ᠤᠯᠠᠭᠠᠨ ᠭᠠУлаан га

ᠤᠯᠠᠭᠠᠨ ᠭᠠ
ᠲᠤᠰ ᠡᠮ ᠪᠣᠯ ᠭᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠭᠠ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠭᠠᠮᠠᠷ᠂ ᠳ᠋ᠤᠩᠷᠠ᠂ ᠪᠣᠷᠣ ᠭᠠ ᠭᠡᠳᠡᠭ᠃
[ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30—120cm ᠥᠨᠳᠥᠷ᠃ ᠦᠨᠳᠦᠰᠦᠯᠢᠭ ᠡᠰᠢ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ᠳ᠋ᠢᠶᠠᠮᠧᠲ᠋ᠷ ᠨᠢ1—1.5cm᠂ ᠦᠶ᠎ᠡ ᠲᠡᠢ᠂ ᠦᠶ᠎ᠡ ᠳᠡᠭᠡᠷ᠎ᠡ ᠨᠢ ᠬᠠᠯᠢᠰᠤᠯᠢᠭ ᠬᠠᠢᠷᠰᠤᠨ ᠢᠯᠲᠠᠰᠤ ᠲᠠᠢ᠂ ᠠᠩᠬᠢᠯᠤᠮ᠎ᠠ ᠦᠨᠦᠷ ᠲᠡᠢ᠃2 ᠮᠥᠷ ᠨᠠᠪᠴᠢ ᠲᠠᠢ᠂ ᠪᠠᠷᠢᠭᠤᠯ ᠦᠭᠡᠢ ᠪᠤᠶᠤ ᠪᠠᠷᠤᠭ ᠦᠭᠡᠢ᠂ ᠨᠠᠪᠴᠢ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠵᠠᠳᠠᠭᠠᠢ ᠨᠠᠪᠴᠢᠨ ᠲᠣᠭᠳᠣᠢ ᠨᠢ ᠬᠠᠯᠢᠰᠤᠯᠢᠭ ᠬᠥᠪᠡᠭᠡ ᠲᠡᠢ ᠪᠥᠭᠡᠳ ᠡᠰᠢ ᠲᠡᠢ ᠪᠡᠨ ᠪᠠᠭᠯᠠᠨ᠎ᠠ᠃ ᠨᠠᠪᠴᠢᠨ ᠬᠡᠯᠡ ᠨᠢ ᠰᠢᠯᠤᠭᠤᠨ ᠱᠣᠪᠣᠭᠣᠷ᠂ ᠤᠯᠠᠪᠤᠷ ᠥᠩᠭᠡ ᠲᠡᠢ᠃ ᠱᠣᠷᠣᠯᠵᠢᠨ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃5—15cm ᠤᠷᠲᠤ᠂ ᠪᠠᠭ ᠴᠡᠴᠡᠭ ᠦ᠋ᠨ ᠲᠡᠩᠭᠡᠯᠢᠭ ᠨᠢ ᠤᠯᠠᠪᠤᠷ ᠥᠩᠭᠡ ᠲᠡᠢ᠂ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠬᠣᠭᠣᠯᠠᠢ ᠬᠡᠯᠪᠡᠷᠢ ᠲᠡᠢ᠂7—14mm ᠤᠷᠲᠤ᠂3 ᠭᠦᠢᠬᠡᠨ ᠣᠨᠢ ᠲᠠᠢ᠂ ᠭᠠᠳᠠᠭᠤᠷ ᠨᠢ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠴᠠᠭᠠᠨ ᠪᠤᠶᠤ ᠶᠠᠭᠠᠨ ᠥᠩᠭᠡ ᠲᠡᠢ᠂ ᠳᠡᠯᠪᠢ ᠶ᠋ᠢᠨ ᠴᠣᠷᠭᠣ ᠨᠢ ᠶᠡᠭᠦᠯᠡᠭᠦᠷ ᠬᠡᠯᠪᠡᠷᠢ ᠲᠡᠢ᠂1cm ᠤᠷᠲᠤ᠂3 ᠰᠡᠵᠢᠭᠦᠷ ᠢᠯᠲᠠᠰᠤ ᠲᠠᠢ᠂ ᠰᠡᠵᠢᠭᠦᠷ ᠢᠯᠲᠠᠰᠤ ᠨᠢ ᠤᠷᠲᠤᠯᠵᠢᠨ ᠲᠣᠭᠣᠷᠢᠭ᠂ ᠭᠠᠳᠠᠭᠤᠷ ᠨᠢ ᠣᠬᠣᠷ ᠵᠥᠭᠡᠯᠡᠨ ᠦᠰᠦ ᠲᠡᠢ᠂ ᠤᠷᠤᠭᠤᠯ ᠬᠡᠯᠲᠡᠰ ᠨᠢ ᠤᠷᠲᠤᠯᠵᠢᠨ ᠲᠣᠭᠣᠷᠢᠭ ᠰᠢᠭ᠋ ᠥᠨᠳᠡᠭᠡᠯᠵᠢᠨ ᠬᠡᠯᠪᠡᠷᠢ ᠲᠡᠢ ᠪᠥᠭᠡᠳ ᠶᠠᠭᠠᠨ ᠥᠩᠭᠡ ᠲᠡᠢ᠂ ᠳᠤᠮᠳᠠ ᠬᠡᠰᠡᠭ ᠲᠦ᠍ ᠨᠢ ᠪᠣᠷᠣ ᠤᠯᠠᠭᠠᠨ ᠵᠤᠷᠪᠤᠰᠯᠢᠭ ᠠᠷᠲᠠᠢ᠂2—2.5cm ᠤᠷᠲᠤ᠃ ᠬᠠᠵᠠᠭᠤᠳᠠᠬᠢ ᠳᠣᠷᠣᠢᠲᠠᠭᠰᠠᠨ ᠡᠷ᠎ᠡ ᠲᠣᠭᠣᠷᠴᠣᠭ ᠨᠢ ᠰᠢᠪᠦᠭᠡ ᠰᠢᠭ᠂ ᠬᠥᠭᠵᠢᠯ ᠲᠡᠢ ᠡᠷ᠎ᠡ ᠲᠣᠭᠣᠷᠴᠣᠭ ᠨᠢ ᠪᠠᠷᠤᠭ1.6cm ᠤᠷᠲᠤ᠂ ᠴᠡᠴᠡᠭ ᠦ᠋ᠨ ᠬᠡᠯᠲᠡᠰ ᠦ᠋ᠨ ᠬᠣᠭᠣᠯᠠᠢ ᠶ᠋ᠢᠨ ᠳᠡᠭᠡᠷ᠎ᠡ ᠬᠡᠰᠡᠭ ᠲᠦ᠍ ᠪᠠᠢᠷᠢᠯᠠᠨ᠎ᠠ᠃ ᠳᠣᠬᠢᠭᠤᠷ ᠨᠢ ᠤᠲᠠᠰᠤᠯᠢᠭ᠂ ᠲᠣᠭᠣᠰᠣᠪᠴᠢ ᠶ᠋ᠢᠨ ᠲᠠᠰᠤᠯᠤᠪᠴᠢ ᠳ᠋ᠤᠨᠢ ᠳᠠᠭᠠᠯᠳᠤᠪᠤᠷᠢ ᠡᠳ᠋ ᠦᠭᠡᠢ᠃ ᠳᠣᠣᠷᠠᠲᠤ ᠣᠷᠣᠨ ᠳ᠋ᠤ᠌ ᠤᠮᠠᠢ ᠲᠠᠢ᠂ ᠥᠨᠳᠡᠭᠡᠯᠵᠢᠨ ᠣᠬᠣᠷ ᠦᠰᠦ ᠲᠡᠢ᠂3 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠲᠠᠷᠠᠮᠠᠭ ᠦᠰᠦ ᠲᠡᠢ᠂ ᠪᠠᠭᠠᠨ᠎ᠠ ᠶ᠋ᠢᠨ ᠠᠮᠠᠰᠠᠷ ᠨᠢ ᠪᠠᠬᠠᠨ ᠲᠣᠮᠣᠷᠠᠭᠠᠳ2 ᠣᠨᠢ ᠭᠠᠷᠴᠤ ᠠᠴᠠ ᠬᠡᠯᠪᠡᠷᠢ ᠲᠡᠢ ᠪᠣᠯᠳᠠᠭ᠂ ᠤᠯᠠᠪᠤᠷ ᠥᠩᠭᠡ ᠲᠡᠢ᠂ ᠬᠥᠪᠡᠭᠡ ᠦᠰᠦ ᠲᠡᠢ᠂ ᠬᠣᠩᠭᠣᠷᠴᠣᠭᠲᠤ ᠵᠢᠮᠢᠰ ᠨᠢ ᠬᠠᠭᠠᠷᠠᠬᠤ ᠦᠭᠡᠢ᠂ ᠪᠥᠮᠪᠥᠭᠡᠯᠢᠭ᠂ ᠳ᠋ᠢᠶᠠᠮᠧᠲ᠋ᠷ ᠨᠢ1.2cm ᠣᠷᠴᠢᠮ᠂ ᠴᠡᠯᠮᠡᠨ ᠦᠰᠦ ᠲᠡᠢ᠂ ᠪᠣᠯᠪᠠᠰᠤᠷᠠᠪᠠᠯ ᠵᠦᠷᠵᠢ ᠶ᠋ᠢᠨ ᠤᠯᠠᠭᠠᠨ ᠥᠩᠭᠡ ᠲᠡᠢ ᠪᠣᠯᠳᠠᠭ᠃ ᠦᠷ᠎ᠡ ᠶ᠋ᠢᠨ ᠭᠠᠳᠠᠭᠤᠷ ᠨᠢ ᠬᠠᠭᠤᠷᠠᠢ ᠬᠠᠭᠤᠷᠮᠠᠭ ᠦᠷ᠎ᠡ ᠶ᠋ᠢᠨ ᠬᠠᠯᠢᠰᠤ ᠲᠠᠢ᠂ ᠮᠤᠬᠤᠷ ᠢᠷᠮᠡᠭ ᠥᠨᠴᠥᠭ ᠲᠡᠢ᠂ ᠤᠯᠠᠪᠤᠷ ᠥᠩᠭᠡ ᠲᠡᠢ᠃ 4—1 ᠰᠠᠷ᠎ᠠ ᠳ᠋ᠤ᠌ ᠴᠡᠴᠡᠭᠯᠡᠵᠦ᠂9—11 ᠰᠠᠷ᠎ᠠ ᠳ᠋ᠤ᠌ ᠵᠢᠮᠢᠰᠯᠡᠨ᠎ᠡ
[ᠤᠷᠭᠤᠬᠤ ᠣᠷᠴᠢᠨ ᠬᠢᠭᠡᠳ ᠲᠠᠷᠬᠠᠴᠠ] ᠵᠠᠮ ᠤ᠋ᠨ ᠬᠠᠵᠠᠭᠤ᠂ ᠠᠭᠤᠯᠠ ᠶ᠋ᠢᠨ ᠬᠠᠵᠠᠭᠤ ᠶ᠋ᠢᠨ ᠡᠪᠡᠰᠦᠨ ᠳᠤᠮᠳᠠ ᠪᠤᠶᠤ ᠪᠤᠲᠠ ᠰᠥᠭᠡᠭ ᠦ᠋ᠨ ᠳᠤᠮᠳᠠ ᠤᠷᠭᠤᠨ᠎ᠠ᠃ ᠲᠠᠢᠸᠠᠨ᠂ ᠭᠤᠸᠠᠩᠳ᠋ᠦ᠋ᠩ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ᠲᠡᠭᠦᠵᠦ ᠪᠣᠯᠪᠠᠰᠤᠷᠠᠭᠤᠯᠬᠤ] ᠵᠤᠨ ᠤ᠋ ᠰᠡᠭᠦᠯᠴᠢ᠂ ᠨᠠᠮᠤᠷ ᠤ᠋ᠨ ᠡᠬᠢᠨ ᠳ᠋ᠦ᠍4—6 ᠵᠢᠯ ᠤᠷᠭᠤᠭᠰᠠᠨ ᠦᠨᠳᠦᠰᠦᠯᠢᠭ ᠡᠰᠢ ᠶ᠋ᠢ ᠮᠠᠯᠲᠠᠨ ᠠᠪᠴᠤ ᠨᠠᠪᠴᠢ᠂ ᠰᠠᠬᠠᠯ ᠦᠨᠳᠦᠰᠦ ᠪᠣᠯᠤᠨ ᠬᠠᠢᠷᠰᠤᠯᠢᠭ ᠢᠯᠲᠠᠰᠤ ᠶ᠋ᠢ ᠨᠢ ᠠᠷᠢᠯᠭᠠᠨ ᠬᠠᠶᠠᠵᠤ᠂ ᠤᠬᠢᠶᠠᠨ ᠴᠡᠪᠡᠷᠯᠡᠭᠡᠳ ᠬᠡᠷᠴᠢᠮᠯᠡᠵᠦ ᠨᠠᠷᠠᠨ ᠳ᠋ᠤ᠌ ᠬᠠᠲᠠᠭᠠᠨ᠎ᠠ᠃
[ᠠᠮᠲᠠ᠂ ᠴᠢᠨᠠᠷ᠂ ᠡᠷᠳᠡᠮ] ᠭᠤᠱᠤᠭᠤᠨ᠂ ᠠᠮᠲᠠᠯᠢᠭ ᠠᠮᠲᠠ ᠲᠠᠢ᠃ ᠪᠦᠯᠢᠶᠡᠨ ᠴᠢᠨᠠᠷ ᠲᠠᠢ᠂ ᠰᠢᠷᠦᠭᠦᠨ᠂ ᠬᠠᠭᠤᠷᠠᠢ᠂ ᠬᠥᠯᠪᠡᠷᠢᠭᠦᠨ᠂ ᠬᠤᠷᠴᠠ ᠡᠷᠳᠡᠮ ᠲᠡᠢ᠃
[ᠴᠢᠳᠠᠯ ᠪᠠ ᠭᠣᠣᠯᠳᠠᠭᠤ ᠵᠠᠰᠠᠬᠤ] ᠢᠯᠴᠢ ᠶ᠋ᠢ ᠰᠡᠯᠪᠢᠬᠦ᠂ ᠢᠳᠡᠭᠡᠨ ᠢ᠋ ᠰᠢᠩᠭᠡᠭᠡᠬᠦ᠂ ᠳᠤᠷ᠎ᠠ ᠶ᠋ᠢ ᠨᠡᠭᠡᠭᠡᠬᠦ᠂ ᠪᠠᠳᠬᠠᠨ ᠬᠡᠢ ᠶ᠋ᠢ ᠠᠷᠢᠯᠭᠠᠬᠤ᠂ ᠬᠦᠴᠦᠵᠢᠭᠦᠯᠬᠦ᠂ ᠦᠭᠡᠷᠢ ᠴᠠᠷ ᠢ᠋ ᠲᠠᠲᠠᠬᠤ ᠴᠢᠳᠠᠯ ᠲᠠᠢ᠃ ᠭᠣᠣᠯᠳᠠᠭᠤ ᠬᠣᠳᠣᠭᠣᠳᠣᠨ ᠤ᠋ ᠭᠠᠯ ᠤ᠋ᠨ ᠢᠯᠴᠢ ᠮᠠᠭᠤᠳᠠᠭᠰᠠᠨ᠂ ᠢᠳᠡᠭᠡᠨ ᠡᠰᠡ ᠰᠢᠩᠭᠡᠭᠰᠡᠨ᠂ ᠳᠤᠷ᠎ᠠ ᠬᠠᠭᠠᠭᠳᠠᠭᠰᠠᠨ᠂ ᠭᠡᠭᠡᠷᠡᠬᠦ᠂ ᠰᠠᠭᠤᠯᠭᠠᠬᠤ᠂ ᠴᠠᠷ ᠬᠣᠪᠬᠣᠷᠠᠬᠤ ᠦᠭᠡᠢ᠂ ᠡᠷ᠎ᠡ ᠪᠡᠯᠭᠡ ᠰᠤᠯᠠᠷᠠᠭᠰᠠᠨ᠂ ᠲᠠᠮᠢᠷ ᠳᠣᠷᠣᠢᠲᠠᠭᠰᠠᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄高良姜
ᠠᠩᠭ᠌ᠯᠢ ᠨᠡᠷ᠎ᠡ᠄ALpnan officinarum Hance
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠥᠯᠵᠡᠢᠪᠠᠭᠠᠲᠤᠷ
