷᠳᠠᠯᠭ᠎ᠠ ᠪᠠᠷ ᠬᠢᠭᠳᠡᠭᠰᠡᠨ ᠦᠢᠯᠡᠳᠪᠦᠷᠢᠯᠡᠯ ᠦ᠋ᠨ ᠬᠡᠯᠪᠡᠷᠢ ᠶ᠋ᠢᠨ ᠥᠭᠡᠷᠡᠴᠢᠯᠡᠯᠲᠡ ᠨᠢ ᠤᠤᠭᠠᠯ ᠰᠣᠶᠣᠯ ᠤ᠋ᠨ ᠦᠷᠡᠭᠳᠡᠯ ᠢ᠋ᠶ᠋ᠡᠷ ᠵᠣᠯᠢᠶᠠᠰᠤ ᠪᠠᠨ ᠪᠣᠯᠭᠠᠭᠰᠠᠨ ᠶᠤᠮ᠃ ᠠᠮᠢᠳᠤᠷᠠᠯ ᠦᠢᠯᠡᠳᠪᠦᠷᠢᠯᠡᠯ ᠦ᠋ᠨ ᠬᠡᠯᠪᠡᠷᠢ ᠶ᠋ᠢᠨ ᠡᠢᠮᠦᠷᠬᠦᠦ ᠨᠣᠴᠢᠲᠠᠢ ᠬᠤᠪᠢᠷᠠᠯᠲᠠ ᠥᠨᠥᠳᠥᠷ ᠴᠦ᠍ ᠦᠷᠭᠦᠯᠵᠢᠯᠡᠭᠰᠡᠭᠡᠷ ᠪᠠᠢᠭ᠎ᠠ ᠨᠢ ᠰᠣᠶᠣᠯ ᠤ᠋ᠨ ᠠᠮᠢ ᠠᠬᠤᠢ ᠶ᠋ᠢᠨ ᠲᠣᠭᠲᠠᠯᠴᠠᠭ᠎ᠠ ᠶ᠋ᠢ ᠠᠯᠳᠠᠭᠳᠠᠭᠤᠯᠤᠨ᠂ ᠤᠤᠭᠠᠯ ᠰᠣᠶᠣᠯ ᠤ᠋ᠨ ᠤᠯᠠᠮᠵᠢᠯᠠᠯ᠂ ᠬᠥᠭᠵᠢᠭᠦᠯᠦᠯ᠂ ᠠᠪᠤᠷᠠᠬᠤ᠂ ᠬᠠᠮᠠᠭᠠᠯᠠᠬᠤ ᠰᠠᠨᠠᠭᠠᠴᠢᠯᠠᠭ᠎ᠠ ᠲᠠᠢ ᠡᠰᠡ ᠲᠣᠬᠢᠷᠠᠯᠴᠠᠵᠤ ᠪᠣᠢ᠃ ᠡᠢᠮᠦ ᠡᠴᠡ ᠬᠡᠷᠪᠡ ᠬᠥᠮᠦᠨ ᠲᠥᠷᠥᠯᠬᠢᠲᠡᠨ ᠦ᠌ ᠣᠯᠠᠨ ᠶᠠᠩᠵᠤᠲᠤ ᠰᠣᠶᠣᠯ ᠤ᠋ᠨ ᠨᠢᠭᠡᠨ ᠴᠢᠬᠤᠯᠠ ᠪᠦᠷᠢᠯᠳᠦᠬᠦᠨ ᠪᠣᠯᠤᠭᠰᠠᠨ ᠮᠣᠩᠭᠣᠯ ᠰᠣᠶᠣᠯ ᠢ᠋ ᠠᠪᠤᠷᠠᠶ᠎ᠠ᠂ ᠬᠠᠮᠠᠭᠠᠯᠠᠶ᠎ᠠ᠂ ᠥᠪᠯᠡᠶ᠎ᠡ ᠭᠡᠪᠡᠯ ᠬᠥᠮᠦᠨ ᠮᠠᠯ ᠪᠡᠯᠴᠢᠭᠡᠷ ᠦ᠋ᠨ ᠭᠤᠷᠮᠤᠰᠤᠨ ᠬᠣᠯᠪᠣᠭᠠᠨ ᠳᠡᠭᠡᠷ᠎ᠡ ᠲᠣᠭᠲᠠᠭᠰᠠᠨ ᠪᠡᠯᠴᠢᠭᠡᠷ ᠦ᠋ᠨ ᠮᠠᠯ ᠠᠵᠤ ᠠᠬᠤᠢ ᠶ᠋ᠢᠨ ᠦᠢᠯᠡᠳᠪᠦᠷᠢᠯᠡᠯ ᠦ᠋ᠨ ᠬᠡᠯᠪᠡᠷᠢ ᠶ᠋ᠢ ᠬᠠᠮᠠᠭᠠᠯᠠᠬᠤ᠂ ᠰᠡᠷᠭᠦᠭᠡᠬᠦ ᠬᠡᠷᠡᠭᠲᠡᠢ᠃ ᠦᠭᠡᠢ ᠪᠣᠯ ᠰᠣᠶᠣᠯ ᠢ᠋ ᠬᠠᠮᠠᠭᠠᠯᠠᠬᠤ᠂ ᠤᠯᠠᠮᠵᠢᠯᠠᠬᠤ ᠭᠡᠳᠡᠭ ᠨᠢ ᠬᠣᠭᠣᠰᠣᠨ ᠦᠭᠡ ᠲᠡᠳᠦᠢ ᠪᠣᠯᠤᠨ᠎ᠠ᠃
(ᠬᠣᠶᠠᠷ) ᠬᠥᠮᠦᠰ ᠦ᠋ᠨ ᠦᠵᠡᠯᠲᠡ ᠲᠠᠨᠢᠯᠲᠠ ᠶ᠋ᠢᠨ ᠰᠢᠯᠲᠠᠭᠠᠨ ᠢ᠋ᠶ᠋ᠠᠷ ᠲᠥᠷᠥ ᠪᠠᠷᠢᠭᠴᠢ ᠦᠨᠳᠦᠰᠦᠲᠡᠨ᠂ ᠡᠰᠡᠬᠦᠯ᠎ᠡ ᠬᠥᠮᠦᠨ ᠣᠯᠠᠨ ᠪᠤᠶᠤ ᠲᠧᠭᠨᠢᠭ ᠦ᠋ᠨ ᠣᠳᠣᠬᠢᠴᠢᠯᠠᠯ ᠬᠥᠭᠵᠢᠭᠰᠡᠨ ᠦᠨᠳᠦᠰᠦᠲᠡᠨ ᠦ᠌ ᠰᠣᠶᠣᠯ ᠢ᠋ ᠬᠦᠴᠦᠷᠬᠡᠭ ᠰᠣᠶᠣᠯ᠂ ᠬᠥᠭᠵᠢᠭᠰᠡᠨ ᠰᠣᠶᠣᠯ ᠭᠡᠮᠡᠨ ᠪᠤᠷᠤᠭᠤ ᠣᠢᠯᠠᠭᠠᠵᠤ ᠪᠠᠢᠨ᠎ᠠ᠃ ᠰᠣᠶᠣᠯ ᠳ᠋ᠤ᠌ ᠳᠠᠪᠰᠢᠩᠭᠤᠢ ᠬᠣᠴᠣᠷᠤᠩᠭᠤᠢ ᠶ᠋ᠢᠨ ᠢᠯᠭᠠᠭ᠎ᠠ ᠪᠠᠢᠬᠤ ᠦᠭᠡᠢ᠂ ᠬᠥᠮᠦᠨ ᠲᠥᠷᠥᠯᠬᠢᠲᠡᠨ ᠦ᠌ ᠰᠣᠶᠣᠯ ᠤ᠋ᠨ ᠠᠯᠲᠠᠨ ᠬᠥᠮᠥᠷᠭᠡ ᠳ᠋ᠦ᠍ ᠡᠯ᠎ᠡ ᠦᠨᠳᠦᠰᠦᠲᠡᠨ ᠦ᠌ ᠰᠣᠶᠣᠯ ᠡᠷᠬᠡ ᠲᠡᠭᠰᠢ ᠪᠠᠢᠷᠢ ᠰᠠᠭᠤᠷᠢ ᠲᠠᠢ ᠶᠤᠮ᠃ ᠦᠨᠳᠦᠰᠦᠲᠡᠨ ᠦ᠌ ᠡᠷᠬᠡ ᠲᠡᠭᠰᠢ ᠭᠡᠳᠡᠭ ᠨᠢ ᠦᠨᠡᠨ ᠳ᠋ᠡᠭᠡᠨ ᠮᠥᠨ ᠴᠦ᠍ ᠦᠨᠳᠦᠰᠦᠲᠡᠨ ᠦ᠌ ᠰᠣᠶᠣᠯ ᠤ᠋ᠨ ᠡᠷᠬᠡ ᠲᠡᠭᠰᠢ ᠶ᠋ᠢᠨ ᠤᠴᠢᠷ ᠶᠤᠮ᠃ ᠵᠥᠪᠬᠡᠨ ᠰᠣᠶᠣᠯ ᠤ᠋ᠨ ᠡᠷᠬᠡ ᠲᠡᠭᠰᠢ ᠶ᠋ᠢᠨ ᠤᠬᠠᠮᠰᠠᠷ ᠪᠠᠢᠮᠠᠨᠵᠢᠨ ᠦᠨᠳᠦᠰᠦᠲᠡᠨ ᠦ᠌ ᠰᠣᠶᠣᠯ᠂ ᠬᠥᠮᠦᠨ ᠲᠥᠷᠥᠯᠬᠢᠲᠡᠨ ᠦ᠌ ᠰᠣᠶᠣᠯ ᠳ᠋ᠤ᠌ ᠠᠳᠠᠯᠢ ᠲᠡᠭᠰᠢ ᠬᠠᠨᠳᠤᠬᠤ ᠤᠬᠠᠮᠰᠠᠷ ᠲᠠᠢ ᠪᠠᠢᠵᠤ᠂ ᠬᠠᠢᠷᠠᠯᠠᠬᠤ᠂ ᠬᠠᠮᠠᠭᠠᠯᠠᠬᠤ᠂ ᠥᠪᠯᠡᠬᠦ ᠪᠣᠯᠤᠮᠵᠢ ᠲᠠᠢ ᠪᠣᠯᠤᠨ᠎ᠠ᠃ ᠡᠭᠦᠨ ᠳ᠋ᠦ᠍ ᠲᠤᠬᠠᠢ ᠶ᠋ᠢᠨ ᠦᠨᠳᠦᠰᠦᠲᠡᠨ ᠦ᠌ ᠢᠷᠭᠡᠳ ᠥᠪᠡᠷ ᠦ᠋ᠨ ᠰᠣᠶᠣᠯ ᠤᠯᠠᠮᠵᠢᠯᠠᠯ ᠳ᠋ᠠᠭᠠᠨ ᠬᠠᠨᠳᠤᠬᠤ ᠢᠲᠡᠭᠡᠯ ᠰᠡᠳᠬᠢᠯ ᠪᠣᠯᠤᠨ ᠬᠦᠴᠦᠷᠡᠭᠡ ᠦᠨᠳᠦᠰᠦᠲᠡᠨ ᠦ᠌ ᠢᠷᠭᠡᠳ ᠪᠠᠭ᠎ᠠ ᠦᠨᠳᠦᠰᠦᠲᠡᠨ ᠦ᠌ ᠰᠣᠶᠣᠯ ᠳ᠋ᠤ᠌ ᠬᠠᠨᠳᠤᠬᠤ ᠡᠷᠬᠡ ᠲᠡᠭᠰᠢ ᠶ᠋ᠢᠨ ᠦᠵᠡᠯᠲᠡ ᠬᠠᠮᠤᠭ ᠤ᠋ᠨ ᠴᠢᠬᠤᠯᠠ᠃ ᠣᠳᠣᠬᠠᠨ ᠳ᠋ᠤ᠌ ᠥᠪᠡᠷ ᠦ᠋ᠨ ᠰᠣᠶᠣᠯ ᠳ᠋ᠠᠭᠠᠨ ᠭᠤᠳᠤᠷᠠᠭᠰᠠᠨ᠂ ᠬᠡᠯᠡ ᠰᠣᠶᠣᠯ ᠢ᠋ᠶ᠋ᠠᠨ ᠮᠠᠷᠲᠠᠭᠰᠠᠨ᠂ ᠬᠡᠯᠡ ᠰᠣᠶᠣᠯ ᠤ᠋ᠨ ᠤᠯᠠᠮᠵᠢᠯᠠᠯ ᠢ᠋ᠶ᠋ᠠᠨ ᠨᠠᠨᠳᠢᠩᠨᠠᠬᠤ ᠦᠭᠡᠢ ᠦᠨᠳᠦᠰᠦᠲᠡᠨ ᠦ᠌ ᠢᠷᠭᠡᠳ ᠣᠯᠠᠰᠢᠷᠠᠭᠰᠠᠨ ᠨᠢ ᠰᠣᠶᠣᠯ ᠤ᠋ᠨ ᠤᠯᠠᠮᠵᠢᠯᠠᠯ ᠬᠥᠭᠵᠢᠯ ᠦ᠋ᠨ ᠲᠣᠮᠣᠬᠠᠨ ᠠᠰᠠᠭᠤᠳᠠᠯ ᠪᠣᠯᠵᠤ ᠪᠣᠢ᠃ ᠡᠨᠡ ᠨᠢ ᠰᠣᠶᠣᠯ ᠤ᠋ᠨ ᠡᠷᠬᠡ ᠲᠡᠭᠰᠢ ᠡᠴᠡ ᠰᠢᠯᠲᠠᠭᠠᠯᠠᠭᠰᠠᠨ ᠤᠴᠢᠷ ᠶᠤᠮ᠃ ᠶᠠᠭᠠᠬᠢᠭᠠᠳ ᠭᠡᠪᠡᠯ᠂ ᠴᠥᠭᠡᠨ ᠲᠣᠭᠠᠲᠤ ᠦᠨᠳᠦᠰᠦᠲᠡᠨ ᠦ᠌ ᠬᠡᠯᠡ ᠰᠣᠶᠣᠯ ᠤ᠋ᠨ ᠡᠷᠬᠡ ᠲᠡᠭᠰᠢ ᠬᠡᠷᠡᠭᠯᠡᠭᠡ᠂ ᠥᠪᠡᠷ ᠦ᠋ᠨ ᠬᠡᠯᠡ ᠰᠣᠶᠣᠯ ᠢ᠋ᠶ᠋ᠠᠷ ᠢ᠋ᠶ᠋ᠠᠨ ᠬᠦᠮᠦᠵᠢᠭᠰᠡᠳ ᠦ᠋ᠨ ᠠᠵᠢᠯ ᠣᠯᠭᠣᠯᠲᠠ ᠶ᠋ᠢᠨ ᠨᠣᠷᠮ᠎ᠠ᠂ ᠬᠥᠳᠡᠭᠡ ᠣᠷᠣᠨ ᠨᠤᠲᠤᠭ ᠤ᠋ᠨ ᠠᠮᠢᠳᠤᠷᠠᠯ ᠠᠬᠤᠢ ᠶ᠋ᠢᠨ ᠬᠤᠪᠢᠷᠠᠯᠲᠠ ᠨᠢ ᠦᠨᠳᠦᠰᠦᠲᠡᠨ ᠦ᠌ ᠢᠷᠭᠡᠳ ᠦ᠋ᠨ ᠰᠣᠶᠣᠯ ᠤ᠋ᠨ ᠢᠲᠡᠭᠡᠯ ᠢ᠋ ᠨᠥᠯᠥᠭᠡᠯᠡᠵᠦ ᠪᠣᠢ᠃
(ᠭᠤᠷᠪᠠ) ᠰᠣᠶᠣᠯ ᠤ᠋ᠨ ᠤᠯᠠᠮᠵᠢᠯᠠᠯ ᠢ᠋ ᠬᠠᠮᠠᠭᠠᠯᠠᠬᠤ ᠭᠡᠳᠡᠭ ᠨᠢ ᠮᠦᠽᠧᠢ ᠳ᠋ᠦ᠍ ᠬᠠᠳᠠᠭᠠᠯᠠᠬᠤ᠂ ᠪᠢᠴᠢᠭ ᠲᠡᠮᠳᠡᠭᠯᠡᠯ ᠪᠤᠶᠤ ᠳᠠᠭᠤ ᠳᠦᠷᠰᠦ ᠪᠢᠴᠢᠯᠭᠡ ᠪᠡᠷ ᠲᠡᠮᠳᠡᠭᠯᠡᠬᠦ᠂ ᠨᠣᠮ ᠪᠣᠯᠭᠠᠬᠤ ᠲᠡᠳᠦᠢᠬᠡᠨ ᠤᠴᠢᠷ ᠪᠢᠰᠢ᠃ ᠬᠠᠷᠢᠨ《ᠠᠮᠢᠳᠤ ᠰᠣᠶᠣᠯ》 ᠤ᠋ᠨ ᠣᠷᠣᠰᠢᠨ ᠲᠣᠭᠲᠠᠨᠢᠯ ᠢ᠋ ᠬᠠᠮᠠᠭᠠᠯᠠᠬᠤ ᠤᠴᠢᠷ ᠶᠤᠮ᠃ ᠣᠳᠣᠬᠠᠨ ᠳ᠋ᠤ᠌ ᠮᠠᠨ ᠤ᠋ ᠬᠢᠵᠦ ᠪᠠᠢᠭ᠎ᠠ ᠰᠣᠶᠣᠯ ᠤ᠋ᠨ ᠤᠯᠠᠮᠵᠢᠯᠠᠯ ᠢ᠋ ᠠᠪᠤᠷᠠᠨ ᠬᠠᠮᠠᠭᠠᠯᠠᠬᠤ ᠠᠵᠢᠯᠯᠠᠭᠠᠨ ᠤ᠋ ᠣᠯᠠᠩᠬᠢ ᠨᠢ ᠪᠢᠴᠢᠵᠦ ᠲᠡᠮᠳᠡᠭᠯᠡᠬᠦ᠂ ᠡᠮᠬᠢᠳᠬᠡᠨ ᠴᠤᠭᠯᠠᠭᠤᠯᠬᠤ᠂ ᠬᠡᠪᠯᠡᠨ ᠳᠡᠪᠲᠡᠷᠯᠡᠬᠦ ᠬᠡᠮᠵᠢᠶᠡᠨ ᠳ᠋ᠦ᠍ ᠯᠡ ᠶᠠᠪᠤᠭᠳᠠᠵᠤ ᠪᠠᠢᠭ᠎ᠠ ᠨᠢ ᠡᠨᠡ ᠪᠣᠯ ᠳᠠᠷᠤᠢ ᠠᠪᠤᠷᠠᠨ ᠬᠠᠮᠠᠭᠠᠯᠠᠵᠤ ᠪᠠᠢᠭ᠎ᠠ ᠤᠴᠢᠷ ᠭᠡᠵᠦ ᠥᠷᠥᠭᠡᠰᠦᠭᠡᠯ ᠣᠢᠯᠠᠭᠠᠬᠤ ᠪᠠᠢᠭ᠎ᠠ ᠳ᠋ᠤ᠌ ᠪᠣᠢ᠃ ᠦᠨᠳᠦᠰᠦᠲᠡᠨ ᠦ᠌ ᠰᠣᠶᠣᠯ ᠭᠡᠳᠡᠭ ᠨᠢ ᠵᠥᠪᠬᠡᠨ ᠳᠠᠭᠤᠤ ᠤᠷᠠᠯᠢᠭ᠂ ᠠᠮᠠᠨ ᠵᠣᠬᠢᠶᠠᠯ᠂ ᠡᠳ᠋ ᠦᠯᠦᠭ ᠦ᠋ᠨ ᠵᠦᠢᠯ ᠲᠡᠳᠦᠢ ᠯᠡ ᠪᠢᠰᠢ᠃ ᠬᠠᠷᠢᠨ ᠡᠭᠦᠨ ᠲᠡᠢ ᠬᠣᠯᠪᠣᠭᠳᠠᠬᠤ ᠠᠮᠢᠳᠤᠷᠠᠯ ᠦᠢᠯᠡᠳᠪᠦᠷᠢᠯᠡᠯ᠂ ᠵᠠᠩ ᠦᠢᠯᠡ᠂ ᠰᠢᠲᠦᠯᠭᠡ ᠪᠢᠰᠢᠷᠡᠯ᠁᠃ ᠵᠡᠷᠭᠡ ᠣᠯᠠᠨ ᠠᠭᠤᠯᠭ᠎ᠠ ᠪᠠᠭᠲᠠᠳᠠᠭ᠃ ᠢᠯᠠᠩᠭᠤᠶ᠎ᠠ ᠪᠣᠳᠠᠰ ᠤ᠋ᠨ ᠪᠤᠰᠤ ᠬᠡᠯᠪᠡᠷᠢ ᠪᠡᠷ ᠦᠨᠳᠦᠰᠦᠲᠡᠨ ᠦ᠌ ᠢᠷᠭᠡᠳ ᠦ᠋ᠨ ᠡᠳᠦᠷ ᠳᠣᠳᠣᠮ ᠤ᠋ᠨ ᠠᠮᠢᠳᠤᠷᠠᠯ ᠤ᠋ᠨ ᠳᠤᠮᠳᠠ ᠣᠷᠣᠰᠢᠵᠤ ᠪᠠᠢᠭ᠎ᠠ ᠰᠣᠶᠣᠯ ᠤ᠋ᠨ ᠥᠪ ᠦ᠋ᠨ ᠪᠣᠳᠠᠲᠠᠢ ᠣᠷᠣᠰᠢᠨ ᠲᠣᠭᠲᠠᠨᠢᠯ ᠨᠢ ᠠᠯᠳᠠᠭᠳᠠᠭᠰᠠᠨ ᠪᠢᠴᠢᠭ ᠲᠡᠮᠳᠡᠭᠯᠡᠯ᠂ ᠳᠦᠷᠰᠦ ᠪᠢᠴᠢᠯᠭᠡ ᠶ᠋ᠢᠨ ᠬᠡᠯᠪᠡᠷᠢ ᠶ᠋ᠢ ᠰᠣᠶᠣᠯ ᠭᠡᠵᠦ᠂ ᠪᠢᠴᠢᠵᠦ ᠲᠡᠮᠳᠡᠭᠯᠡᠭᠰᠡᠨ ᠢ᠋ᠶ᠋ᠡᠨ ᠠᠪᠤᠷᠠᠯ᠎ᠠ᠂ ᠬᠠᠮᠠᠭᠠᠯᠠᠯ᠎ᠠ ᠭᠡᠵᠦ ᠣᠢᠯᠠᠭᠠᠬᠤ ᠨᠢ ᠪᠦᠷ ᠴᠦ᠍ ᠪᠤᠷᠤᠭᠤ᠃ ᠪᠣᠳᠠᠲᠠᠢ ᠣᠷᠣᠰᠢᠨ ᠲᠣᠭᠲᠠᠨᠢᠯ ᠨᠢ ᠦᠭᠡᠢ ᠪᠣᠯ ᠶᠠᠭᠠᠬᠢᠵᠤ ᠰᠣᠶᠣᠯ ᠢ᠋ ᠬᠠᠮᠠᠭᠠᠯᠠᠵᠤ᠂ ᠠᠪᠤᠷᠠᠭᠰᠠᠨ ᠪᠠᠢᠵᠤ ᠪᠣᠯᠬᠤ ᠪᠣᠢ? ᠨᠡᠩ ᠴᠤ᠌ ᠶᠠᠭᠠᠬᠢᠵᠤ ᠤᠯᠠᠮᠵᠢᠯᠠᠨ ᠬᠥᠭᠵᠢᠭᠦᠯᠬᠦ ᠶᠠᠪᠤᠳᠠᠯ ᠪᠠᠢᠵᠤ ᠪᠣᠯᠬᠤ ᠪᠣᠢ? ᠡᠢᠮᠦ ᠡᠴᠡ ᠰᠣᠶᠣᠯ ᠤᠯᠠᠮᠵᠢᠯᠠᠯ ᠢ᠋ ᠠᠪᠤᠷᠠᠨ ᠬᠠᠮᠠᠭᠠᠯᠠᠬᠤ ᠶ᠋ᠢᠨ ᠬᠠᠮᠤᠭ ᠤ᠋ᠨ ᠵᠠᠩᠭᠢᠯᠠᠭ᠎ᠠ ᠪᠣᠯ ᠤᠤᠭᠠᠯ ᠰᠣᠶᠣᠯ ᠤ᠋ᠨ ᠣᠷᠣᠰᠢᠨ ᠲᠣᠭᠲᠠᠨᠢᠯ ᠢ᠋ ᠬᠠᠮᠠᠭᠠᠯᠠᠬᠤ᠂ ᠠᠮᠢᠳᠤ ᠰᠣᠶᠣᠯ ᠤ᠋ᠨ ᠤᠯᠠᠮᠵᠢᠯᠠᠯ ᠢ᠋ ᠬᠠᠮᠠᠭᠠᠯᠠᠬᠤ ᠶᠠᠪᠤᠳᠠᠯ ᠶᠤᠮ᠃
(ᠳᠥᠷᠪᠡ) ᠠᠵᠤ ᠠᠬᠤᠢ ᠶ᠋ᠢᠨ ᠠᠰᠢᠭ ᠣᠷᠣᠯᠭ᠎ᠠ ᠪᠠᠷ ᠰᠣᠶᠣᠯ ᠢ᠋ ᠥᠷᠲᠡᠭᠯᠡᠬᠦ᠂ ᠵᠤᠭᠠᠴᠠᠯ ᠵᠢᠭᠤᠯᠴᠢᠯᠠᠯ ᠤ᠋ᠨ ᠭᠠᠵᠠᠷ ᠦᠨᠳᠦᠰᠦᠲᠡᠨ ᠦ᠌ ᠰᠣᠶᠣᠯ ᠢ᠋ ᠬᠠᠳᠠᠭᠠᠯᠠᠬᠤ ᠭᠡᠳᠡᠭ ᠪᠣᠯ ᠱᠠᠯ ᠪᠤᠷᠤᠭᠤ ᠣᠢᠯᠠᠭᠠᠯᠲᠠ᠃ ᠣᠳᠣᠬᠠᠨ ᠳ᠋ᠤ᠌ ᠦᠨᠳᠦᠰᠦᠲᠡᠨ ᠦ᠌ ᠰᠣᠶᠣᠯ ᠢ᠋ ᠬᠥᠭᠵᠢᠭᠦᠯᠦᠨ᠎ᠡ ᠭᠡᠳᠡᠭ ᠨᠡᠷ᠎ᠡ ᠪᠡᠷ ᠵᠤᠭᠠᠴᠠᠯ ᠵᠢᠭᠤᠯᠴᠢᠯᠠᠯ ᠤ᠋ᠨ ᠭᠠᠵᠠᠷ᠂ ᠮᠣᠩᠭᠣᠯ ᠰᠣᠶᠣᠯ ᠤ᠋ᠨ ᠪᠡᠯᠭᠡ ᠲᠡᠮᠳᠡᠭ ᠪᠤᠶᠤ ᠣᠨᠴᠠᠯᠢᠭ ᠢ᠋ ᠬᠠᠳᠠᠭᠠᠯᠠᠭᠰᠠᠨ ᠥᠩᠭᠡᠪᠴᠢᠬᠡᠨ ᠵᠦᠢᠯ ᠭᠠᠵᠠᠷ ᠠᠪᠴᠤ ᠳᠠᠩ ᠭᠠᠭᠴᠠ ᠠᠵᠤ ᠠᠬᠤᠢ ᠶ᠋ᠢᠨ ᠠᠰᠢᠭ ᠣᠷᠣᠯᠭ᠎ᠠ ᠳ᠋ᠤ᠌ ᠴᠢᠭᠯᠡᠭᠳᠡᠭᠰᠡᠨ ᠬᠠᠨᠳᠤᠰᠢ ᠭᠠᠷᠴᠤ ᠪᠣᠢ ᠨᠢ ᠰᠣᠶᠣᠯ ᠤ᠋ᠨ ᠤᠯᠠᠮᠵᠢᠯᠠᠯ ᠬᠥᠭᠵᠢᠯ ᠳ᠋ᠦ᠍ ᠨᠣᠴᠢᠲᠠᠢ ᠨᠥᠯᠥᠭᠡᠯᠡᠵᠦ ᠪᠣᠢ᠃ ᠰᠣᠶᠣᠯ ᠤ᠋ᠨ ᠦᠨ᠎ᠡ ᠴᠠᠨ᠎ᠠ ᠶ᠋ᠢ ᠠᠵᠤ ᠠᠬᠤᠢ ᠶ᠋ᠢᠨ ᠠᠰᠢᠭ ᠣᠷᠣᠯᠭ᠎ᠠ ᠪᠠᠷ ᠪᠠᠷᠢᠮᠵᠢᠶᠠᠯᠠᠬᠤ ᠭᠠᠵᠢ ᠦᠵᠡᠯᠲᠡ ᠬᠥᠮᠦᠨ ᠲᠥᠷᠥᠯᠬᠢᠲᠡᠨ ᠦ᠌ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠲᠠᠴᠢᠷᠳᠠᠭᠤᠯᠤᠭᠠᠳ ᠵᠢᠭᠤᠯᠴᠢᠯᠠᠯ ᠤ᠋ᠨ ᠭᠠᠵᠠᠷ ᠦᠨᠳᠦᠰᠦᠲᠡᠨ ᠦ᠌ ᠰᠣᠶᠣᠯ ᠢ᠋ ᠬᠠᠳᠠᠭᠠᠯᠠᠵᠤ᠂ ᠬᠥᠭᠵᠢᠭᠦᠯᠦᠨ᠎ᠡ ᠭᠡᠳᠡᠭ ᠪᠣᠯ ᠪᠦᠷᠢᠮᠦᠰᠦᠨ ᠪᠣᠯᠤᠮᠵᠢ ᠦᠭᠡᠢ ᠤᠴᠢᠷ᠃ ᠶᠠᠭ ᠯᠠ ᠲᠠᠪᠤᠨ ᠬᠣᠰᠢᠭᠤ ᠮᠠᠯ᠂ ᠨᠡᠭᠦᠳᠡᠯ ᠠᠮᠢᠳᠤᠷᠠᠯ ᠢ᠋ ᠠᠯᠳᠠᠭᠳᠠᠭᠤᠯᠤᠭᠠᠳ ᠨᠡᠭᠦᠳᠡᠯ ᠰᠣᠶᠣᠯ ᠢ᠋ ᠬᠠᠮᠠᠭᠠᠯᠠᠨ᠎ᠠ ᠭᠡᠳᠡᠭ ᠰᠢᠭ ᠳᠡᠮᠡᠢᠷᠡᠯ ᠶᠦᠮ᠃
ᠬᠥᠮᠦᠨ ᠲᠥᠷᠥᠯᠬᠢᠲᠡᠨ ᠦ᠌ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ ᠶ᠋ᠢᠨ ᠴᠢᠬᠤᠯᠠ ᠴᠢᠨᠠᠷ ᠢ᠋
ᠤᠬᠠᠮᠰᠠᠷᠠᠨ ᠲᠠᠨᠢᠵᠤ᠂ ᠡᠷᠴᠢᠮᠲᠡᠢ ᠠᠷᠠᠭ᠎ᠠ ᠪᠣᠳᠣᠯᠭ᠎ᠠ ᠬᠡᠷᠡᠭᠵᠢᠭᠦᠯᠵᠦ ᠪᠠᠢᠭ᠎ᠠ ᠦᠶ᠎ᠡ ᠳ᠋ᠦ᠍ ᠬᠥᠮᠦᠨ ᠲᠥᠷᠥᠯᠬᠢᠲᠡᠨ
ᠦ᠌ ᠰᠣᠶᠣᠯ ᠤ᠋ᠨ ᠨᠢᠭᠡᠨ ᠬᠡᠰᠡᠭ ᠪᠣᠯᠤᠭᠰᠠᠨ ᠥᠪᠡᠷ ᠦ᠋ᠨ ᠦᠨᠳᠦᠰᠦᠲᠡᠨ ᠦ᠌ ᠪᠡᠨ ᠰᠣᠶᠣᠯ ᠤᠯᠠᠮᠵᠢᠯᠠᠯ ᠢ᠋ ᠬᠠᠢᠷᠠᠯᠠᠨ ᠬᠠᠮᠠᠭᠠᠯᠠᠬᠤ ᠤᠴᠢᠷ ᠪᠣᠯ ᠵᠠᠢᠯᠠᠰᠢ ᠦᠭᠡᠢ ᠮᠥᠷᠲᠡᠭᠡᠨ ᠢᠷᠠᠭᠤ ᠠᠯᠳᠠᠷᠲᠠᠢ ᠬᠠᠷᠢᠭᠤᠴᠠᠯᠭ᠎ᠠ ᠶᠤᠮ᠃
ᠡᠨᠡ ᠨᠢ ᠵᠥᠪᠬᠡᠨ ᠥᠪᠡᠷ ᠦ᠋ᠨ ᠶᠠᠭᠤᠮ᠎ᠠ ᠪᠠᠨ ᠬᠠᠢᠷᠠᠯᠠᠵᠤ ᠪᠠᠢᠭ᠎ᠠ ᠤᠴᠢᠷ ᠪᠢᠰᠢ᠂ ᠬᠠᠷᠢᠨ ᠪᠦᠬᠦ ᠬᠥᠮᠦᠨ ᠲᠥᠷᠥᠯᠬᠢᠲᠡᠨ ᠦ᠌ ᠢᠷᠡᠭᠡᠳᠦᠢ ᠶ᠋ᠢᠨ ᠬᠥᠭᠵᠢᠯᠲᠡ ᠳ᠋ᠦ᠍ ᠬᠣᠯᠪᠣᠭᠳᠠᠭᠰᠠᠨ ᠤᠴᠢᠷ ᠶᠤᠮ᠃
ᠡᠢᠮᠦ ᠡᠴᠡ ᠰᠣᠶᠣᠯ ᠤ᠋ᠨ ᠦᠨ᠎ᠡ ᠴᠠᠨ᠎ᠠ ᠶ᠋ᠢ ᠵᠥᠪ ᠲᠠᠨᠢᠵᠤ᠂ ᠰᠣᠶᠣᠯ ᠤ᠋ᠨ ᠤᠯᠠᠮᠵᠢᠯᠠᠯ ᠢ᠋ ᠬᠠᠮᠠᠭᠠᠯᠠᠨ᠂ ᠥᠪᠯᠡᠬᠦ ᠵᠥᠪ ᠣᠢᠯᠠᠭᠠᠯᠲᠠ ᠲᠠᠢ ᠪᠠᠢᠪᠠᠯ ᠰᠠᠶᠢ ᠰᠣᠶᠣᠯ ᠤ᠋ᠨ ᠣᠯᠠᠨ ᠶᠠᠩᠵᠤᠲᠤ ᠰᠢᠨᠵᠢ ᠶ᠋ᠢ ᠬᠠᠮᠠᠭᠠᠯᠠᠬᠤ᠂ ᠤᠯᠠᠮᠵᠢᠯᠠᠨ ᠬᠥᠭᠵᠢᠭᠦᠯᠬᠦ ᠵᠣᠷᠢᠯᠭ᠎ᠠ ᠳ᠋ᠠᠭᠠᠨ ᠬᠦᠷᠴᠦ ᠴᠢᠳᠠᠨ᠎ᠠ᠃
(ᠬᠠᠢᠷ᠎ᠠ ᠶ᠋ᠢᠨ ᠬᠠᠪᠤᠷ — ᠭ᠂ ᠴᠢᠩᠪᠠᠭᠠᠲᠤᠷ ᠤ᠋ᠨ ᠨᠠᠢᠷᠠᠭᠤᠯᠤᠯ ᠤ᠋ᠳ) ᠢ᠋ ᠬᠡᠪᠯᠡᠭᠦᠯᠬᠦ ᠵᠥᠪᠯᠡᠯ
ᠡᠷᠬᠢᠯᠡᠭᠴᠢ᠄ ᠵᠧᠦ ᠶ᠋ᠢᠨ ᠵᠤᠸᠠᠩ(ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠥᠪᠡᠭᠡᠲᠦ ᠰᠢᠷ᠎ᠠ ᠬᠤᠰᠢᠭᠤᠨ ᠤ᠋ ᠬᠣᠷᠢᠶᠠᠨ ᠤ᠋ ᠱᠦᠵᠢ) ᠳᠡᠳ᠋ ᠡᠷᠬᠢᠯᠡᠭᠴᠢ᠄ ᠪᠣᠷᠤᠬᠦᠦ(ᠬᠥᠪᠡᠭᠡᠲᠦ ᠰᠢᠷ᠎ᠠ ᠬᠤᠰᠢᠭᠤᠨ ᠠᠷᠠᠳ ᠤ᠋ᠨ ᠵᠠᠰᠠᠭ ᠤ᠋ᠨ ᠣᠷᠳᠣᠨ ᠤ᠋ ᠬᠣᠰᠢᠭᠤ ᠳᠠᠷᠤᠭ᠎ᠠ)
ᠭᠡᠰᠢᠭᠦᠨ᠄ ᠪᠥᠬᠡᠴᠢᠯᠠᠭᠤ(ᠬᠥᠪᠡᠭᠡᠲᠦ ᠰᠢᠷ᠎ᠠ ᠬᠤᠰᠢᠭᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠪᠠᠢᠩᠭᠤ ᠶ᠋ᠢᠨ ᠳᠡᠳ᠋ ᠬᠣᠰᠢᠭᠤ ᠳᠠᠷᠤᠭ᠎ᠠ)
ᠡᠷᠳᠡᠨᠢ(ᠬᠥᠪᠡᠭᠡᠲᠦ ᠰᠢᠷ᠎ᠠ ᠬᠤᠰᠢᠭᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠳᠡᠳ᠋ ᠬᠣᠰᠢᠭᠤ ᠳᠠᠷᠤᠭ᠎ᠠ)
ᠦᠰᠦᠭ ᠠᠮᠢᠯᠠᠭᠤᠯᠤᠭᠴᠢ᠄ ᠪᠠᠶᠠᠨᠴᠡᠴᠡᠭ᠂ ᠭᠡᠷᠡᠯ᠂ ᠱᠠᠭᠰᠠᠯ᠂ ᠤᠷᠠᠨᠴᠢᠮᠡᠭ ᠸᠠᠩ᠂ ᠪᠠᠳᠮ᠎ᠠ᠂ ᠠ᠋᠌᠊᠂ ᠭᠤᠸ᠎ᠠ᠂ ᠪᠠᠶᠠᠨᠴᠡᠴᠡᠭ
ᠬᠢᠨᠠᠭᠴᠢ ᠪᠠᠭᠰᠢ᠄ ᠰᠡᠬᠡᠭᠡᠷᠡᠯ᠂ ᠭᠠᠷᠮ᠎ᠠ᠂ ᠠᠯᠲᠠᠨᠱᠠ᠂ ᠣᠳᠬᠠᠨᠰᠣ᠎ᠠ
