ᠬᠡᠢᠮᠣᠷᠢ ᠰᠦᠯᠵᠢᠶ᠎ᠡ ᠶ᠋ᠢᠨ ᠲᠤᠬᠠᠢХийморь сүлжээгийн тухай ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠡᠢᠮᠣᠷᠢ ᠰᠦᠯᠵᠢᠶ᠎ᠡ ᠶ᠋ᠢᠨ ᠲᠤᠬᠠᠢХийморь сүлжээгийн тухай

ᠬᠡᠢᠮᠣᠷᠢ ᠰᠦᠯᠵᠢᠶ᠎ᠡ ᠶ᠋ᠢᠨ ᠲᠤᠬᠠᠢХийморь сүлжээгийн тухай

2024-09-28

3822

ᠬᠡᠢᠮᠣᠷᠢ ᠰᠦᠯᠵᠢᠶ᠎ᠡ ᠶ᠋ᠢᠨ ᠲᠤᠬᠠᠢ

      ᠬᠥᠮᠦᠨ ᠲᠥᠷᠥᠯᠬᠢᠲᠡᠨ ᠰᠢᠨ᠎ᠡ ᠮᠢᠩᠭᠠᠨ ᠤ᠋ ᠪᠣᠱᠣᠭ᠎ᠠ ᠶ᠋ᠢ ᠠᠯᠬᠤᠵᠤ ᠢᠨᠲ᠋ᠧᠷᠨᠡᠲ ᠨᠢ ᠬᠥᠮᠦᠰ ᠦ᠋ᠨ ᠡᠳᠦᠷ ᠳᠣᠳᠣᠮ ᠤ᠋ᠨ ᠠᠮᠢᠳᠤᠷᠠᠯ ᠢ᠋ ᠶᠡᠬᠡᠪᠡᠷ ᠨᠥᠯᠥᠭᠡᠯᠡᠵᠦ᠂ ᠳᠡᠯᠡᠬᠡᠢ ᠶ᠋ᠢᠨ ᠬᠡᠴᠢᠨᠡᠨ ᠣᠯᠠᠨ ᠦᠰᠦᠭ ᠪᠢᠴᠢᠭ ᠰᠦᠯᠵᠢᠶᠡᠨ ᠳᠡᠭᠡᠷ᠎ᠡ ᠴᠢᠯᠥᠭᠡᠲᠡᠢ ᠬᠡᠷᠡᠭᠯᠡᠭᠳᠡᠬᠦ ᠡᠨᠡᠬᠦ ᠳᠠᠯᠠᠢ ᠶᠡᠬᠡ ᠴᠠᠬᠢᠮ ᠶᠢᠷᠲᠢᠨᠴᠦ ᠳ᠋ᠦ᠍᠂ ᠤᠯᠠᠮᠵᠢᠯᠠᠯᠲᠤ ᠮᠣᠩᠭᠣᠯ ᠦᠰᠦᠭ ᠦᠨ ᠭᠤᠨᠢᠭᠲᠤ ᠪᠣᠳᠠᠲᠤ ᠪᠠᠢᠳᠠᠯ ᠢ ᠪᠢᠳᠠ ᠪᠦᠭᠦᠳᠡ ᠮᠠᠳᠡᠵᠦ ᠪᠠᠢᠭ᠎ᠠ᠃ ᠬᠡᠳᠦᠢᠪᠡᠷ ᠴᠠᠬᠢᠮ ᠶᠢᠷᠲᠢᠨᠴᠦ ᠳ᠋ᠤ᠌ ᠪᠢᠳᠡᠨ ᠦ᠌ ᠠᠰᠢᠭᠯᠠᠳᠠᠭ ᠪᠠᠢᠨᠠᠤ᠂ ᠡᠭᠡᠰᠢᠭ᠂ ᠬᠣᠯᠪᠣᠭ᠎ᠠ᠂ ᠳᠤᠷᠠᠨ ᠬᠠᠷᠠᠭ᠎ᠠ ᠵᠡᠷᠭᠡ ᠮᠣᠩᠭᠣᠯ ᠰᠦᠯᠵᠢᠶ᠎ᠡ ᠨᠦ᠍ᠭᠦᠳ ᠪᠠᠢᠳᠠᠭ ᠪᠣᠯᠪᠠᠴᠤ ᠡᠳᠡᠭᠡᠷ ᠨᠢ ᠶᠦᠨᠢᠺᠣᠳ᠋ ᠲᠤ᠌ ᠣᠷᠣᠭᠰᠠᠨ ᠦᠭᠡᠢ ᠺᠣᠳ᠋ ᠢ᠋ᠶ᠋ᠠᠷ ᠪᠢᠴᠢᠭᠳᠡᠵᠦ ᠪᠠᠢᠬᠤ ᠪᠣᠯᠬᠣᠷ ᠴᠠᠬᠢᠮ ᠶᠢᠷᠲᠢᠨᠴᠦ ᠳ᠋ᠦ᠍ ᠦᠭᠡᠰ ᠦ᠋ᠨ ᠰᠠᠩ ᠪᠣᠯᠵᠤ ᠦᠯᠡᠳᠡᠬᠦ ᠦᠭᠡᠢ ᠮᠥᠷᠲᠡᠭᠡᠨ ᠳᠡᠯᠡᠬᠡᠢ ᠶ᠋ᠢᠨ ᠰᠦᠯᠵᠢᠶᠡᠨ ᠡᠴᠡ ᠬᠠᠢᠵᠤ ᠴᠤ᠌ ᠣᠯᠳᠠᠳᠠᠭ ᠦᠭᠡᠢ᠃ ᠡᠢᠨᠬᠦ ᠰᠢᠯᠲᠠᠭᠠᠨ ᠠ᠋ᠴᠠ ᠴᠠᠬᠢᠮ ᠶᠢᠷᠲᠢᠨᠴᠦ ᠳ᠋ᠦ᠍ ᠮᠣᠩᠭᠣᠯ ᠢ᠋ᠶ᠋ᠡᠷ ᠢᠯᠡᠷᠡᠳᠡᠭ ᠠᠭᠤᠯᠭ᠎ᠠ ᠨᠢ ᠬᠠᠷᠠᠮᠰᠠᠮᠠᠷ ᠬᠥᠭᠡᠷᠦᠬᠦᠢᠯᠡᠯᠲᠡᠢ ᠴᠥᠭᠡᠬᠡᠨ ᠪᠣᠯᠵᠤ᠂ ᠴᠠᠬᠢᠮ ᠣᠷᠴᠢᠨ ᠤ᠋ ᠲᠣᠭ᠎ᠠ ᠪᠦᠷᠢᠳᠬᠡᠯ ᠳ᠋ᠦ᠍ ᠤᠯᠠᠮᠵᠢᠯᠠᠯᠲᠤ ᠮᠣᠩᠭᠣᠯ ᠦᠰᠦᠭ ᠨᠢ ᠬᠡᠷᠡᠭᠯᠡᠭᠴᠢ ᠦᠭᠡᠢ᠂ ᠬᠡᠷᠡᠭᠯᠡᠭᠳᠡᠵᠦ ᠦᠭᠡᠢ ᠦᠰᠦᠭ ᠪᠢᠴᠢᠭ ᠲᠦ᠍ ᠲᠣᠭᠠᠴᠠᠭᠳᠠᠨ᠂ ᠨᠡᠩ ᠢᠯᠠᠩᠭᠤᠶ᠎ᠠ ᠺᠣᠮᠫᠢᠦ᠋ᠲ᠋ᠧᠷ᠂ ᠭᠠᠷ ᠤᠲᠠᠰᠤ ᠵᠡᠷᠭᠡ ᠬᠡᠷᠡᠭᠯᠡᠭᠡᠨ ᠦ᠌ ᠪᠠᠭᠠᠵᠢ ᠶ᠋ᠢᠨ ᠳᠡᠯᠡᠬᠡᠢ ᠶ᠋ᠢᠨ ᠴᠢᠨᠠᠷᠲᠠᠢ ᠰᠠᠢᠲ ᠤ᠋ᠳ ᠨᠢ ᠰᠢᠰᠲ᠋ᠧᠮ ᠳ᠋ᠦ᠍ ᠪᠡᠨ ᠠᠳᠠᠯᠢ ᠪᠤᠰᠤ ᠦᠰᠦᠭ ᠦ᠋ᠨ ᠲᠢᠭ ᠢ᠋ ᠤᠭᠰᠠᠷᠠᠭᠰᠠᠨ ᠪᠤᠶᠤ ᠪᠦᠷ ᠤᠭᠰᠠᠷᠠᠵᠤ ᠴᠤ᠌ ᠥᠭᠳᠡᠭ ᠦᠭᠡᠢ᠂ ᠡᠰᠡᠬᠦᠯ᠎ᠡ ᠴᠠᠭ ᠲᠤᠬᠠᠢ ᠳ᠋ᠤ᠌ ᠨᠢ ᠰᠢᠨᠡᠴᠢᠯᠡᠳᠡᠭ ᠴᠦ᠍ ᠦᠭᠡᠢ ᠵᠣᠭᠰᠣᠩᠭᠤᠢᠷᠠᠭᠰᠠᠨ ᠪᠠᠢᠳᠠᠯ ᠲᠠᠢ ᠪᠣᠯᠵᠠᠢ᠃ ᠡᠨᠡ ᠨᠢ ᠤᠯᠠᠮᠵᠢᠯᠠᠯᠲᠤ ᠮᠣᠩᠭᠣᠯ ᠦᠰᠦᠭ ᠨᠢ ᠡᠯ᠎ᠡ ᠰᠢᠰᠲ᠋ᠧᠮ ᠳ᠋ᠦ᠍ ᠬᠠᠷᠢᠯᠴᠠᠨ ᠵᠥᠪ ᠢᠯᠡᠷᠡᠬᠦ ᠦᠭᠡᠢ ᠵᠡᠷᠭᠡ ᠳᠥᠭᠥᠮ ᠦᠭᠡᠢ ᠪᠠᠢᠳᠠᠯ ᠳ᠋ᠤ᠌ ᠣᠷᠣᠭᠤᠯᠵᠤ᠂ ᠨᠡᠩ ᠴᠦ᠍ ᠬᠡᠷᠡᠭᠯᠡᠯᠲᠡ ᠶ᠋ᠢᠨ ᠬᠦᠷᠢᠶ᠎ᠡ ᠬᠡᠪᠴᠢᠶ᠎ᠡ ᠶ᠋ᠢ ᠬᠢᠵᠠᠭᠠᠷᠳᠠᠮᠠᠯ ᠴᠢᠨᠠᠷ ᠲᠠᠢ ᠪᠣᠯᠭᠠᠵᠤ᠂ ᠪᠦᠬᠦᠢᠯᠡ ᠮᠣᠩᠭᠣᠯ ᠰᠣᠶᠣᠯ ᠤ᠋ᠨ ᠬᠥᠭᠵᠢᠯᠲᠡ ᠶ᠋ᠢ ᠬᠠᠷᠰᠢᠯᠠᠵᠤ ᠪᠠᠢᠨ᠎ᠠ᠃
      ᠬᠡᠢᠮᠣᠷᠢ ᠰᠦᠯᠵᠢᠶ᠎ᠡ ᠨᠢ ᠡᠳᠡᠭᠡᠷ ᠪᠠᠢᠳᠠᠯ ᠢ᠋ ᠰᠡᠷᠭᠡᠭ ᠢ᠋ᠶ᠋ᠡᠷ ᠲᠠᠨᠢᠵᠤ᠂ ᠵᠣᠷᠢᠭᠲᠠᠢ ᠪᠠᠷ ᠥᠭᠡᠷᠡᠴᠢᠯᠡᠬᠦ ᠠᠷᠭ᠎ᠠ ᠠᠪᠴᠢᠯ ᠢ᠋ ᠰᠦᠪᠡᠭᠴᠢᠯᠡᠵᠦ ᠡᠬᠢᠯᠡᠵᠡᠢ᠃ ᠬᠡᠢᠮᠣᠷᠢ ᠰᠦᠯᠵᠢᠶ᠎ᠡ ᠨᠢ ᠦᠭᠡ ᠦᠰᠦᠭ ᠪᠣᠯᠭᠠᠨ ᠢ᠋ ᠪᠡᠨ ᠴᠠᠬᠢᠮ ᠶᠢᠷᠲᠢᠨᠴᠦ ᠳ᠋ᠦ᠍ ᠥᠨᠢᠳᠡ ᠶ᠋ᠢᠨ ᠦᠭᠡᠰ ᠦ᠋ᠨ ᠰᠠᠩ ᠪᠣᠯᠭᠠᠨ ᠦᠯᠡᠳᠡᠭᠡᠬᠦ᠂ ᠳᠡᠯᠡᠬᠡᠢ ᠶ᠋ᠢᠨ ᠬᠡᠪᠴᠢᠶᠡᠨ ᠳ᠋ᠦ᠍ ᠪᠦᠬᠦ ᠬᠥᠮᠦᠰ ᠤᠩᠰᠢᠵᠤ ᠳᠡᠢᠯᠬᠦ ᠰᠦᠯᠵᠢᠶ᠎ᠡ ᠪᠣᠯᠭᠠᠬᠤ ᠵᠣᠷᠢᠯᠲᠠ ᠪᠠᠷ ᠶᠦᠨᠢᠺᠣᠳ᠋ ᠢ᠋ᠶ᠋ᠡᠷ ᠪᠢᠴᠢᠭᠯᠡᠭᠰᠡᠨ ᠮᠥᠷᠲᠡᠭᠡᠨ ᠳᠡᠯᠡᠬᠡᠢ ᠶ᠋ᠢᠨ ᠬᠣᠶᠠᠳᠤᠭᠠᠷ ᠲᠣᠮᠣ ᠬᠠᠢᠯᠲᠠ ᠶ᠋ᠢᠨ ᠰᠢᠰᠲ᠋ᠧᠮ (bing.com) ᠎ᠡᠴᠡ ᠬᠠᠢᠵᠤ ᠳᠡᠢᠯᠬᠦ ᠪᠡᠷ ᠰᠦᠯᠵᠢᠶ᠎ᠡ ᠪᠡᠨ ᠡᠭᠦᠰᠬᠡᠨ ᠪᠦᠲᠦᠭᠡᠵᠡᠢ᠃ 2021 ᠣᠨ ᠳ᠋ᠤ᠌ ᠠᠩᠬ᠎ᠠ ᠪᠠᠢᠭᠤᠯᠤᠭᠳᠠᠵᠤ᠂ ᠣᠳᠣ ᠪᠣᠯᠬᠤ ᠳ᠋ᠤ᠌ ᠠᠷᠪᠠᠭᠠᠳ ᠨᠠᠰᠤᠲᠠᠢ ᠪᠠᠭ᠎ᠠ ᠬᠡᠦᠬᠡᠳ ᠡᠴᠡ ᠶᠡᠷᠡᠨ ᠨᠠᠰᠤᠲᠠᠢ ᠦᠨᠳᠦᠷ ᠨᠠᠰᠤᠲᠠᠨ ᠡᠵᠢ᠂ ᠦᠰᠦᠭ ᠪᠢᠴᠢᠭ ᠲᠦ᠍ ᠬᠠᠢᠷᠠᠲᠠᠢ ᠮᠠᠯᠴᠢᠨ ᠲᠠᠷᠢᠶᠠᠴᠢᠨ ᠠ᠋ᠴᠠ ᠡᠬᠢᠯᠡᠨ ᠨᠡᠢᠭᠡᠮ ᠦ᠋ᠨ ᠡᠯ᠎ᠡ ᠡᠲᠡᠭᠡᠳ ᠦ᠋ᠨ ᠬᠡᠳᠦᠨ ᠵᠠᠭᠤ ᠮᠢᠩᠭᠠᠨ ᠬᠥᠮᠦᠨ ᠦ᠌ ᠰᠠᠢᠨ ᠳᠤᠷ᠎ᠠ ᠶ᠋ᠢᠨ ᠣᠷᠣᠯᠴᠠᠯᠭ᠎ᠠ ᠲᠠᠢ ᠦᠰᠦᠭ ᠦᠷᠦᠭᠴᠢ ᠶ᠋ᠢᠨ ᠬᠠᠷᠠᠮ ᠦᠭᠡᠢ ᠬᠥᠳᠡᠯᠮᠦᠷᠢ ᠪᠠ ᠴᠢᠷᠮᠠᠢᠯᠲᠠ ᠪᠠᠷ ᠬᠣᠶᠠᠷᠬᠠᠨ ᠵᠢᠯ ᠦ᠋ᠨ ᠬᠤᠭᠤᠴᠠᠭᠠᠨ ᠳ᠋ᠤ᠌ ᠬᠡᠤᠬᠡᠯᠳᠠᠢ ᠵᠦᠴᠦᠭᠡ᠂ ᠵᠠᠩ ᠦᠢᠯᠡ᠂ ᠲᠡᠤᠬᠡ᠂ ᠲᠤᠷᠭᠠᠨ ᠵᠢᠯᠣᠭᠣ᠂ ᠳᠠᠭᠤᠤ ᠰᠢᠯᠦᠭ ᠵᠡᠷᠭᠡ ᠲᠦᠮᠡ ᠰᠢᠬᠠᠮ ᠠᠭᠤᠯᠭ᠎ᠠ ᠲᠠᠢ᠂ ᠭᠤᠷᠪᠠᠨ ᠵᠠᠭᠤᠨ ᠲᠦᠮᠡ ᠭᠠᠷᠤᠢ ᠦᠭᠡᠰ ᠦ᠋ᠨ ᠰᠠᠩ ᠲᠠᠢ ᠪᠣᠯᠵᠤ ᠪᠤᠵᠠᠭᠠᠢᠷᠠᠭᠰᠠᠨ ᠪᠠᠢᠨ᠎ᠠ᠃ 
ᠬᠡᠳᠦᠢᠪᠡᠷ ᠡᠢᠮᠦ ᠪᠣᠯᠪᠠᠴᠤ ᠬᠡᠢᠮᠣᠷᠢ ᠰᠦᠯᠵᠢᠶ᠎ᠡ ᠨᠢ ᠬᠡᠷᠡᠭᠯᠡᠭᠳᠡᠬᠦ ᠬᠡᠪᠴᠢᠶ᠎ᠡ ᠢᠪᠴᠤᠤ᠂ ᠦᠵᠡᠭᠴᠢ ᠶ᠋ᠢᠨ ᠲᠣᠭ᠎ᠠ ᠨᠢ ᠪᠠᠭ᠎ᠠ ᠵᠡᠷᠭᠡ ᠰᠢᠯᠲᠠᠭᠠᠨ ᠠ᠋ᠴᠠ ᠪᠣᠯᠵᠤ ᠳᠡᠯᠡᠬᠡᠢ ᠶ᠋ᠢᠨ ᠠᠪᠤᠷᠭᠤ ᠲᠣᠮᠣ ᠴᠠᠬᠢᠮ ᠶᠢᠷᠲᠢᠨᠴᠦ ᠳ᠋ᠦ᠍ ᠨᠥᠯᠥᠭᠡᠯᠡᠬᠦ ᠴᠢᠳᠠᠯ ᠨᠢ ᠮᠥᠨ ᠲᠤᠩ ᠳᠣᠷᠣᠢ ᠪᠠᠭᠤᠷᠠᠢ ᠪᠠᠢᠨ᠎ᠠ᠃ ᠡᠢᠮᠦ ᠡᠴᠡ ᠪᠢᠳᠡ ᠪᠦᠭᠦᠳᠡᠭᠡᠷ ᠬᠠᠮᠲᠤᠷᠠᠯᠴᠠᠨ᠂ ᠳᠠᠷᠠᠭᠠᠬᠢ ᠠᠵᠢᠯ ᠤ᠋ᠳ ᠢ᠋ ᠰᠡᠳᠬᠢᠯ ᠨᠢᠭᠡᠳᠦᠨ ᠬᠢᠬᠦ ᠴᠢᠬᠤᠯᠠ ᠲᠠᠢ ᠪᠣᠯᠤᠭᠠᠳ ᠪᠠᠢᠨ᠎ᠠ᠃
      ᠨᠢᠭᠡ᠂ ᠤᠯᠠᠮᠵᠢᠯᠠᠯᠲᠤ ᠮᠣᠩᠭᠣᠯ ᠦᠰᠦᠭ ᠪᠢᠴᠢᠭ ᠢ᠋ᠶ᠋ᠡᠨ ᠬᠡᠷᠡᠭᠯᠡᠨ ᠠᠰᠢᠭᠯᠠᠵᠤ ᠪᠠᠢᠭ᠎ᠠ ᠬᠡᠷᠡᠭᠯᠡᠭᠴᠢ ᠶ᠋ᠢᠨ ᠲᠣᠭ᠎ᠠ ᠶ᠋ᠢ ᠨᠡᠮᠡᠭᠳᠡᠭᠦᠯᠬᠦ᠃ 
ᠺᠣᠮᠫᠢᠦ᠋ᠲ᠋ᠧᠷ᠂ᠭᠠᠷ ᠤᠲᠠᠰᠤᠨ ᠤ᠋ ᠡᠯ᠎ᠡ ᠰᠢᠰᠲ᠋ᠧᠮ (Windows· macOS· Android· iPhone) ᠳ᠋ᠦ᠍ ᠨᠢᠭᠡᠳᠦᠯᠲᠡᠢ ᠲᠢᠭ ᠪᠢᠴᠢᠭᠯᠡᠭᠦᠷ ᠣᠷᠣᠭᠤᠯᠬᠤ ᠪᠠᠷ ᠰᠠᠨᠠᠯ ᠳᠡᠪᠰᠢᠭᠦᠯᠬᠦ ᠳᠤ᠂ ᠬᠡᠷᠡᠭᠯᠡᠭᠴᠢ ᠶᠢᠨ ᠲᠣᠭ᠎ᠠ ᠪᠠ ᠳᠠᠷᠤᠵᠤ ᠣᠷᠤᠭᠰᠠᠨ ᠬᠦᠮᠤᠨ ᠤ ᠲᠣᠭ᠎ᠠ ᠤᠯᠠᠨ᠂ ᠦᠵᠡᠭᠰᠡᠨ ᠴᠠᠭ ᠤᠷᠳᠤ ᠪᠠᠢᠮᠠᠨᠵᠢᠨ ᠰᠠᠶᠢ ᠶᠡᠬᠡ ᠺᠣᠮᠫᠠᠨᠢ ᠬᠦᠨᠳᠦᠳᠬᠡᠵᠦ ᠦᠵᠡᠨ᠎ᠡ᠃ ᠬᠡᠷᠪᠡ ᠪᠦᠬᠦ ᠳᠡᠯᠡᠬᠡᠢ ᠳ᠋ᠦ᠍ ᠮᠢᠩᠭᠠᠨ ᠲᠦᠮᠡᠨ ᠮᠣᠩᠭᠣᠯᠴᠤᠳ ᠪᠠᠢᠭ᠎ᠠ ᠭᠡᠵᠦ ᠪᠣᠳᠣᠪᠠᠯ ᠠᠳᠠᠭ ᠨᠠᠭᠠᠳᠤ ᠵᠠᠬ᠎ᠠ ᠳ᠋ᠤ᠌ ᠪᠠᠨ ᠲᠡᠭᠦᠨ ᠦ᠌ ᠠᠷᠪᠠᠨ ᠤ᠋ ᠨᠢᠭᠡ ᠶ᠋ᠢᠨ ᠵᠠᠭᠤᠨ ᠲᠦᠮᠡᠨ ᠬᠡᠷᠡᠭᠯᠡᠭᠴᠢ ᠪᠠᠢᠬᠤ ᠬᠡᠷᠡᠭᠲᠡᠢ᠃ ᠬᠡᠢᠮᠣᠷᠢ ᠰᠦᠯᠵᠢᠶ᠎ᠡ ᠶ᠋ᠢ ᠬᠡᠷᠡᠭᠯᠡᠵᠦ ᠪᠠᠢᠭ᠎ᠠ ᠮᠣᠩᠭᠣᠯᠴᠤᠳ᠂ ᠣᠳᠣᠬᠠᠨ ᠳ᠋ᠠᠭᠠᠨ ᠵᠢᠷᠠᠨ ᠲᠦᠮᠡᠨ ᠬᠥᠮᠦᠨ (2024/08/09 ᠦ᠌ ᠪᠦᠷᠢᠳᠬᠡᠯ) ᠲᠡᠢ ᠪᠣᠯᠵᠤ ᠳᠥᠩᠭᠡᠵᠦ ᠬᠠᠭᠠᠰ ᠲᠣᠭ᠎ᠠ ᠥᠩᠭᠡᠷᠡᠵᠦ ᠪᠠᠢᠨ᠎ᠠ᠂ ᠪᠠᠰᠠ ᠲᠠᠪᠢ ᠵᠢᠷᠠᠨ ᠲᠦᠮᠡᠨ ᠰᠢᠨ᠎ᠡ ᠬᠡᠷᠡᠭᠯᠡᠭᠴᠢ ᠬᠡᠷᠡᠭᠲᠡᠢ ᠪᠠᠢᠨ᠎ᠠ᠃ ᠲᠣᠰᠣᠯ ᠬᠤᠷᠠᠮᠳᠤᠪᠠᠯ ᠳᠠᠯᠠᠢ ᠪᠣᠯᠣᠨ᠎ᠠ᠂ ᠪᠦᠬᠦ ᠮᠣᠩᠭᠣᠯᠴᠤᠳ ᠮᠢᠨᠢ᠂ ᠬᠡᠢᠮᠣᠷᠢ ᠰᠦᠯᠵᠢᠶ᠎ᠠ ᠪᠠᠨ ᠨᠢᠭᠡ ᠨᠡᠭᠡᠭᠡᠵᠦ ᠨᠢᠭᠡ ᠳᠠᠮᠵᠢᠭᠤᠯᠪᠠᠯ᠂ ᠲᠠ ᠮᠢᠨᠢ ᠮᠤᠩᠭᠤᠯ ᠦᠭᠡ ᠬᠡᠯᠡ ᠦᠰᠦᠭ ᠪᠢᠴᠢᠭ ᠲᠦ ᠪᠠᠨ ᠨᠢᠭᠡ ᠲᠣᠰᠣᠯ ᠤᠰᠦ ᠨᠡᠮᠡᠷᠢᠯᠡᠭᠰᠡᠨ ᠲᠠᠢ ᠳᠡᠩᠴᠡᠨ᠎ᠡ ᠰᠢᠦ ᠳ᠋ᠡ᠃
      ᠬᠣᠶᠠᠷ᠂ ᠡᠯ᠎ᠡ ᠬᠡᠷᠡᠭᠯᠡᠭᠡᠨ ᠦ ᠰᠢᠰᠲ᠋ᠧᠮ ᠳ᠋ᠦ᠍ ᠨᠢᠭᠡᠳᠦᠯᠲᠡᠢ ᠦᠰᠦᠭ ᠦ᠋ᠨ ᠲᠢᠭ ᠢ᠋ ᠣᠷᠣᠭᠤᠯᠬᠤ ᠪᠠᠷ ᠭᠤᠶᠤᠴᠢᠯᠠᠬᠤ᠃ 
ᠤᠯᠠᠮᠵᠢᠯᠠᠯᠲᠤ ᠮᠣᠩᠭᠣᠯ ᠦᠰᠦᠭ ᠢ᠋ᠶ᠋ᠡᠨ ᠦᠨᠡᠨᠬᠦ ᠦᠷ᠎ᠡ ᠬᠣᠢᠴᠢᠰ ᠲᠤ᠌ ᠪᠠᠨ ᠥᠪ ᠬᠥᠷᠥᠩᠭᠡ ᠪᠣᠯᠭᠠᠨ ᠦᠯᠡᠳᠡᠭᠡᠬᠦ ᠭᠡᠪᠡᠯ᠂ ᠶᠦᠨᠢᠺᠤᠲ ᠤ᠋ᠨ ᠮᠠᠳᠠᠭ ᠢ᠋ ᠰᠢᠢᠳᠪᠦᠷᠢᠯᠡᠬᠦ ᠳ᠋ᠦ᠍ ᠬᠦᠴᠢᠷᠲᠡᠢ ᠪᠠᠢᠭ᠎ᠠ ᠪᠣᠳᠠᠲᠤ ᠪᠠᠢᠳᠠᠯ ᠳ᠋ᠤ᠌ ᠴᠢᠭᠯᠡᠭᠦᠯᠦᠨ᠂ ᠡᠯ᠎ᠡ ᠵᠦᠢᠯ ᠦ᠋ᠨ ᠶᠠᠷᠰᠢᠭ ᠲᠦᠪᠡᠭ ᠡᠴᠡ ᠵᠠᠢᠯᠠᠰᠬᠢᠵᠦ᠂ ᠰᠢᠭᠤᠳ ᠺᠣᠮᠫᠢᠦ᠋ᠲ᠋ᠧᠷ᠂ ᠭᠠᠷ ᠤᠲᠠᠰᠤ ᠶᠢ ᠡᠵᠡᠩᠨᠡᠵᠦ ᠪᠠᠢᠭ᠎ᠠ ᠡᠯ᠎ᠡ ᠺᠤᠮᠫᠠᠨᠢ (Microsoft᠂ Google· Apple) ᠳ᠋ᠦ᠍ ᠵᠥᠪ ᠣᠨᠣᠪᠴᠢᠲᠠᠢ ᠢᠯᠡᠷᠡᠵᠦ ᠳᠡᠢᠯᠬᠦ ᠨᠢᠭᠡᠳᠦᠯᠲᠡᠢ ᠮᠣᠩᠭᠣᠯ ᠦᠰᠦᠭ ᠦ᠋ᠨ ᠲᠢᠭ ᠣᠷᠣᠭᠤᠯᠬᠤ ᠨᠢ ᠬᠠᠮᠤᠭ ᠤ᠋ᠨ ᠲᠦᠳᠡ ᠠᠷᠭ᠎ᠠ ᠵᠠᠮ ᠪᠣᠯᠤᠨ᠎ᠠ᠃ ᠲᠡᠭᠡᠪᠡᠯ ᠮᠣᠩᠭᠣᠯ ᠦᠰᠦᠭ ᠮᠢᠨᠢ ᠦᠰᠦᠭ ᠦ᠋ᠨ ᠲᠢᠭ ᠲᠦ᠍ ᠪᠡᠨ ᠨᠢᠭᠡᠳᠴᠦ ᠴᠢᠳᠠᠨ᠎ᠠ᠃ ᠺᠣᠮᠫᠢᠦ᠋ᠲ᠋ᠧᠷ᠂ ᠭᠠᠷ ᠤᠲᠠᠰᠤᠨ ᠤ᠋ ᠡᠯ᠎ᠡ ᠬᠡᠷᠡᠭᠯᠡᠭᠡᠨ ᠦ᠌ ᠰᠢᠰᠲ᠋ᠧᠮ ᠨᠢ ᠬᠠᠷᠢᠯᠴᠠᠨ ᠵᠣᠬᠢᠴᠠᠯᠳᠤᠬᠤ ᠦᠭᠡᠢ ᠂ ᠵᠠᠷᠢᠮ ᠬᠡᠷᠡᠭᠯᠡᠭᠡᠨ ᠦ᠌ ᠪᠠᠭᠠᠵᠢ ᠳ᠋ᠤ᠌ ᠤᠯᠠᠮᠵᠢᠯᠠᠯᠲᠤ ᠮᠣᠩᠭᠣᠯ ᠦᠰᠦᠭ ᠨᠢ ᠵᠥᠪ ᠢᠯᠡᠷᠡᠵᠦ ᠴᠢᠳᠠᠬᠤ ᠦᠭᠡᠢ ᠵᠡᠷᠭᠡ ᠦᠨᠳᠦᠰᠦᠨ ᠠᠰᠠᠭᠤᠳᠠᠯ ᠢ᠋ ᠦᠳᠲᠡᠷ ᠲᠦᠷᠭᠡᠨ ᠰᠢᠢᠳᠪᠦᠷᠢᠯᠡᠬᠦ ᠮᠦᠷᠲᠡᠭᠡᠨ ᠮᠣᠩᠭᠣᠯ ᠦᠰᠦᠭ ᠨᠢ ᠴᠠᠬᠢᠮ ᠳ᠋ᠤ᠌ ᠵᠥᠪ ᠣᠨᠣᠪᠴᠢᠲᠠᠢ ᠢᠯᠡᠷᠡᠬᠦ᠂ ᠡᠯ᠎ᠡ ᠰᠢᠰᠲ᠋ᠧᠮ ᠦ᠋ᠨ ᠬᠣᠭᠣᠷᠣᠨᠳᠣ ᠴᠢᠯᠦᠭᠡᠲᠡᠢ ᠢ᠋ᠶ᠋ᠡᠷ ᠠᠰᠢᠭᠯᠠᠭᠳᠠᠬᠤ ᠠᠩᠬᠠᠨ ᠤ᠋ ᠠᠯᠬᠤᠮ ᠪᠡᠶᠡᠯᠡᠭᠳᠡᠬᠦ ᠪᠣᠯᠤᠨ᠎ᠠ᠃ᠡᠨᠡ ᠵᠣᠷᠢᠯᠭ᠎ᠠ ᠳ᠋ᠤ᠌ ᠬᠦᠷᠬᠦ ᠳ᠋ᠦ᠍ ᠰᠠᠢᠨ ᠳᠤᠷ᠎ᠠ ᠶ᠋ᠢᠨ ᠬᠥᠮᠦᠰ ᠦ᠋ᠨ ᠴᠢᠷᠮᠠᠢᠯᠭ᠎ᠠ ᠪᠠᠷ ᠭᠦᠢᠴᠡᠳᠬᠡᠵᠦ ᠳᠡᠢᠯᠬᠦ ᠠᠵᠢᠯ ᠪᠢᠰᠢ᠂ ᠬᠠᠷᠢᠨ ᠪᠦᠬᠦ ᠮᠣᠩᠭᠣᠯᠴᠤᠳ ᠤ᠋ᠨ ᠬᠠᠮᠲᠤ ᠶ᠋ᠢᠨ ᠴᠢᠷᠮᠠᠢᠯᠭ᠎ᠠ ᠂ IT ᠶ᠋ᠢᠨ ᠮᠡᠷᠭᠡᠵᠢᠯᠲᠡᠳ ᠦ᠋ᠨ ᠬᠠᠮᠲᠤᠷᠠᠯ ᠪᠠ ᠪᠤᠰᠤᠳ ᠬᠦᠴᠦᠨ ᠦ᠌ ᠬᠠᠪᠰᠤᠷᠤᠯᠭ᠎ᠠ ᠴᠢᠬᠤᠯᠠᠲᠠᠢ ᠪᠣᠯᠤᠭᠠᠳ ᠪᠠᠢᠨ᠎ᠠ᠃      ᠳᠠᠶᠠᠭᠠᠷᠴᠢᠯᠠᠯᠲᠠ ᠴᠠᠬᠢᠮᠵᠢᠯᠡᠯᠲᠡ ᠪᠤᠶᠤ ᠪᠤᠰᠤᠳ ᠰᠢᠯᠲᠠᠭᠠᠨ ᠠ᠋ᠴᠠ ᠪᠣᠯᠵᠤ᠂ ᠳᠡᠯᠡᠬᠡᠢ ᠳ᠋ᠦ᠍ ᠤᠰᠠᠳᠬᠤ ᠠᠶᠤᠯ ᠲᠠᠢ ᠬᠡᠯᠡ ᠣᠯᠠᠨ ᠪᠠᠢᠳᠠᠭ᠃ ᠮᠣᠩᠭᠣᠯ ᠦᠭᠡ ᠬᠡᠯᠡ ᠦᠰᠦᠭ ᠪᠢᠴᠢᠭ ᠴᠦ᠍ ᠬᠡᠴᠡᠭᠦᠦ ᠰᠢᠯᠭᠠᠯᠲᠠᠨ ᠳ᠋ᠤ᠌ ᠤᠴᠠᠷᠠᠭᠠᠳ ᠪᠠᠢᠨ᠎ᠠ ᠭᠡᠳᠡᠭ ᠢ᠋ᠶ᠋ᠡᠨ ᠳᠠᠶᠠᠭᠠᠷ ᠮᠣᠩᠭᠣᠯᠴᠤᠳ ᠴᠥᠮ ᠮᠡᠳᠡᠵᠦ ᠪᠠᠢᠭ᠎ᠠ᠃ ᠶᠠᠭᠠᠬᠢᠵᠤ ᠵᠠᠯᠭᠠᠮᠵᠢᠯᠠᠵᠤ ᠤᠯᠠᠮᠵᠢᠯᠠᠬᠤ ᠭᠡᠳᠡᠭ ᠨᠢ ᠡᠨᠡ ᠡᠷᠡᠨ ᠳ᠋ᠦ᠍ ᠢᠷᠡᠭᠰᠡᠨ ᠮᠣᠩᠭᠣᠯᠴᠤᠳ ᠤ᠋ᠨ ᠬᠦᠮᠤᠨ ᠪᠦᠷᠢ ᠶᠢᠨ ᠮᠥᠷᠦᠨ ᠳ᠋ᠦ᠍ ᠲᠠᠯᠪᠢᠭᠳᠠᠭᠰᠠᠨ ᠬᠠᠲᠠᠭᠤ ᠡᠭᠦᠷᠭᠡ ᠪᠣᠯᠤᠭᠠᠳ ᠪᠠᠢᠨ᠎ᠠ᠃ ᠦᠷ᠎ᠡ ᠬᠣᠢᠴᠢᠰ ᠲᠤ᠌ ᠪᠠᠨ ᠦᠰᠦᠭ ᠪᠢᠴᠢᠭ ᠦᠭᠡ ᠬᠡᠯᠡ ᠪᠡᠨ ᠤᠯᠠᠮᠵᠢᠯᠠᠬᠤ ᠡᠭᠦᠷᠭᠡ ᠶ᠋ᠢ ᠠᠮᠢ ᠪᠡᠶ᠎ᠡ  ᠡᠴᠡ ᠢᠯᠡᠭᠦᠦ ᠬᠦᠨᠳᠦᠳᠬᠡᠨ ᠦᠵᠡᠵᠦ᠂ ᠬᠡᠯᠡ ᠰᠤᠶᠤᠯ ᠳᠦ ᠪᠠᠨ ᠥᠷᠢ ᠦᠭᠡᠢ ᠡᠨᠡ ᠨᠠᠰᠤ ᠪᠠᠨ ᠥᠩᠭᠡᠷᠡᠭᠡᠶ᠎ᠡ ᠭᠡᠪᠡᠯ ᠪᠢᠳᠡ ᠡᠷᠬᠡᠪᠰᠢ ᠬᠠᠮᠲᠤᠷᠠᠨ ᠰᠡᠳᠬᠢᠯ ᠨᠢᠭᠡᠳᠦᠨ ᠴᠢᠷᠮᠠᠢᠬᠤ ᠬᠡᠷᠡᠭᠲᠡᠢ ᠪᠠᠢᠨ᠎ᠠ᠃                      
                                                            2024᠂09᠂22  ᠳᠦ᠃