ᠤᠭᠠᠯᠵᠠ ᠶ᠋ᠢᠨ ᠲᠤᠭᠤᠷᠠᠢУгалзын туурайUgalzyn tuurai

ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠲᠥᠮᠥᠰᠥᠲᠦ ᠤᠭᠠᠯᠵᠠ ᠶ᠋ᠢᠨ ᠲᠤᠭᠤᠷᠠᠢ ᠶ᠋ᠢᠨ ᠲᠥᠮᠥᠰᠥᠯᠢᠭ ᠦᠨᠳᠦᠰᠦ ᠮᠥᠨ᠃ ᠯᠦᠭᠮᠦᠷ᠂ ᠬᠣᠨᠢᠨ ᠬᠡᠮᠡᠯᠢᠭᠦᠷ᠂ ᠨᠦᠮᠦ᠋ ᠶ᠋ᠢᠨ ᠦᠨᠳᠦᠰᠦ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠡᠰᠢ ᠨᠢ ᠰᠢᠯᠤᠭᠤᠨ ᠪᠤᠶᠤ ᠲᠠᠰᠢᠭᠤ ᠤᠷᠭᠤᠨ᠎ᠠ᠂ ᠦᠨᠳᠦᠰᠦ ᠨᠢ ᠲᠤᠷᠤᠭ ᠪᠦᠳᠦᠭᠦᠨ ᠡᠭᠡᠷᠡᠦᠯ ᠬᠡᠯᠪᠡᠷᠢ ᠲᠡᠢ᠃ ᠬᠥᠷᠥᠰᠥᠨ ᠳᠣᠣᠷᠠᠬᠢ ᠡᠰᠢ ᠨᠢ ᠪᠥᠮᠪᠥᠷᠢᠭᠡᠨ᠂ ᠪᠣᠷᠣᠪᠲᠤᠷ ᠬᠦᠷᠡᠩ ᠥᠩᠭᠡᠲᠡᠢ᠂ ᠲᠠᠷᠠᠮᠠᠭ ᠣᠬᠣᠷ ᠦᠰᠦ ᠲᠡᠢ᠃ ᠤᠵᠠᠭᠤᠷ ᠠ᠋ᠴᠠ ᠤᠷᠭᠤᠭᠰᠠᠨ ᠨᠠᠪᠴᠢ ᠨᠢ ᠤᠷᠲᠤ ᠪᠠᠷᠢᠭᠤᠯ ᠲᠠᠢ᠂ ᠨᠠᠪᠴᠢ ᠨᠢ ᠭᠤᠷᠪᠠᠯᠵᠢᠨ ᠰᠢᠭ᠋ ᠥᠨᠳᠡᠭᠡᠯᠵᠢᠨ ᠬᠡᠯᠪᠡᠷᠢ ᠲᠡᠢ᠂ ᠭᠦᠨ ᠵᠢᠷᠦᠬᠡᠨ ᠬᠡᠯᠪᠡᠷᠢᠲᠦ ᠤᠭ ᠲᠠᠢ ᠪᠥᠭᠡᠳ ᠲᠣᠮᠣ ᠬᠢᠷᠦᠭᠡᠨ ᠰᠢᠳᠦᠲᠦ ᠬᠥᠪᠡᠭᠡ ᠲᠡᠢ᠂ ᠨᠠᠪᠴᠢᠨ ᠤ᠋ ᠥᠪᠥᠷ ᠲᠦ᠍ ᠲᠠᠷᠠᠬᠠᠢ ᠰᠢᠷᠦᠭᠦᠨ ᠦᠰᠦ ᠲᠡᠢ ᠪᠤᠶᠤ ᠦᠰᠦ ᠦᠭᠡᠢ᠂ ᠠᠷᠤ ᠳ᠋ᠤᠨᠢ ᠲᠠᠷᠠᠬᠠᠢ ᠰᠢᠷᠦᠭᠦᠨ ᠦᠰᠦ ᠲᠡᠢ᠃ ᠡᠰᠢ ᠳ᠋ᠡᠬᠢ ᠨᠠᠪᠴᠢ ᠨᠢ ᠴᠢᠭᠲᠠᠯᠠᠨ ᠤᠷᠭᠤᠨ᠎ᠠ᠃ ᠥᠨᠳᠡᠭᠡᠯᠵᠢᠨ ᠬᠡᠯᠪᠡᠷᠢ ᠲᠡᠢ᠃ ᠪᠠᠷᠢᠭᠤᠯ ᠨᠢ ᠣᠬᠣᠷ᠂1cm ᠣᠷᠴᠢᠮ ᠤᠷᠲᠤ᠂ ᠬᠡᠷᠴᠢᠶᠡᠰᠦᠲᠦ ᠬᠥᠪᠡᠭᠡ ᠲᠡᠢ᠂ ᠲᠣᠣᠷᠯᠢᠭ ᠰᠤᠳᠠᠯ ᠲᠠᠢ᠃ ᠳᠤᠭᠤᠢᠷᠠᠨ ᠤᠷᠭᠤᠬᠤ ᠴᠣᠮᠬᠠᠨ ᠪᠠᠭ ᠴᠡᠴᠡᠭ ᠨᠢ ᠨᠠᠪᠴᠢᠨ ᠰᠤᠭᠤ ᠠ᠋ᠴᠠ ᠤᠷᠭᠤᠨ᠎ᠠ᠃ ᠪᠠᠭᠯᠠᠭᠴᠢ ᠴᠡᠴᠡᠭ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠢᠭᠴᠤ ᠰᠡᠷᠢᠭᠦᠨ ᠦᠰᠦ ᠲᠡᠢ᠃ ᠴᠡᠴᠡᠭ ᠦ᠋ᠨ ᠲᠣᠭᠳᠣᠢ ᠬᠣᠭᠣᠯᠠᠢ ᠰᠢᠭ᠋᠂ ᠱᠣᠷᠣᠯᠵᠢᠨ ᠬᠡᠯᠪᠡᠷᠢ ᠲᠡᠢ ᠰᠡᠵᠢᠭᠦᠷ ᠢᠯᠲᠠᠰᠤ ᠲᠠᠢ᠂ ᠴᠡᠴᠡᠭ ᠦ᠋ᠨ ᠳᠡᠯᠪᠢ ᠨᠢ ᠤᠷᠤᠭᠤᠯ ᠬᠡᠯᠪᠡᠷᠢ ᠲᠡᠢ᠂ ᠶᠠᠭᠠᠨ ᠤᠯᠠᠭᠠᠨ ᠥᠩᠭᠡ ᠲᠡᠢ᠂ ᠨᠢᠭ ᠴᠠᠭᠠᠨ ᠤᠷᠲᠤ ᠦᠰᠦ ᠲᠡᠢ᠂ ᠳᠣᠣᠷᠠᠲᠤ ᠤᠷᠤᠭᠤᠯ ᠨᠢ3 ᠣᠨᠢ ᠲᠠᠢ᠂ ᠭᠣᠣᠯ ᠳ᠋ᠠᠬᠢ ᠰᠡᠵᠢᠭᠦᠷ ᠢᠯᠲᠠᠰᠤ ᠶ᠋ᠢᠨ ᠦᠵᠦᠭᠦᠷ ᠨᠢ ᠶᠠᠯᠢᠮ ᠦᠭᠡᠢ ᠬᠣᠲᠣᠭᠣᠷ᠃4 ᠡᠷ᠎ᠡ ᠲᠣᠭᠣᠷᠴᠣᠭ ᠲᠠᠢ᠂1 ᠡᠮ᠎ᠡ ᠲᠣᠭᠣᠷᠴᠣᠭ ᠲᠠᠢ᠂ ᠴᠡᠴᠡᠭ ᠦ᠋ᠨ ᠪᠠᠭᠠᠨ᠎ᠠ2 ᠣᠨᠢ ᠲᠠᠢ᠂ ᠤᠷᠲᠤ ᠨᠢ ᠲᠡᠩᠴᠡᠭᠦᠦ ᠪᠤᠰᠤ᠃ ᠵᠢᠵᠢᠭ ᠬᠠᠲᠠᠭᠤ ᠵᠢᠮᠢᠰ ᠦ᠋ᠨ ᠣᠷᠣᠢ ᠳ᠋ᠤ᠌ ᠨᠢ ᠰᠢᠷᠦᠭᠦᠨ ᠦᠰᠦ ᠲᠡᠢ᠃7—8 ᠰᠠᠷ᠎ᠠ ᠳ᠋ᠤ᠌ ᠴᠡᠴᠡᠭᠯᠡᠵᠦ᠂8—9 ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠲᠠᠯ᠎ᠠ᠂ ᠨᠤᠲᠤᠭ᠂ ᠭᠣᠣᠯ ᠤ᠋ᠨ ᠬᠥᠪᠡᠭᠡ ᠶ᠋ᠢᠨ ᠥᠯᠥᠩ ᠡᠪᠡᠰᠦᠨ ᠳᠤᠮᠳᠠ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ ᠵᠢᠴᠢ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠤ᠋ᠨ ᠰᠡᠭᠦᠯᠴᠢ ᠪᠡᠷ ᠲᠥᠮᠥᠰᠥᠯᠢᠭ ᠦᠨᠳᠦᠰᠦ ᠶ᠋ᠢ ᠨᠢ ᠮᠠᠯᠲᠠᠨ ᠠᠪᠴᠤ᠂ ᠰᠠᠬᠠᠯ ᠪᠣᠯᠤᠨ ᠡᠰᠢ ᠶ᠋ᠢ ᠨᠢ ᠠᠷᠢᠯᠭᠠᠵᠤ ᠬᠠᠶᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠃ ᠲᠡᠭᠰᠢ ᠴᠢᠨᠠᠷ ᠲᠠᠢ᠃ ᠰᠢᠷᠦᠭᠦᠨ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠵᠤ᠂ ᠬᠠᠨᠢᠶᠠᠳᠤ ᠶ᠋ᠢ ᠵᠣᠭᠰᠣᠭᠠᠬᠤ᠂ ᠴᠠᠷ ᠢ᠋ ᠠᠷᠢᠯᠭᠠᠬᠤ᠂ ᠴᠢᠭᠢᠬ᠎ᠠ ᠶ᠋ᠢ ᠨᠣᠮᠣᠬᠠᠳᠬᠠᠬᠤ᠂ ᠡᠪᠡᠳᠬᠦ ᠶ᠋ᠢ ᠵᠣᠭᠰᠣᠭᠠᠬᠤ᠂ ᠰᠢᠨ᠎ᠡ ᠮᠢᠬ᠎ᠠ ᠶ᠋ᠢ ᠲᠥᠷᠥᠭᠦᠯᠬᠦ᠂ ᠰᠢᠷᠬ᠎ᠠ ᠶ᠋ᠢ ᠠᠨᠠᠭᠠᠬᠤ ᠴᠢᠳᠠᠯ ᠲᠠᠢ᠃ ᠭᠣᠣᠯᠳᠠᠭᠤ ᠬᠢᠵᠢᠭ ᠲᠠᠭᠰᠢᠭᠤᠷ᠂ ᠠᠮᠢᠰᠬᠤᠯ ᠪᠠᠴᠢᠮᠳᠠᠬᠤ᠂ ᠮᠢᠬ᠎ᠠ᠂ ᠶᠠᠰᠤ᠂ ᠰᠤᠳᠠᠯ ᠤ᠋ᠨ ᠴᠢᠭᠢᠬ᠎ᠠ ᠶ᠋ᠢ ᠵᠠᠰᠠᠬᠤ ᠳ᠋ᠤ᠌ ᠬᠡᠷᠡᠭᠯᠡᠨ᠎ᠡ᠃
[ ᠳᠠᠭᠠᠯᠳᠤᠭᠤᠯᠤᠯ] ᠮᠣᠩᠭᠣᠯ ᠤᠭᠠᠯᠵᠠ ᠶ᠋ᠢᠨ ᠲᠤᠭᠤᠷᠠᠢ ᠲᠠᠢ ᠲᠥᠰᠦᠭᠡᠲᠡᠢ᠂ ᠭᠣᠣᠯ ᠢᠯᠭᠠᠭ᠎ᠠ ᠭᠡᠪᠡᠯ ᠡᠰᠢᠨ ᠳᠡᠭᠡᠷ᠎ᠡ ᠨᠢ ᠬᠠᠲᠠᠭᠤ ᠦᠰᠦ ᠪᠣᠯᠤᠨ ᠣᠳᠣᠯᠢᠭ ᠦᠰᠦ ᠲᠡᠢ᠂ ᠢᠷᠮᠡᠭ ᠳᠡᠭᠡᠷᠡᠬᠢ ᠦᠰᠦ ᠨᠢ ᠨᠡᠩ ᠨᠢᠭ ᠪᠠᠢᠳᠠᠭ᠃ ᠨᠠᠪᠴᠢᠨ ᠢᠯᠲᠠᠰᠤ ᠶ᠋ᠢᠨ ᠳᠡᠭᠡᠷ᠎ᠡ ᠲᠠᠯ᠎ᠠ ᠳ᠋ᠤᠨᠢ ᠣᠳᠣᠯᠢᠭ ᠦᠰᠦ ᠲᠡᠢ ᠪᠤᠶᠤ ᠲᠠᠷᠠᠮᠠᠭ ᠬᠠᠲᠠᠭᠤ ᠦᠰᠦ ᠲᠡᠢ᠂ ᠠᠷᠤ ᠳᠤ ᠨᠢ ᠨᠢᠭ ᠣᠳᠣᠯᠢᠭ ᠦᠰᠦ ᠪᠤᠶᠤ ᠬᠠᠲᠠᠭᠤ ᠦᠰᠦ ᠲᠡᠢ᠂ ᠴᠡᠴᠡᠭ ᠦ᠋ᠨ ᠲᠣᠭᠳᠣᠢ ᠨᠢ14mm ᠣᠷᠴᠢᠮ ᠤᠷᠲᠤ᠃
ᠬᠢᠲᠠᠳ ᠨᠡᠷ᠎ᠡ᠄快根糙苏
ᠠᠩᠭ᠌ᠯᠢ ᠨᠡᠷ᠎ᠡ᠄PhLomis tuberosa L.
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠪᠠᠯ
