ᠥᠯᠵᠡᠢᠲᠦ ᠡᠪᠡᠰᠦӨлзийт өвсÖlziit övs

ᠥᠯᠵᠡᠢᠲᠦ ᠡᠪᠡᠰᠦ
ᠲᠤᠰ ᠡᠮ ᠪᠣᠯ ᠦᠶᠡᠲᠦ ᠤᠷᠭᠤᠮᠠᠯ ᠤ᠋ᠨ ᠢᠵᠠᠭᠤᠷ ᠤ᠋ᠨ ᠤᠷᠭᠤᠮᠠᠯ ᠪᠣᠯᠬᠤ ᠤᠯᠠᠯᠵᠢ ᠶ᠋ᠢᠨ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠳ᠋ᠦᠷᠸᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢᠨ ᠳᠡᠭᠡᠷ᠎ᠡ ᠨᠢ ᠢᠬᠴᠤ ᠬᠠᠢᠷᠰᠤᠨ ᠢᠯᠲᠠᠰᠤ ᠲᠠᠢ᠃ ᠰᠦᠷᠡᠯ ᠨᠢ ᠰᠢᠯᠤᠭᠤᠨ ᠪᠤᠲᠠᠯᠠᠵᠤ ᠤᠷᠭᠤᠨ᠎ᠠ᠃30—90cm ᠤᠷᠲᠤ᠂ ᠦᠶ᠎ᠡ ᠲᠡᠢ᠂ ᠦᠶ᠎ᠡ ᠳᠡᠭᠡᠷ᠎ᠡ ᠨᠢ ᠤᠷᠲᠤ ᠵᠥᠭᠡᠯᠡᠨ ᠦᠰᠦ ᠲᠡᠢ᠃ ᠨᠠᠪᠴᠢ ᠨᠢ ᠣᠯᠠᠩᠬᠢ ᠳ᠋ᠠᠭᠠᠨ ᠤᠭ ᠤ᠋ᠨ ᠬᠡᠰᠡᠭ ᠲᠡᠭᠡᠨ ᠪᠠᠭᠯᠠᠷᠠᠨᠠ᠃ ᠨᠠᠪᠴᠢᠨ ᠲᠣᠭᠳᠣᠢ ᠨᠢ ᠦᠰᠦ ᠦᠭᠡᠢ ᠪᠤᠶᠤ ᠳᠡᠭᠡᠷ᠎ᠡ ᠬᠡᠰᠡᠭ ᠦ᠋ᠨ ᠬᠥᠪᠡᠭᠡ ᠪᠣᠯᠤᠨ ᠨᠠᠪᠴᠢᠨ ᠲᠣᠭᠳᠣᠢ ᠶ᠋ᠢᠨ ᠠᠮᠠᠰᠠᠷ ᠲᠤᠨᠢ ᠪᠤᠯᠴᠢᠷᠬᠠᠢ ᠦᠰᠦ ᠲᠡᠢ᠃ ᠨᠠᠪᠴᠢᠨ ᠢᠯᠲᠠᠰᠤ ᠨᠢ ᠪᠦᠰᠡᠯᠢᠭ ᠪᠤᠶᠤ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠱᠤᠪᠲᠤᠭᠠᠷ ᠦᠵᠦᠭᠦᠷ ᠲᠡᠢ᠂ ᠱᠤᠪᠲᠤᠭᠠᠷ ᠨᠠᠷᠢᠨ ᠤᠭ ᠲᠠᠢ᠂ ᠤᠭ ᠠ᠋ᠴᠠ ᠨᠢ ᠤᠷᠭᠤᠭᠰᠠᠨ ᠨᠠᠪᠴᠢ ᠨᠢ ᠤᠷᠲᠤ᠂ ᠪᠠᠷᠤᠭ ᠤᠷᠭᠤᠮᠠᠯ ᠤ᠋ᠨ ᠥᠨᠳᠥᠷ ᠲᠡᠢ ᠪᠡᠨ ᠲᠡᠩᠴᠡᠭᠦᠦ᠂ ᠡᠰᠢᠨ ᠳ᠋ᠡᠬᠢ ᠨᠠᠪᠴᠢ ᠨᠢ ᠨᠡᠯᠢᠶᠡᠳ ᠣᠬᠣᠷ᠃ ᠱᠣᠷᠣᠯᠵᠢᠨ ᠬᠡᠯᠪᠡᠷᠢᠲᠦ ᠪᠠᠭ ᠴᠡᠴᠡᠭ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂5—20cm ᠤᠷᠲᠤ᠂1.5—3cm ᠥᠷᠭᠡᠨ᠂ ᠰᠠᠯᠠᠭ᠎ᠠ ᠨᠢ ᠣᠬᠣᠷ ᠮᠥᠷᠲᠡᠭᠡᠨ ᠢᠬᠴᠤ ᠤᠷᠭᠤᠨ᠎ᠠ᠃ ᠵᠢᠵᠢᠭ ᠲᠦᠷᠦᠭᠦᠦ ᠨᠢ ᠬᠠᠪᠲᠠᠭᠠᠢ ᠲᠡᠪᠡᠨᠡ ᠪᠤᠶᠤ ᠤᠷᠲᠤᠯᠵᠢᠨ ᠪᠥᠭᠡᠷᠡᠩᠬᠡᠢ᠂3—4mm ᠤᠷᠲᠤ᠂10—15cm ᠤᠷᠲᠤ ᠰᠢᠷᠬᠡᠭᠯᠢᠭ ᠵᠥᠭᠡᠯᠡᠨ ᠨᠢᠭ ᠦᠰᠦ ᠲᠡᠢ᠂ ᠵᠢᠵᠢᠭ ᠲᠦᠷᠦᠭᠦᠦ ᠶ᠋ᠢᠨ ᠪᠠᠷᠢᠭᠤᠯ ᠲᠡᠩᠴᠡᠭᠦᠦ ᠪᠤᠰᠤ᠃ ᠬᠣᠶᠠᠷ ᠬᠠᠯᠢᠰᠤ ᠨᠢ ᠲᠡᠩᠴᠡᠭᠦᠦ᠂ ᠨᠢᠭᠡᠳᠦᠭᠡᠷ ᠬᠠᠯᠢᠰᠤ ᠨᠢ ᠵᠢᠭᠠᠬᠠᠨ ᠣᠬᠣᠷ᠂ ᠠᠷᠤ ᠲᠠᠯ᠎ᠠ ᠶ᠋ᠢᠨ ᠳᠣᠣᠷ᠎ᠠ ᠬᠡᠰᠡᠭ ᠨᠢ ᠵᠢᠭᠠᠬᠠᠨ ᠬᠥᠳᠥᠰᠥᠯᠢᠭ ᠡᠴᠡ ᠭᠠᠳᠠᠨ᠎ᠠ ᠪᠤᠰᠤᠳ ᠨᠢ ᠪᠦᠷ ᠰᠠᠷᠢᠰᠤᠯᠢᠭ᠂ ᠬᠥᠪᠡᠭᠡ ᠪᠡᠷ ᠢ᠋ᠶ᠋ᠡᠨ ᠰᠢᠷᠬᠡᠭᠯᠢᠭ ᠦᠰᠦ ᠲᠡᠢ᠂ ᠠᠷᠤ ᠳ᠋ᠤ᠌ ᠨᠢ ᠲᠠᠷᠠᠮᠠᠭ ᠵᠥᠭᠡᠯᠡᠨ ᠦᠰᠦ ᠲᠡᠢ᠂ ᠨᠢᠭᠡᠳᠦᠭᠡᠷ ᠬᠠᠯᠢᠰᠤ ᠨᠢ ᠨᠡᠯᠢᠶᠡᠳ ᠨᠠᠷᠢᠨ᠂3—4 ᠰᠤᠳᠠᠯ ᠲᠠᠢ᠂ ᠬᠣᠶᠠᠳᠤᠭᠠᠷ ᠬᠠᠯᠢᠰᠤ ᠨᠢ ᠨᠡᠯᠢᠶᠡᠳ ᠥᠷᠭᠡᠨ᠂4—6 ᠰᠤᠳᠠᠯ ᠲᠠᠢ᠃ ᠨᠢᠭᠡᠳᠦᠭᠡᠷ ᠭᠠᠳᠠᠷ ᠬᠡᠪᠡᠭ ᠨᠢ ᠥᠨᠳᠡᠭᠡᠯᠵᠢᠨ ᠤᠷᠲᠤ ᠪᠥᠭᠡᠷᠡᠩᠬᠡᠢ ᠬᠡᠯᠪᠡᠷᠢ ᠲᠡᠢ᠂1.5mm ᠤᠷᠲᠤ᠂ ᠮᠣᠬᠣᠭᠣ ᠦᠵᠦᠭᠦᠷ ᠲᠡᠢ᠂ ᠳᠣᠲᠣᠷ᠎ᠠ ᠬᠡᠪᠡᠭ ᠦᠭᠡᠢ᠃ ᠬᠣᠶᠠᠳᠤᠭᠠᠷ ᠭᠠᠳᠠᠷ ᠬᠡᠪᠡᠭ ᠨᠢ ᠬᠠᠪᠲᠠᠭᠠᠢ ᠲᠡᠪᠡᠨᠡ ᠬᠡᠯᠪᠡᠷᠢ ᠲᠡᠢ᠂1.2mm ᠤᠷᠲᠤ᠂ ᠱᠣᠪᠣᠭᠣᠷ ᠦᠵᠦᠭᠦᠷ ᠲᠡᠢ᠃ ᠬᠥᠪᠡᠭᠡ ᠨᠢ ᠨᠠᠷᠢᠨ ᠬᠡᠷᠴᠢᠶᠡᠰᠦ ᠲᠡᠢ᠃ ᠳᠣᠲᠣᠷ᠎ᠠ ᠬᠡᠪᠡᠭ1.2 mmᠣᠷᠴᠢᠮ ᠤᠷᠲᠤ᠂1.5mm ᠣᠷᠴᠢᠮ ᠥᠷᠭᠡᠨ᠂ ᠲᠡᠭᠰᠢᠬᠡᠨ ᠦᠵᠦᠭᠦᠷ ᠲᠡᠢ᠂ ᠶᠡᠬᠡ ᠪᠠᠭ᠎ᠠ ᠨᠢ ᠠᠳᠠᠯᠢ ᠪᠤᠰᠤ ᠬᠡᠳᠦᠨ ᠬᠡᠷᠴᠢᠶᠡᠰᠦ ᠲᠡᠢ᠃2 ᠡᠷ᠎ᠡ ᠲᠣᠭᠣᠷᠴᠣᠭ ᠲᠠᠢ᠂ ᠲᠣᠭᠣᠰᠣᠪᠴᠢ ᠨᠢ ᠰᠢᠷ᠎ᠠ᠂3mm ᠣᠷᠴᠢᠮ ᠤᠷᠲᠤ᠂ ᠪᠠᠭᠠᠨ᠎ᠠ ᠶ᠋ᠢᠨ ᠠᠮᠠᠰᠠᠷ ᠨᠢ2᠂ ᠭᠦᠨ ᠪᠣᠷᠣ ᠥᠩᠭᠡ ᠲᠡᠢ᠃ ᠠᠮᠤ ᠵᠢᠮᠢᠰ ᠨᠢ ᠵᠤᠤᠪᠠᠩ ᠬᠡᠯᠪᠡᠷᠢ ᠲᠡᠢ᠃5—6 ᠰᠠᠷ᠎ᠠ ᠳ᠋ᠤ᠌ ᠴᠡᠴᠡᠭᠯᠡᠵᠦ᠂6—7 ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠵᠠᠮ ᠤ᠋ᠨ ᠵᠠᠬ᠎ᠠ᠂ ᠠᠭᠤᠯᠠ ᠶ᠋ᠢᠨ ᠬᠠᠵᠠᠭᠤ᠂ ᠲᠠᠯ᠎ᠠ ᠭᠠᠵᠠᠷ ᠳᠤ ᠤᠷᠭᠤᠨ᠎ᠠ᠃ ᠪᠦᠬᠦ ᠤᠯᠤᠰ ᠤ᠋ᠨ ᠡᠯ᠎ᠡ ᠭᠠᠵᠠᠷ ᠣᠷᠣᠨ ᠳ᠋ᠤ᠌ ᠨᠡᠢᠳᠡᠮ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠦᠨᠳᠦᠰᠦᠯᠢᠭ ᠡᠰᠢ ᠶ᠋ᠢ ᠮᠠᠯᠲᠠᠨ ᠠᠪᠴᠤ᠂ ᠬᠥᠷᠥᠰᠥᠨ ᠳᠡᠭᠡᠷᠡᠬᠢ ᠬᠡᠰᠡᠭ ᠪᠠ ᠬᠣᠯᠢᠮᠠᠭ ᠵᠦᠢᠯ ᠢ᠋ ᠨᠢ ᠠᠷᠢᠯᠭᠠᠭᠠᠳ ᠬᠠᠲᠠᠭᠰᠠᠨ ᠤ᠋ ᠰᠡᠭᠦᠯᠡᠷ ᠰᠠᠬᠠᠯ ᠦᠨᠳᠦᠰᠦ ᠪᠣᠯᠤᠨ ᠰᠠᠷᠢᠰᠤᠯᠢᠭ ᠨᠠᠪᠴᠢᠨ ᠲᠣᠭᠳᠣᠢ ᠶ᠋ᠢ ᠨᠢ ᠦᠩᠭᠡᠵᠦ ᠤᠨᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ᠃ ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠭᠡᠯᠭᠡᠬᠦ᠂ ᠬᠣᠣᠷ ᠢ᠋ ᠲᠠᠢᠯᠬᠤ᠂ ᠴᠢᠰᠤ ᠶ᠋ᠢ ᠵᠣᠭᠰᠣᠭᠠᠬᠤ᠂ ᠰᠢᠮᠡᠵᠢᠭᠦᠯᠬᠦ ᠴᠢᠳᠠᠯ ᠲᠠᠢ᠃ ᠭᠣᠣᠯᠳᠠᠭᠤ ᠰᠢᠭᠡᠰᠦ ᠬᠣᠷᠢᠭᠳᠠᠬᠤ᠂ ᠰᠢᠭᠡᠰᠦ ᠴᠢᠪᠳᠠᠭᠰᠢᠬᠤ᠂ ᠴᠢᠰᠤ ᠠᠯᠳᠠᠬᠤ᠂ ᠰᠠᠷᠨᠢᠭᠰᠠᠨ ᠬᠣᠣᠷ᠂ ᠨᠠᠢᠷᠠᠭᠤᠯᠤᠭᠰᠠᠨ ᠬᠣᠣᠷ᠂ ᠲᠠᠮᠢᠷ ᠳᠣᠷᠣᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄白茅根
ᠠᠩᠭ᠌ᠯᠢ ᠨᠡᠷ᠎ᠡ᠄Lmperata cyLindraca (L..)
Beauv. uav. major. (Nees). C.E.Hubb.
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠲᠤᠶᠠᠭ᠎ᠠ
