ᠥᠷᠭᠡᠰᠦᠲᠦ ᠰᠢᠷ᠎ᠠ ᠮᠣᠳᠣ-Өргөст шар мод
ᠭᠡᠭᠦᠦ ᠶ᠋ᠢᠨ ᠰᠦ
ᠲᠣᠮᠣ ᠰᠢᠷ᠎ᠠ ᠮᠣᠳᠣ
ᠲᠤᠰ ᠡᠮ ᠪᠣᠯ ᠰᠢᠷ᠎ᠠ ᠮᠣᠳᠣᠨ ᠤ᠋ ᠢᠵᠠᠭᠤᠷ ᠤ᠋ᠨ ᠤᠷᠭᠤᠮᠠᠯ ᠪᠣᠯᠬᠤ ᠭᠡᠭᠦᠦ ᠶ᠋ᠢᠨ ᠰᠦ᠂ ᠲᠣᠮᠣ ᠰᠢᠷ᠎ᠠ ᠮᠣᠳᠣ ᠶ᠋ᠢᠨ ᠦᠨᠳᠦᠰᠦ ᠮᠥᠨ᠃ ᠪᠠᠰᠠ ᠵᠧᠷᠨᠠᠭ ᠭᠡᠳᠡᠭ᠃
[ ᠤᠤᠯ ᠤᠷᠭᠤᠮᠠᠯ]1᠂ ᠭᠡᠭᠦᠦ ᠶ᠋ᠢᠨ ᠰᠦ ᠨᠠᠪᠴᠢ ᠵᠤᠯᠭᠠᠷᠠᠬᠤ ᠪᠤᠲᠠ ᠮᠣᠳᠣ᠃ ᠥᠨᠳᠥᠷ ᠨᠢ2 m ᠬᠦᠷᠳᠡᠭ᠃ ᠵᠢᠵᠢᠭ ᠮᠥᠴᠢᠷ ᠨᠢ ᠪᠣᠷᠣᠪᠲᠤᠷ ᠤᠯᠠᠭᠠᠨ᠂ ᠢᠷᠮᠡᠭ ᠲᠡᠢ᠂ ᠳᠠᠩ ᠥᠷᠭᠡᠰᠦ ᠲᠡᠢ᠂ ᠣᠬᠣᠷ ᠪᠥᠭᠡᠳ ᠳᠣᠷᠣᠢᠬᠠᠨ 3 ᠰᠠᠯᠠᠭ᠎ᠠ ᠲᠠᠢ᠂ 4—9mm ᠤᠷᠲᠤ᠃ ᠨᠠᠪᠴᠢ ᠨᠢ ᠴᠠᠭᠠᠰᠤᠯᠢᠭ᠂ ᠨᠠᠷᠢᠨ ᠬᠠᠪᠲᠠᠭᠠᠢ ᠲᠡᠪᠡᠨᠡ ᠡᠴᠡ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂1.5—4cm ᠤᠷᠲᠤ᠂ 3—6mm ᠥᠷᠭᠡᠨ᠂ ᠱᠣᠪᠬᠣ ᠣᠷᠣᠢ ᠲᠠᠢ᠂ ᠵᠢᠵᠢᠭ ᠱᠣᠪᠬᠣ ᠦᠵᠦᠭᠦᠷ ᠲᠡᠢ᠂ ᠨᠠᠷᠢᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠤᠨᠵᠢᠭᠢᠷ᠂ 8—20 ᠬᠦᠢᠰ ᠴᠡᠴᠡᠭ ᠲᠡᠢ᠂ ᠪᠠᠭᠯᠠᠭᠴᠢ ᠢᠯᠲᠠᠰᠤ ᠨᠢ ᠥᠷᠥᠮ ᠬᠡᠯᠪᠡᠷᠢ ᠲᠡᠢ᠂1—2mm ᠤᠷᠲᠤ᠃ ᠰᠢᠭᠦᠰᠦᠯᠢᠭ ᠵᠢᠮᠢᠰ ᠨᠢ ᠰᠣᠷᠭᠣᠭ ᠤᠯᠠᠭᠠᠨ᠂ ᠤᠷᠲᠤᠯᠵᠢᠨ ᠲᠣᠭᠣᠷᠢᠭ ᠬᠡᠯᠪᠡᠷᠢ ᠲᠡᠢ᠂9mm ᠤᠷᠲᠤ᠂ ᠳ᠋ᠢᠶᠠᠮᠧᠲᠷ ᠨᠢ4—5mm.1—2 ᠦᠷ᠎ᠡ ᠲᠡᠢ᠃ 5—6 ᠳ᠋ᠤᠭᠠᠷ ᠰᠠᠷ᠎ᠠ ᠳ᠋ᠤ᠌ ᠴᠡᠴᠡᠭᠯᠡᠵᠦ᠂ 7—8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
2᠂ ᠲᠣᠮᠣ ᠰᠢᠷ᠎ᠠ ᠮᠣᠳᠣ ᠨᠠᠪᠴᠢ ᠵᠤᠯᠭᠠᠷᠠᠬᠤ ᠪᠤᠲᠠ ᠮᠣᠳᠣ᠃ 1—2m ᠥᠨᠳᠥᠷ᠂ ᠦᠨᠳᠦᠰᠦ ᠨᠢ ᠲᠤᠷᠤᠭ ᠪᠦᠳᠦᠭᠦᠨ ᠣᠯᠠᠨ ᠰᠠᠯᠠᠭ᠎ᠠ ᠲᠠᠢ᠂ ᠪᠡᠬᠢ ᠬᠠᠲᠠᠭᠤ ᠰᠢᠷ᠎ᠠ ᠥᠩᠭᠡ ᠲᠡᠢ᠃ ᠡᠰᠢ ᠨᠢ ᠰᠢᠯᠤᠭᠤᠨ᠂ ᠥᠲᠡᠯᠦᠭᠰᠡᠨ ᠮᠥᠴᠢᠷ ᠨᠢ ᠴᠠᠢᠪᠤᠷ ᠥᠩᠭᠡ ᠲᠡᠢ᠂ ᠨᠢᠯᠬ᠎ᠠ ᠮᠥᠴᠢᠷ ᠨᠢ ᠴᠠᠢᠪᠤᠷ ᠰᠢᠷ᠎ᠠ ᠥᠩᠭᠡ ᠲᠡᠢ᠂ ᠥᠷᠭᠡᠰᠦ ᠲᠡᠢ᠃ ᠨᠠᠪᠴᠢ ᠨᠢ ᠥᠷᠭᠡᠰᠦ ᠶ᠋ᠢᠨ ᠡᠪᠦᠷ ᠲᠦ᠍ ᠪᠥᠭᠡᠮᠨᠡᠷᠡᠨ ᠤᠷᠭᠤᠨ᠎ᠠ᠂ ᠨᠠᠪᠴᠢᠨ ᠪᠠᠷᠢᠭᠤᠯ ᠨᠢ ᠮᠠᠰᠢ ᠣᠬᠣᠷ᠂ ᠨᠠᠪᠴᠢᠨ ᠢᠯᠲᠠᠰᠤ ᠨᠢ ᠲᠣᠩᠭᠣᠷᠤᠤ ᠥᠨᠳᠡᠭᠡᠯᠵᠢᠨ ᠰᠢᠭ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠵᠣᠤᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠮᠤᠬᠤᠷ ᠲᠣᠭᠣᠷᠢᠭ ᠦᠵᠦᠭᠦᠷ ᠲᠡᠢ᠂ ᠨᠠᠷᠢᠨ ᠱᠠᠭᠠᠨᠲᠠᠭ ᠤᠭ ᠲᠠᠢ᠂ ᠵᠠᠮᠪᠠᠷᠠᠭ᠎ᠠ ᠦᠭᠡᠢ ᠰᠤᠷ ᠰᠢᠭ᠋ ᠵᠢᠵᠢᠭ ᠥᠷᠭᠡᠰᠦ ᠪᠤᠶᠤ ᠵᠢᠵᠢᠭ ᠬᠢᠷᠥᠭᠡᠨ ᠰᠢᠳᠦᠨ ᠬᠥᠪᠡᠭᠡ ᠲᠡᠢ᠃ ᠲᠣᠳᠣᠷᠬᠠᠢ ᠥᠳᠥᠯᠢᠭ ᠲᠣᠣᠷᠯᠢᠭ ᠰᠤᠳᠠᠯ ᠲᠠᠢ᠃ ᠴᠠᠴᠤᠭ ᠬᠡᠯᠪᠡᠷᠢᠲᠦ ᠪᠠᠭ ᠴᠡᠴᠡᠭ ᠲᠡᠢ᠂ ᠵᠢᠵᠢᠭ ᠴᠡᠴᠡᠭ ᠨᠢ10—25 ᠬᠦᠢᠰ᠂ ᠤᠨᠵᠢᠢᠵᠤ ᠳᠡᠯᠭᠡᠷᠡᠨ᠎ᠡ᠂6 ᠲᠣᠭᠳᠣᠢ ᠢᠯᠲᠠᠰᠤ ᠲᠠᠢ᠃ ᠴᠡᠴᠡᠭ ᠦ᠋ᠨ ᠳᠡᠯᠪᠢ ᠨᠢ6᠂ ᠡᠷ᠎ᠡ ᠲᠣᠭᠣᠷᠴᠣᠭ ᠨᠢ6᠂ ᠡᠮ᠎ᠡ ᠲᠣᠭᠣᠷᠴᠣᠭ ᠨᠢ1᠃ ᠰᠢᠭᠦᠰᠦᠯᠢᠭ ᠵᠢᠮᠢᠰ ᠨᠢ ᠵᠣᠤᠪᠠᠩᠯᠢᠭ ᠲᠣᠭᠣᠷᠢᠭ ᠪᠤᠶᠤ ᠥᠨᠳᠡᠭᠡᠯᠵᠢᠨ ᠬᠡᠯᠪᠡᠷᠢ ᠲᠡᠢ᠂ ᠪᠣᠯᠪᠠᠰᠤᠷᠠᠪᠠᠯ ᠤᠯᠠᠭᠠᠨ᠂ ᠭᠥᠯᠢᠭᠡᠷ᠃5—6 ᠳ᠋ᠤᠭᠠᠷ ᠰᠠᠷ᠎ᠠ ᠳ᠋ᠤ᠌ ᠴᠡᠴᠡᠭᠯᠡᠵᠦ᠂7—8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠵᠣ ᠰᠢᠯᠢᠷᠬᠡᠭ ᠭᠠᠵᠠᠷ᠂ ᠠᠭᠤᠯᠠᠨ ᠭᠣᠣ᠂ ᠭᠣᠣᠯ ᠤ᠋ᠨ ᠬᠥᠪᠡᠭᠡ ᠪᠡᠷ ᠤᠷᠭᠤᠨ᠎ᠠ᠃ ᠵᠡᠭᠦᠨ ᠬᠣᠢᠲᠤ ᠣᠷᠣᠨ᠂ ᠥᠪᠥᠢ ᠮᠣᠩᠭᠣᠯ᠂ ᠾᠧᠪᠧᠢ᠂ ᠱᠠᠨᠳᠦ᠋ᠩ᠂ ᠱᠠᠨᠰᠢ᠂ ᠱᠠᠨ ᠰᠢ᠂ ᠾᠧᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠠᠪᠤᠷ ᠪᠤᠶᠤ ᠨᠠᠮᠤᠷ ᠦᠨᠳᠦᠰᠦ ᠶ᠋ᠢ ᠨᠢ ᠮᠠᠯᠲᠠᠨ ᠠᠪᠴᠤ᠂ ᠰᠢᠪᠡᠷ ᠰᠢᠷᠣᠢ᠂ ᠰᠠᠬᠠᠯ ᠦᠨᠳᠦᠰᠦ ᠶ᠋ᠢ ᠨᠢ ᠠᠷᠢᠯᠭᠠᠭᠠᠳ᠂ ᠬᠡᠷᠴᠢᠵᠦ ᠬᠠᠭᠰᠠᠭᠠᠨ ᠬᠠᠲᠠᠭᠠᠬᠤ ᠪᠤᠶᠤ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠳᠠᠪᠤᠰᠤᠯᠢᠭ ᠠᠮᠲᠠ ᠲᠠᠢ; ᠰᠡᠷᠢᠭᠦᠨ ᠴᠢᠨᠠᠷ ᠲᠠᠢ; ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠥᠳᠬᠡᠷᠡᠭᠰᠡᠨ ᠴᠢᠰᠤ ᠶ᠋ᠢ ᠰᠢᠩᠭᠡᠷᠡᠭᠦᠯᠬᠦ᠂ ᠰᠠᠷ᠎ᠠ ᠶ᠋ᠢᠨ ᠭᠬᠢᠷ ᠢ᠋ ᠲᠡᠭᠰᠢᠳᠬᠡᠬᠦ᠂ ᠨᠢᠷᠠᠢ ᠬᠠᠯᠠᠭᠤᠨ᠂ ᠴᠢᠰᠤᠨ ᠬᠠᠯᠠᠭᠤᠨ᠂ ᠰᠤᠳᠠᠯ ᠤ᠋ᠨ ᠬᠠᠯᠠᠭᠤᠨ᠂ ᠴᠢᠰᠤᠨ ᠪᠡᠲᠡᠭᠢ᠂ ᠴᠢᠰᠤ ᠪᠦᠷᠢᠯᠳᠦᠭᠰᠡᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄土黄柏(1 细叶小檗) 2 黄芦木
ᠠᠩᠭ᠌ᠯᠢ ᠨᠡᠷ᠎ᠡ᠄1 Brrberis poiretii Schneid. 2 Berberis amurensis Rupr.
ᠦᠰᠦᠭ ᠠᠮᠢᠯᠠᠭᠤᠯᠤᠭᠴᠢ᠄ ᠣ ᠰᠡᠴᠡᠨᠲᠦ
ᠬᠢᠨᠠᠭᠴᠢ᠄ ᠲᠤᠶᠠᠭ᠎ᠠ᠂ ᠥᠯᠵᠢᠢᠪᠠᠭᠠᠲᠤᠷ
